2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠮᠡᠳᠡᠭᠡᠯᠡᠯ

2025-03-10 09:26:54

ᠵᠣᠬᠢᠶᠠᠭ᠍ᠴᠢ᠄ ᠷᠧᠨ ᠴᠢᠨ ᠴᠢᠨ ᠬᠤᠸᠠᠩ ᠶᠤᠸᠠᠢ ᠸᠧᠶ ᠭᠤᠸᠠᠨ ᠢᠦᠶ ᠣᠩᠱᠢᠭ᠍ᠰᠠᠨ ᠣᠳᠠᠭ᠎ᠠ᠄ 3

— ᠪᠦᠬᠦ᠌ ᠤᠯᠤᠰ᠎ᠤᠨ ᠬᠣᠶᠠᠷ ᠬᠤᠷᠠᠯ᠎ᠡᠴᠡ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠎ᠤᠨ ᠦᠢᠯᠡᠳᠦᠯᠭᠡ ᠎ᠶ᠋ᠢ ᠬᠠᠷᠠᠬᠤᠢ

ᠵᠢᠯ᠎ᠳᠦ ᠨᠢᠭᠡ ᠤᠳᠠᠭ᠎ᠠ ᠶᠠᠪᠤᠭ᠍ᠳᠠᠳᠠᠭ ᠪᠦᠬᠦ᠌ ᠤᠯᠤᠰ᠎ᠤᠨ ᠬᠣᠶᠠᠷ ᠬᠤᠷᠠᠯ ᠪᠤᠯ ᠳᠡᠯᠡᠬᠡᠢ ᠳ᠋ᠠᠬᠢᠨ᠎ᠢᠶᠡᠷ᠎ᠢᠶᠡᠨ ᠳᠤᠮᠳᠠᠳᠤ ᠤᠯᠤᠰ᠎ᠤᠨ ᠪᠦᠬᠦ᠌ ᠶᠠᠪᠤᠴᠠ᠎ᠶ᠋ᠢᠨ ᠠᠷᠠᠳ ᠎ᠤᠨ ᠠᠷᠠᠳᠴᠢᠯᠠᠯ ᠎ᠢ ᠠᠵᠢᠭ᠍ᠯᠠᠬᠤ ᠴᠢᠬᠤᠯᠠ ᠴᠤᠩᠬᠤᠪᠴᠢ ᠮᠥᠨ᠃

ᠠᠷᠠᠳ ᠲᠦᠮᠡᠨ ᠎ᠦ ᠰᠡᠳᠬᠢᠯ ᠎ᠤᠨ ᠲᠠᠭᠤᠨ ᠎ᠢ ᠠᠰᠠᠭᠤᠨ ᠴᠡᠭᠡᠵᠢᠯᠡᠵᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ 3000 ᠱᠢᠬᠠᠮ ᠲᠥᠯᠥᠭᠡᠯᠡᠭ᠌ᠴᠢ᠂ ᠪᠦᠬᠦ᠌ ᠤᠯᠤᠰ᠎ᠤᠨ ᠤᠯᠤᠰ ᠲᠦᠷᠦ᠍ ᠎ᠶ᠋ᠢᠨ ᠵᠥᠪᠯᠡᠯᠭᠡᠨ ᠎ᠦ 2000 ᠭᠠᠷᠤᠢ ᠭᠡᠱᠢᠭᠦᠨ ᠪᠡᠭᠡᠵᠢᠩ᠎ᠳᠦ ᠴᠤᠭ᠍ᠯᠠᠷᠠᠨ ᠤᠯᠤᠰ ᠎ᠤᠨ ᠶᠡᠬᠡ ᠪᠤᠳᠤᠯᠭ᠎ᠠ ᠵᠢ ᠬᠠᠮᠲᠤ ᠪᠠᠷ ᠵᠥᠪᠯᠡᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠤᠨ᠎ᠠ᠃

《ᠰᠡᠳᠭᠢᠯ᠎ᠳᠡᠭᠡᠨ ᠰᠢᠩᠬᠡᠬᠡᠨ ᠰᠤᠨᠤᠰᠴᠤ》᠂ 《 ᠴᠠᠭᠠᠰᠤᠨ ᠳᠡᠭᠡᠷ᠎ᠡ ᠪᠢᠴᠢᠵᠤ ᠠᠪᠬᠤ 》 ᠡᠴᠡ ᠠᠪᠤᠭᠠᠳ 《 ᠪᠣᠳᠠᠲᠠᠢ᠎ᠳᠤ ᠨᠠᠢᠳᠠᠪᠤᠷᠢᠵᠢᠭᠤᠯᠬᠤ 》 ᠬᠦᠷᠲᠡᠯ᠎ᠡ᠂ ᠨᠠᠮ᠎ᠤᠨ ᠰᠡᠳᠭᠢᠯ ᠠᠷᠠᠳ᠎ᠤᠨ ᠰᠡᠳᠭᠢᠯ ᠯᠤᠬᠡ ᠬᠤᠯᠪᠤᠯᠳᠤᠵᠤ᠂ ᠠᠷᠠᠳ᠎ᠤᠨ ᠰᠠᠨᠠᠭ᠎ᠠ ᠪᠣᠯᠤᠨ ᠤᠯᠤᠰ᠎ᠤᠨ ᠪᠤᠳᠤᠯᠭ᠎ᠠ᠎ᠨᠠᠪᠳᠡᠷᠡᠯᠴᠡᠨ ᠴᠤᠤᠷᠢᠶᠠᠳᠤᠵᠤ᠂ 14 ᠳ᠋ᠦᠩᠱᠢᠭᠤᠷ ᠭᠠᠷᠤᠢ ᠬᠥᠮᠦᠨ᠎ᠦ ᠤᠶᠤᠨ ᠤᠬᠠᠭᠠᠨ᠎ᠤ ᠬᠠᠮᠲᠤ᠎ᠶ᠋ᠢᠨ ᠲᠠᠨᠢᠯᠲᠠ ᠨᠢ ᠤᠯᠤᠰ᠎ᠤᠨ ᠬᠥᠭ᠌ᠵᠢᠯᠲᠡ ᠲᠠᠪᠱᠢᠯᠳᠠ᠎ᠶ᠋ᠢᠨ ᠬᠥᠳᠡᠯᠭᠡᠬᠦ᠌ ᠬᠦᠴᠤᠨ ᠪᠣᠯᠵᠤ ᠬᠤᠪᠢᠷᠠᠨ᠎ᠠ᠃ ᠰᠢᠮᠡᠯᠢᠭ ᠬᠥᠷᠥᠰᠥᠨ᠎ᠳᠦ ᠦᠨᠳᠦᠰᠦ ᠬᠠᠳᠬᠤᠨ᠂ ᠡᠬᠡᠯᠢᠲᠦ ᠨᠡᠷᠡᠨ᠎ᠤ ᠲᠤᠯᠠᠭᠠᠨ᠎ᠢᠶᠡᠷ ᠲᠦᠮᠡᠨ ᠪᠣᠳᠠᠰ ᠠᠮᠢᠯᠠᠨ ᠲᠥᠯᠵᠢᠭᠰᠡᠨ ᠤᠷᠢᠬᠠᠨ ᠬᠠᠪᠤᠷ ᠪᠦᠬᠦ᠌ ᠶᠠᠪᠤᠴᠠ ᠵᠢᠨ ᠠᠷᠠᠳ᠎ᠤᠨ ᠠᠷᠠᠳᠴᠢᠯᠠᠯ ᠴᠤ᠌ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃

ᠨᠠᠮ ᠎ᠤᠨ ᠵᠣᠷᠢᠯᠲᠠ ᠠᠷᠠᠳ᠎ᠤᠨ ᠰᠡᠳᠭᠢᠯ ᠲᠦᠮᠡᠨ᠎ᠤ ᠪᠤᠳᠤᠯ ᠲᠠᠢ ᠨᠠᠪᠳᠠᠷᠠᠨ ᠬᠣᠯᠪᠣᠯᠳᠤᠨ᠎ᠠ

3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠶᠡᠷᠦᠩᠬᠡᠢ ᠱᠦᠵᠢ ᠰᠢ ᠵᠢᠨ ᠫᠢᠩ ᠠᠷᠠᠳ᠎ᠤᠨ ᠶᠡᠬᠡ ᠬᠤᠷᠠᠯ ᠎ᠤᠨ ᠲᠠᠩᠬᠢᠮ᠎ᠤᠨ ᠵᠡᠭᠦᠨ ᠶᠡᠬᠡ ᠲᠢᠩᠬᠢᠮ ᠎ᠳᠦ ᠬᠦᠷᠴᠦ᠍᠂ ᠲᠡᠭᠦᠨ᠎ᠦ ᠪᠠᠢᠭ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ ᠎ᠤᠨ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠲᠥᠯᠥᠭᠡᠯᠡᠭ᠌ᠴᠢᠳ᠎ᠲᠡᠶ ᠴᠢᠩ ᠰᠡᠳᠬᠢᠯ ᠡᠴᠡ ᠪᠡᠨ ᠶᠠᠷᠢᠯᠴᠠᠨ ᠰᠣᠯᠢᠯᠴᠠᠵᠤ᠂ ᠤᠯᠤᠰ᠎ᠤᠨ ᠶᠡᠬᠡ ᠪᠤᠳᠤᠯᠭ᠎ᠠ ᠵᠢ ᠬᠠᠮᠲᠤ᠎ᠪᠠᠷ ᠵᠥᠪᠯᠡᠪᠡ᠃

ᠯᠢᠶᠠᠨ ᠶᠦᠨ ᠭᠠᠩ ᠬᠤᠳᠠ᠎ᠶ᠋ᠢᠨ ᠬᠠᠢ᠌ᠯᠢᠶᠠᠨ ᠨᠡᠢᠭᠡᠮ ᠲᠣᠭᠣᠷᠢᠭ᠎ᠤᠨ《ᠶᠡᠷᠡᠭᠡᠳ ᠣᠨ᠎ᠡᠴᠡ ᠰᠡᠭᠦᠯᠡᠷ ᠲᠦᠷᠦᠭ᠌ᠰᠡᠨ》 ᠨᠠᠮ ᠎ᠤᠨ ᠬᠤᠷᠢᠶ᠎ᠠ ᠵᠢᠨ ᠱᠦᠵᠢ ᠯᠢ ᠱᠢᠶᠤᠤ ᠨᠠ ᠲᠥᠯᠥᠭᠡᠯᠡᠭ᠌ᠴᠢ ᠶᠡᠷᠦᠩᠬᠡᠢ ᠱᠦᠵᠢ᠎ᠵᠢᠨ ᠵᠢᠰᠢᠬᠥᠤ ᠲᠠᠯ᠎ᠠ ᠎ᠳᠤ ᠰᠠᠭᠤᠪᠠ᠃ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ 12 ᠵᠢᠯ ᠦᠨᠳᠦᠰᠦᠯᠡᠭᠰᠡᠨ ᠡᠨᠡ ᠬᠦ᠌ ᠨᠡᠢᠭᠡᠮ ᠲᠣᠭᠣᠷᠢᠭ᠎ᠤᠨ ᠠᠵᠢᠯᠲᠠᠨ ᠦᠬᠡ ᠬᠡᠯᠡᠬᠦ᠎ᠳᠡᠭᠡᠨ ᠨᠡᠢᠭᠡᠮ ᠲᠣᠭᠣᠷᠢᠭ᠎ᠤᠨ ᠠᠵᠢᠯ᠎ᠤᠨ ᠪᠣᠳᠠᠲᠠᠶ ᠠᠷᠭ᠎ᠠ ᠬᠡᠮᠵᠢᠶ᠎ᠡ᠎ᠶ᠋ᠢ ᠨᠠᠷᠢᠨ ᠲᠠᠨᠢᠯᠴᠠᠭᠤᠯᠪᠠ᠃

《ᠨᠡᠢᠭᠡᠮ ᠲᠣᠭᠣᠷᠢᠭ᠎ᠤᠨ ᠬᠡᠪᠴᠢᠶ᠎ᠡ ᠬᠡᠳᠦᠶ ᠶᠡᠬᠡ ᠪᠣᠶ? ᠬᠢᠷᠢ ᠵᠡᠷᠭᠡ ᠥᠭᠡᠷᠡᠴᠢᠯᠡᠨ ᠰᠢᠨᠡᠳᠭᠡᠭᠰᠡᠨ ᠪᠤᠢ? ᠴᠠᠬᠢᠯᠭᠠᠨ ᠱᠠᠲᠤ ᠵᠢ ᠨᠡᠢᠳᠡᠮ᠎ᠳᠤᠨᠢ ᠨᠡᠮᠡᠵᠦ᠍ ᠤᠭ᠍ᠰᠠᠷᠠᠭᠰᠠᠨ ᠤᠤ ? ᠠᠷᠠᠳ ᠲᠦᠮᠡᠨ᠎ᠤ ᠬᠦᠰᠡᠯ ᠰᠠᠨᠠᠭ᠎ᠠ ᠴᠢᠩᠭ᠎ᠠ ᠪᠠᠢᠨ᠎ᠠ ᠦᠦ?》 ᠬᠡᠵᠤ ᠶᠡᠷᠦᠩᠬᠡᠢ ᠱᠦᠵᠢ ᠨᠡᠢᠭᠡᠮ ᠲᠣᠭᠣᠷᠢᠭ᠎ᠤᠨ ᠶᠠᠪᠤᠳᠠᠯ᠎ᠤᠨ ᠲᠤᠬᠠᠢ ᠮᠠᠰᠢ ᠨᠠᠷᠢᠨ ᠠᠰᠠᠭᠤᠪᠠ᠃

ᠵᠠᠰᠠᠭ᠎ᠤᠨ ᠲᠠᠭᠤᠨ ᠪᠤᠯᠤᠨ ᠠᠷᠠᠳ᠎ᠤᠨ ᠰᠠᠨᠠᠭ᠎ᠠ ᠠᠷᠠᠳᠴᠢᠯᠠᠯ᠎ᠢ ᠶᠠᠪᠤᠭᠤᠯᠬᠤ ᠲᠠᠩᠬᠢᠮ᠎ᠳᠤ ᠠᠯᠬᠤᠭ᠎ᠠ ᠨᠢᠬᠡᠳᠴᠤ᠂ 《 ᠤᠯᠤᠰ᠎ᠤᠨ ᠶᠡᠬᠡ ᠶᠠᠪᠤᠳᠠᠯ 》 ᠪᠣᠯᠤᠨ 《ᠠᠷᠠᠳ᠎ᠤᠨ ᠠᠩᠬᠠᠷᠤᠨ ᠬᠠᠯᠠᠮᠵᠢᠯᠠᠵᠤ ᠪᠠᠢᠭ᠎ᠠ ᠶᠠᠪᠤᠳᠠᠯ 》 ᠠᠢᠵᠠᠮ ᠨᠢᠬᠡᠲᠤᠨ᠎ᠠ᠃

ᠱᠢᠨ᠎ᠡ ᠴᠠᠭ ᠦᠶ᠎ᠡ ᠵᠢᠨ ᠲᠠᠷᠢᠶᠠᠴᠢᠨ᠂ ᠴᠠᠬᠢᠯᠭᠠᠨ ᠭᠠᠩᠨᠠᠭᠤᠷᠴᠢᠨ᠂ ᠪᠠᠭ᠎ᠠ ᠰᠤᠷᠭᠠᠭᠤᠯᠢ᠎ᠶ᠋ᠢᠨ ᠵᠠᠬᠢᠷᠤᠯ᠂ ᠨᠡᠢᠭᠡᠮ ᠲᠣᠭᠣᠷᠢᠭ᠎ᠤᠨ ᠱᠦᠵᠢ ᠁ 2023 ᠣᠨ᠎ᠡᠴᠡ ᠡᠬᠢᠯᠡᠨ᠂ ᠶᠡᠷᠦᠩᠬᠡᠢ ᠱᠦᠵᠢ ᠰᠢ ᠵᠢᠨ ᠫᠢᠩ ᠭᠤᠷᠪᠠ ᠤᠳᠠᠭ᠎ᠠ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ ᠬᠦᠷᠴᠦ᠍᠂ ᠦᠨᠳᠦᠰᠦᠨ ᠱᠠᠲᠤᠨ᠎ᠡᠴᠡ ᠬᠦᠷᠦᠯᠴᠡᠨ ᠢᠷᠡᠭ᠌ᠰᠡᠨ ᠲᠥᠯᠥᠭᠡᠯᠡᠭ᠌ᠴᠢᠳ᠎ᠲᠡᠶ ᠨᠢᠭᠤᠷᠳᠠᠨ ᠶᠠᠷᠢᠯᠴᠠᠵᠤ᠂ ᠰᠡᠳᠭᠢᠯ᠎ᠦᠨ ᠦᠭᠡ ᠎ᠪᠡᠨ ᠰᠤᠯᠢᠯᠴᠠᠨ᠂ ᠬᠠᠮᠤᠭ᠎ᠤᠨ ᠡᠮᠦᠨ᠎ᠡ ᠹᠷᠣᠨᠲ᠎ᠤᠨ ᠳᠠᠭᠤᠨ ᠎ᠢ ᠰᠣᠨᠣᠰᠴᠤ᠌᠂ ᠬᠠᠮᠤᠭ᠎ᠤᠨ ᠰᠢᠨ᠎ᠡ ᠪᠠᠢᠳᠠᠯ᠎ᠡᠴᠡ ᠣᠢᠯᠠᠭᠠᠪᠠ᠃

6 ᠤ᠋ ᠦᠳᠡ᠎ᠶ᠋ᠢᠨ ᠬᠣᠢᠨ᠎ᠠ᠂ ᠶᠡᠷᠦᠩᠬᠡᠢ ᠱᠦᠵᠢ ᠰᠢ ᠵᠢᠨ ᠫᠢᠩ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠪᠥᠬᠥ ᠤᠯᠤᠰ ᠎ᠤᠨ ᠠᠷᠠᠳᠴᠢᠯᠠᠭ᠍ᠰᠠᠨ ᠬᠣᠯᠪᠣᠭ᠎ᠠ᠂ ᠠᠷᠠᠳᠴᠢᠯᠠᠯ᠎ᠢᠶᠠᠷ ᠠᠬᠢᠭᠤᠯᠬᠤ ᠬᠤᠷᠠᠯ᠂ ᠰᠤᠷᠭᠠᠨ ᠬᠥᠮᠦᠵᠢᠯ᠎ᠦᠨ ᠡᠲᠡᠭᠡᠳ᠎ᠦᠨ ᠭᠡᠱᠢᠭᠦᠳ᠎ᠢ ᠳᠣᠲᠣᠨᠣ᠎ᠪᠠᠷ ᠡᠷᠬᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠵᠤ᠂ ᠰᠠᠨᠠᠯ ᠰᠠᠨᠠᠭᠤᠯᠭ᠎ᠠ᠎ᠶ᠋ᠢ ᠨᠢ ᠰᠣᠨᠣᠰᠴᠠᠢ᠃

ᠳᠤᠭᠤᠢᠯᠠᠩ ᠬᠠᠮᠲᠤᠷᠠᠭ᠍ᠰᠠᠨ ᠬᠤᠷᠠᠯ ᠳᠡᠭᠡᠷ᠎ᠡ᠂ ᠪᠠᠷᠠᠭᠤᠨ ᠬᠣᠢᠲᠤ᠎ᠶ᠋ᠢᠨ ᠶᠡᠬᠡ ᠰᠤᠷᠭᠠᠭᠤᠯᠢ᠎ᠶ᠋ᠢᠨ ᠠᠮᠢ ᠵᠢᠨ ᠱᠢᠨᠵᠢᠯᠡᠬᠦ᠌ ᠤᠬᠠᠭᠠᠨ ᠪᠣᠯᠤᠨ ᠠᠨᠠᠭᠠᠬᠤ ᠤᠬᠠᠭᠠᠨ᠎ᠤ ᠬᠡᠯᠲᠡᠰ᠎ᠦᠨ ᠫᠷᠤᠹᠸᠰᠰᠤᠷ ᠼᠦᠢ ᠶᠠ ᠯᠢ ᠭᠡᠱᠢᠭᠦᠨ ᠳᠡᠭᠡᠳᠦ ᠵᠡᠷᠭᠡ᠎ᠶ᠋ᠢᠨ ᠰᠤᠷᠭᠠᠭᠤᠯᠢ᠎ᠶ᠋ᠢᠨ ᠱᠢᠨ᠎ᠡ ᠠᠨᠠᠭᠠᠬᠤ ᠤᠬᠠᠭᠠᠨ᠎ᠤ ᠪᠦᠳᠦᠭᠡᠨ ᠪᠠᠢᠭᠤᠯᠤᠯᠲᠠ᠎ᠶ᠋ᠢᠨ ᠲᠣᠭᠣᠷᠢᠨ᠎ᠳᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠪᠠ᠃

ᠶᠡᠷᠦᠩᠬᠡᠢ ᠱᠦᠵᠢ ᠰᠢ ᠵᠢᠨ ᠫᠢᠩ᠄《ᠰᠢᠨ᠎ᠡ ᠴᠠᠭ ᠦᠶ᠎ᠡ ᠰᠢᠨ᠎ᠡ ᠠᠶᠠᠨ᠎ᠳᠤ᠂ ᠡᠷᠬᠡᠪᠰᠢ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶᠢᠨ ᠶᠠᠪᠤᠴᠠ ᠳ᠋ᠡᠬᠢ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ᠎ᠤ ᠬᠡᠷᠡᠭᠴᠡᠭᠡ᠎ᠶᠢ ᠭᠦᠨᠵᠡᠭᠡᠢ ᠡᠵᠡᠮᠳᠡᠵᠦ᠂ ᠰᠤᠷᠭᠠᠨ ᠬᠥᠮᠦᠵᠢᠯ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠴᠢᠳᠠᠪᠤᠷᠢᠲᠠᠨ᠎ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ᠎ᠢ ᠴᠢᠩᠭᠠᠳᠬᠠᠵᠤ᠂ ᠴᠢᠳᠠᠪᠤᠷᠢᠲᠠᠨ ᠴᠣᠯᠭᠣᠷᠠᠨ ᠭᠠᠷᠬᠤ᠂ ᠬᠥᠮᠥᠨ ᠪᠦᠬᠦᠨ᠎ᠦ ᠴᠢᠳᠠᠪᠤᠷᠢ᠎ᠶᠢ ᠭᠦᠢᠴᠡᠳ ᠪᠠᠳᠠᠷᠠᠭᠤᠯᠬᠤ᠂ ᠴᠢᠳᠠᠪᠤᠷᠢᠲᠠᠨ ᠪᠦᠬᠦᠨ᠎ᠦ ᠦᠢᠯᠡᠳᠦᠯ᠎ᠢ ᠭᠦᠢᠴᠡᠳ ᠪᠠᠳᠠᠷᠠᠭᠤᠯᠬᠤ ᠠᠮᠢᠳᠤᠯᠢᠭ᠋ ᠪᠠᠢᠳᠠᠯ᠎ᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ 》 ᠭᠡᠵᠦ ᠴᠢᠬᠤᠯᠠᠴᠢᠯᠠᠪᠠ᠃

3 ᠰᠠᠷ᠎ᠠ᠎ᠶᠢᠨ 7 ᠤ᠋ ᠦᠳᠡ᠎ᠶᠢᠨ ᠬᠣᠢᠨ᠎ᠠ᠂ ᠶᠡᠷᠦᠩᠬᠡᠢ ᠱᠦᠵᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠪᠦᠬᠦᠳᠡ ᠬᠤᠷᠠᠯ᠎ᠳᠤ ᠣᠷᠣᠯᠴᠠᠵᠤ᠂ ᠲᠥᠯᠥᠭᠡᠯᠡᠭᠴᠢᠳ᠎ᠦᠨ ᠶᠠᠷᠢᠬᠤ᠎ᠶᠢ ᠨᠠᠷᠢᠨ ᠬᠢᠨᠠᠮᠠᠭᠠᠢ ᠰᠣᠨᠣᠰᠤᠭᠰᠠᠨ᠎ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃

ᠵᠥᠪᠳᠡᠯᠴᠡᠵᠦ ᠪᠠᠢᠭᠠᠳ ᠠᠳᠠᠯᠢ ᠲᠠᠯ᠎ᠠ᠎ᠪᠠᠨ ᠡᠷᠢᠵᠦ᠂ ᠬᠠᠮᠵᠢᠯᠴᠠᠵᠤ ᠪᠠᠢᠭᠠᠳ ᠤᠴᠢᠷ ᠶᠠᠪᠤᠳᠠᠯ᠎ᠢ ᠪᠦᠲᠦᠭᠡᠵᠦ᠂ ᠦᠨᠡᠨᠴᠢ᠎ᠪᠡᠷ ᠬᠠᠷᠢᠯᠴᠠᠵᠤ᠂ ᠥᠷᠭᠡᠨ᠎ᠢᠶᠡᠷ ᠬᠦᠯᠢᠶᠡᠨ ᠠᠪᠴᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠬᠠᠮᠤᠭ᠎ᠤᠨ ᠶᠡᠬᠡ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠬᠤᠷᠠᠮᠳᠤᠭᠤᠯᠤᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ᠂ ᠤᠷᠢᠳ ᠬᠣᠵᠢᠳ 60 ᠭᠠᠷᠤᠢ ᠤᠳᠠᠭ᠎ᠠ ᠪᠦᠯᠬᠦᠮ ᠳᠤᠭᠤᠢᠯᠠᠩ ᠎ᠤᠨ ᠬᠢᠨᠠᠨ ᠵᠥᠪᠯᠡᠬᠦ ᠶᠠᠷᠢᠯᠴᠠᠬᠤ᠎ᠳᠦ ᠣᠷᠣᠯᠴᠠᠵᠤ᠂ ᠬᠡᠳᠦᠨ ᠵᠠᠭᠤᠨ ᠲᠥᠯᠥᠭᠡᠯᠡᠭᠴᠢ ᠭᠡᠰᠢᠭᠦᠨ ᠎ᠦ ᠶᠠᠷᠢᠬᠤ᠎ᠶᠢ ᠪᠡᠶ᠎ᠠ ᠪᠡᠷ ᠵᠢᠨᠨ ᠰᠣᠨᠣᠰᠴᠤ᠂ ᠪᠦᠬᠦ ᠶᠠᠪᠤᠴᠠ ᠎ᠶᠢᠨ ᠠᠷᠠᠳ ᠎ᠤᠨ ᠠᠷᠠᠳᠴᠢᠯᠠᠯ᠎ᠢ ᠪᠠᠶ᠎ᠠ ᠪᠡᠷ᠎ᠢᠶᠡᠨ ᠲᠦᠷᠦᠭᠦᠯᠡᠨ ᠦᠢᠯᠡᠳᠦᠯᠭᠡᠵᠢᠭᠦᠯᠪᠡ᠃

ᠨᠠᠮ ᠪᠠ ᠲᠥᠷᠥ᠎ᠶᠢᠨ ᠤᠳᠤᠷᠢᠳᠬᠤ ᠬᠥᠮᠥᠰ᠂ ᠲᠥᠯᠥᠭᠡᠯᠡᠭᠴᠢ ᠭᠡᠰᠢᠭᠦᠳ ᠨᠢᠭᠡ ᠲᠠᠩᠬᠢᠮ᠎ᠳᠤ ᠴᠤᠭᠯᠠᠷᠠᠵᠤ᠂ ᠴᠢᠬᠤᠯᠠ ᠶᠡᠬᠡ ᠠᠰᠠᠭᠤᠳᠠᠯ᠎ᠤᠨ ᠲᠣᠭᠣᠷᠢᠨ᠎ᠳᠤ ᠰᠡᠳᠬᠢᠴᠠ ᠵᠢ ᠬᠠᠮᠲᠤ᠎ᠪᠠᠷ ᠰᠦᠪᠡᠭᠴᠢᠯᠡᠵᠦ᠂ ᠠᠷᠭᠠᠴᠡᠭᠠᠬᠤ ᠪᠣᠳᠣᠯᠭ᠎ᠠ᠎ᠶᠢ ᠬᠠᠮᠲᠤ᠎ᠪᠠᠷ ᠵᠥᠪᠳᠡᠯᠴᠡᠨ᠎ᠠ᠂ ᠪᠥᠬᠥ ᠤᠯᠤᠰ᠎ᠤᠨ ᠬᠣᠶᠠᠷ ᠬᠤᠷᠠᠯ ᠪᠣᠯ ᠲᠦᠮᠡᠨ᠎ᠤ ᠰᠠᠨᠠᠯ᠎ᠢ ᠬᠤᠷᠢᠶᠠᠵᠤ ᠣᠯᠠᠨ᠎ᠤ ᠤᠬᠠᠭᠠᠨ᠎ᠢ ᠲᠥᠪᠯᠡᠷᠡᠭᠦᠯᠬᠦ᠂ ᠣᠯᠠᠨ᠎ᠤ ᠤᠬᠠᠭᠠᠨ ᠬᠠᠮᠲᠤ᠎ᠶᠢᠨ ᠬᠦᠴᠦᠨ᠎ᠢ ᠨᠢᠭᠲᠠᠷᠠᠭᠤᠯᠬᠤ ᠴᠢᠬᠤᠯᠠ ᠲᠠᠪᠴᠠᠩ ᠪᠤᠯᠤᠨ᠎ᠠ᠃

ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠨᠠᠮ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠥᠭᠵᠢᠭᠦᠯᠵᠦ᠂ ᠠᠷᠠᠳ ᠲᠦᠮᠡᠨ᠎ᠦ ᠬᠠᠤᠯᠢ ᠶᠣᠰᠣᠭᠠᠷ ᠡᠯ᠎ᠡ ᠵᠦᠢᠯ᠎ᠦᠨ ᠠᠷᠭ᠎ᠠ ᠵᠠᠮ ᠪᠠ ᠬᠡᠯᠪᠡᠷᠢ᠎ᠪᠡᠷ ᠳᠠᠮᠵᠢᠨ ᠲᠦᠷᠦ᠎ᠶᠢᠨ ᠬᠡᠷᠡᠭ ᠶᠠᠪᠤᠳᠠᠯ᠎ᠢ ᠬᠠᠮᠢᠶᠠᠷᠬᠤ᠂ ᠠᠵᠤ ᠠᠬᠤᠢ ᠪᠠ ᠰᠣᠶᠣᠯ᠎ᠤᠨ ᠦᠢᠯᠡᠰ᠎ᠢ ᠬᠠᠮᠢᠶᠠᠷᠬᠤ᠂ ᠨᠡᠢᠭᠡᠮ ᠎ᠦᠨ ᠬᠡᠷᠡᠭ ᠶᠠᠪᠤᠳᠠᠯ᠎ᠢ ᠬᠠᠮᠢᠶᠠᠷᠬᠤ᠎ᠶᠢ ᠦᠨᠡᠨ ᠬᠦ᠌ ᠪᠠᠲᠤᠯᠠᠵᠤ᠂ ᠡᠵᠡᠨ ᠬᠥᠮᠥᠨ᠎ᠦ ᠵᠣᠷᠢᠭ᠋ ᠰᠠᠨᠠᠭ᠎ᠠ᠎ᠪᠠᠷ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ᠎ᠪᠡᠷ ᠣᠳᠣᠬᠢᠴᠢᠯᠠᠯᠲᠠ᠎ᠵᠢᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ᠎ᠶᠢ ᠦᠨᠡᠨ ᠬᠦ᠌ ᠪᠠᠲᠤᠯᠠᠪᠠ 》 ᠭᠡᠵᠦ ᠴᠢᠬᠤᠯᠠᠴᠢᠯᠠᠪᠠ᠃

ᠠᠷᠠᠳᠴᠢᠯᠠᠯ᠎ᠢᠶᠠᠷ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠬᠠᠮᠲᠤ᠎ᠶᠢᠨ ᠲᠠᠨᠢᠯᠲᠠ᠎ᠪᠠᠷ ᠪᠦᠯᠬᠦᠮᠳᠡᠯ᠎ᠢ ᠪᠠᠲᠤᠳᠬᠠᠨ᠎ᠠ᠃ ᠨᠠᠮ᠎ᠤᠨ ᠵᠣᠷᠢᠯᠲᠠ᠂ ᠤᠯᠤᠰ᠎ᠤᠨ ᠵᠣᠷᠢᠭ᠋ ᠰᠠᠨᠠᠭ᠎ᠠ᠂ ᠠᠷᠠᠳ ᠲᠦᠮᠡᠨ᠎ᠦ ᠬᠦᠰᠡᠯ ᠰᠠᠨᠠᠭ᠎ᠠ ᠨᠢᠭ᠍ᠲᠠ ᠠᠭᠤᠰᠤᠯᠴᠠᠵᠤ᠂ ᠢᠲᠡᠭᠡᠯ ᠵᠣᠷᠢᠭ᠋ ᠪᠠ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃

ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠣᠶᠤᠨ ᠤᠬᠠᠭᠠᠨ ᠬᠦᠴᠦᠨ ᠴᠢᠳᠠᠯ᠎ᠢ ᠨᠢᠬᠳᠠᠷᠠᠭᠤᠯᠤᠨ᠎ᠠ

ᠨᠢᠳᠤᠨᠤᠨ᠎ᠤ ᠪᠦᠬᠦ ᠤᠯᠤᠰ᠎ᠤᠨ ᠬᠣᠶᠠᠷ ᠬᠤᠷᠠᠯ᠎ᠳᠤ᠂ ᠰᠸᠴᠤᠸᠠᠨ᠎ᠤ ᠳᠠ ᠯᠢᠶᠠᠩ ᠱᠠᠨ ᠠᠭᠤᠯᠠᠨ᠎ᠤ ᠥᠷᠥᠴᠡᠨ ᠳ᠋ᠤ ᠪᠠᠢᠷᠢᠯᠠᠭ᠎ᠠ ᠪᠦᠲ᠋ᠦ᠋ᠸᠸ ᠰᠢᠶᠠᠨ᠎ᠤ ᠯᠠᠭᠦ᠋ᠸᠸ ᠰᠢᠶᠠᠩ᠎ᠤᠨ ᠠᠪᠤᠯᠦ᠋ᠸᠸᠬ᠎ᠠ ᠲᠣᠰᠬᠣᠨ᠎ᠤ ᠨᠠᠮ᠎ᠤᠨ ᠡᠭᠦᠷ᠎ᠦᠨ ᠱᠦᠵᠢ ᠵᠢᠢ ᠯᠢᠶᠸ ᠽᠢ ᠿᠢ ᠲᠥᠯᠥᠭᠡᠯᠡᠭᠴᠢ ᠤᠯᠤᠰ᠎ᠡᠴᠡ ᠬᠣᠯᠪᠣᠭᠳᠠᠯ ᠪᠦᠬᠦᠢ ᠲᠦᠷᠦ᠎ᠶᠢᠨ ᠪᠣᠳᠣᠯᠭ᠎ᠠ ᠲᠣᠭᠲᠠᠭᠠᠵᠤ᠂ ᠵᠠᠯᠠᠭᠤᠴᠤᠳ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠣᠷᠣᠯᠴᠠᠬᠤ᠎ᠶᠢ ᠬᠥᠲᠥᠯᠥᠨ ᠵᠢᠯᠣᠭᠣᠳᠪᠠᠯ ᠵᠤᠬᠢᠨ᠎ᠠ ᠭᠡᠬᠦ ᠰᠠᠨᠠᠭᠤᠯᠭ᠎ᠠ ᠲᠤᠷᠠᠳᠪᠠ᠃ ᠡᠨᠡ ᠵᠢᠯ᠎ᠦᠨ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ᠎ᠳᠤ ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠥᠮᠥᠵᠢᠭᠦᠯᠬᠦ ᠪᠠ ᠬᠥᠭᠵᠢᠭᠦᠯᠬᠦ ᠲᠣᠭᠲᠡᠴᠡ᠎ᠶᠢ ᠲᠡᠭᠦᠯᠳᠡᠷᠵᠢᠭᠦᠯᠬᠦ ᠲᠤᠬᠠᠢ ᠪᠠᠢᠷᠢᠯᠠᠭᠤᠯᠪᠠ᠃ 《ᠲᠥᠷᠥ ᠵᠢᠨ ᠪᠣᠳᠣᠯᠭ᠎ᠠ᠎ᠶᠢᠨ ᠠᠷᠤ᠎ᠳᠤ ᠪᠢᠳᠠᠨ᠎ᠤ ᠦᠭᠡᠳᠡᠯᠡᠨ ᠳᠠᠪᠰᠢᠭ᠎ᠠ ᠠᠮᠢᠳᠤᠷᠠᠯ ᠦᠢᠯᠡᠰ᠎ᠤᠨ ᠢᠷᠡᠬᠡᠳᠦᠢ ᠬᠠᠷᠠᠬᠳᠠᠨ᠎ᠠ》᠃ ᠲᠡᠷᠡ᠄《ᠬᠡᠳᠦᠢᠪᠡᠷ ᠪᠡᠭᠡᠵᠢᠩ᠎ᠡᠴᠡ 2300 ᠭᠠᠷᠤᠢ ᠺᠢᠯᠤᠮᠸᠲᠷ ᠵᠠᠢᠲᠠᠢ ᠪᠠᠢᠪᠠᠴᠤ᠂ ᠲᠣᠰᠬᠣᠨ᠎ᠤ ᠠᠷᠠᠳ᠎ᠤᠨ ᠲᠠᠭᠤᠨ ᠮᠦᠨ ᠠᠳᠠᠯᠢ ᠪᠡᠷ ᠬᠠᠷᠢᠭᠤ ᠲᠤᠰᠬᠠᠯ ᠣᠯᠵᠤ ᠳᠡᠢᠯᠦᠨ᠎ᠡ》 ᠭᠡᠵᠦ ᠪᠠᠶᠠᠷᠯᠠᠨ ᠬᠡᠯᠡᠪᠡ᠃

ᠡᠨᠡ ᠵᠢᠯ᠎ᠦᠨ ᠪᠥᠬᠥ ᠤᠯᠤᠰ ᠎ᠤᠨ ᠬᠣᠶᠠᠷ ᠬᠤᠷᠠᠯ ᠳ᠋ᠤ᠂ ᠵᠢᠢ ᠯᠢᠶᠸ ᠽᠢ ᠿᠢ ᠲᠥᠯᠥᠭᠡᠯᠡᠭᠴᠢ ᠦᠨᠳᠦᠰᠦᠲᠡᠨ᠎ᠦ ᠭᠠᠵᠠᠷ ᠣᠷᠣᠨ᠎ᠤ ᠣᠨᠴᠠᠯᠢᠭ᠍ᠲᠤ ᠠᠵᠤ ᠦᠢᠯᠡᠰ᠎ᠢ ᠳᠡᠮᠵᠢᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠬᠤ ᠲᠤᠬᠠᠢ ᠰᠠᠨᠠᠭᠤᠯᠭ᠎ᠠ ᠳᠤᠷᠠᠳᠤᠭᠠᠳ ᠴᠥᠭᠡᠨ ᠪᠤᠰᠤ ᠲᠥᠯᠥᠭᠡᠯᠡᠭᠴᠢᠳ᠎ᠦᠨ ᠬᠦᠷᠢᠶᠡᠯᠡᠯ᠎ᠢ ᠣᠯᠣᠭᠰᠠᠨ ᠪᠠᠢᠨ᠎ᠠ᠃

《ᠬᠤᠷᠠᠯ᠎ᠤᠨ ᠳᠠᠷᠠᠭ᠎ᠠ ᠵᠠᠷᠢᠮ ᠠᠵᠤ ᠠᠬᠤᠢᠯᠠᠯ ᠮᠠᠠ᠎ᠤ ᠲᠣᠰᠬᠣᠨ᠎ᠳᠤ ᠢᠷᠡᠵᠦ ᠪᠠᠢᠴᠠᠭᠠᠨ ᠰᠤᠳᠤᠯᠤᠯᠲᠠ ᠬᠢᠬᠦ ᠪᠣᠯᠣᠨ᠎ᠠ》᠃ ᠣᠷᠣᠢ ᠨᠢ ᠲᠡᠷᠡ ᠸᠢᠳᠢᠤ᠋᠎ᠪᠠᠷ ᠨᠤᠲᠤᠭ᠎ᠤᠨ ᠠᠬ᠎ᠠ ᠳᠡᠭᠦᠦ ᠨᠠᠷ᠎ᠲᠠᠢ᠎ᠪᠡᠨ ᠦᠪᠡᠷ᠎ᠤᠨ ᠪᠠᠶᠠᠷ ᠪᠠᠬᠠᠳᠤᠯ᠎ᠢᠶᠡᠨ ᠬᠤᠪᠢᠶᠠᠯᠴᠠᠵᠤ ᠪᠠᠢᠯ᠎ᠠ᠃ ᠤᠲᠠᠰᠤᠨ᠎ᠤ ᠴᠠᠭᠠᠨ᠎ᠠ ᠪᠠᠶᠠᠷᠯᠠᠨ ᠬᠠᠰᠬᠢᠷᠤᠯᠳᠤᠬᠤ ᠳᠠᠭᠤᠨ ᠰᠤᠨᠤᠰᠳᠠᠨ᠎ᠠ᠃

ᠳᠤᠮᠳᠠᠳᠤ ᠤᠯᠤᠰ᠎ᠤᠨ ᠠᠷᠠᠳᠴᠢᠯᠠᠯ᠂ ᠠᠷᠠᠳ ᠤᠯᠠᠨ᠎ᠤ ᠠᠮᠢᠳᠤᠷᠠᠯ ᠲᠤᠮᠳᠠ ᠦᠨᠳᠦᠰᠦᠯᠡᠨ᠎ᠡ; ᠠᠷᠠᠳ ᠲᠦᠮᠡᠨ᠎ᠦ ᠲᠥᠯᠥᠭᠡ ᠯᠤᠬᠰᠢᠨ ᠴᠣᠬᠢᠯᠠᠨ᠎ᠠ᠃

ᠠᠷᠪᠠᠨ ᠳᠥᠷᠪᠡᠳᠦᠭᠡᠷ ᠬᠤᠭᠤᠴᠠᠭᠠᠨ ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢᠳ᠎ᠦᠨ ᠳᠣᠲᠣᠷ᠎ᠠ᠂ ᠡᠮᠦᠨ᠎ᠡ ᠹᠷᠣᠨᠲ᠎ᠤᠨ ᠠᠵᠢᠯᠴᠢᠨ᠂ ᠲᠠᠷᠢᠶᠠᠴᠢᠨ ᠪᠠ ᠲᠤᠰᠬᠠᠢ ᠮᠡᠷᠭᠡᠵᠢᠯ᠎ᠦᠨ ᠠᠵᠢᠯᠲᠠᠨ᠎ᠤ ᠲᠥᠯᠥᠭᠡᠯᠡᠭᠴᠢ ᠨᠡᠶ᠋ᠢᠲᠡ ᠠᠷᠪᠠᠨ᠎ᠤ ᠳᠥᠷᠪᠡᠨ ᠬᠤᠪᠢ᠎ᠶᠢ ᠡᠵᠡᠯᠡᠵᠦ᠂ ᠲᠥᠷᠥ᠎ᠶᠢᠨ ᠳᠡᠭᠡᠳᠦ ᠡᠷᠬᠡᠲᠦ ᠪᠠᠢᠭᠤᠯᠭ᠎ᠠ ᠨᠠᠩ ᠣᠯᠠᠨ ᠦᠨᠳᠦᠰᠦᠨ ᠱᠠᠲᠤᠨ᠎ᠤ ᠲᠠᠭᠤᠨ᠎ᠢ ᠬᠦᠯᠢᠶᠡᠨ ᠠᠪᠴᠤ ᠰᠤᠨᠤᠰᠤᠨ᠎ᠠ᠃

ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠪᠠᠢᠭ᠎ᠠ ᠨᠥᠬᠥᠳ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯᠬᠤ ᠪᠣᠯ ᠮᠠᠨ᠎ᠤ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠤᠯᠤᠰ ᠲᠦᠷᠦ᠎ᠶᠢᠨ ᠳᠠᠪᠠᠭᠤᠯᠢᠭ᠋ ᠮᠥᠨ᠃

ᠬᠠᠷᠠᠬᠠᠨ ᠪᠠᠭ᠎ᠠ᠎ᠡᠴᠡ ᠨᠢ ᠠᠪᠤ ᠡᠵᠢ ᠨᠢ ᠭᠠᠳᠠᠨ᠎ᠠ ᠤᠷᠤᠨ ᠳ᠋ᠤ ᠶᠠᠪᠤᠵᠤ ᠬᠥᠯᠥᠰᠦᠨ ᠠᠵᠢᠯ ᠬᠢᠳᠡᠭ ᠪᠠᠢᠭᠰᠠᠨ᠂ ᠣᠳᠣ᠌ ᠬᠣᠶᠠᠷ ᠥᠬᠢᠨ ᠨᠢ ᠴᠦ᠍ ᠭᠡᠷ᠎ᠲᠡᠬᠡᠨ ᠬᠣᠴᠣᠷᠤᠭᠰᠠᠨ ᠬᠡᠦᠬᠡᠳ ᠪᠣᠯᠪᠠ᠂ ᠳᠤᠮᠳᠠᠳᠤ ᠤᠯᠤᠰ᠎ᠤᠨ ᠪᠠᠷᠢᠯᠭ᠎ᠠ ᠵᠢᠨ ᠪᠦᠯᠦᠭᠯᠡᠯ ᠬᠢᠵᠠᠭᠠᠷᠲᠦ ᠺᠤᠮᠫᠠᠨᠢ ᠵᠢᠨ ᠲᠠᠪᠤᠳᠤᠭᠠᠷ ᠲᠣᠪᠴᠢᠶ᠎ᠡ ᠵᠢᠨ ᠶᠡᠷᠦᠩᠬᠡᠢ ᠳᠠᠭᠠᠭᠠᠴᠢᠯᠠᠯᠲᠠ᠎ᠶᠢᠨ ᠺᠣᠮᠫᠠᠨᠢ ᠎ᠶᠢᠨ ᠲᠥᠷᠥᠯ ᠵᠦᠢᠯ᠎ᠦᠨ ᠶᠠᠰᠤ ᠴᠢᠨᠠᠷ᠎ᠤᠨ ᠶᠡᠷᠦᠩᠬᠡᠢ ᠬᠢᠨᠠᠭ᠍ᠴᠢ ᠽᠧᠦ ᠪᠢᠨ ᠲᠦᠯᠦᠬᠡᠯᠡᠭᠴᠢ ᠨᠢᠳᠤᠨᠤᠨ ᠬᠥᠯᠥᠰᠦᠨ ᠠᠵᠢᠯᠴᠢᠨ᠎ᠤ ᠨᠠᠰᠤᠨ᠎ᠳᠤ ᠬᠦᠷᠦᠭᠡᠳᠦᠶ ᠦᠷ᠎ᠡ ᠬᠡᠦᠬᠡᠳ᠎ᠢ ᠠᠩᠬᠠᠷᠤᠨ ᠬᠠᠯᠠᠮᠵᠢᠯᠠᠬᠤ ᠪᠠ ᠦᠢᠯᠡᠴᠢᠯᠡᠭᠡ ᠪᠠᠲᠤᠯᠠᠭ᠎ᠠ᠎ᠶᠢ ᠴᠢᠩᠭᠠᠳᠬᠠᠬᠤ ᠲᠤᠬᠠᠢ ᠰᠠᠨᠠᠭᠤᠯᠭ᠎ᠠ ᠳᠤᠷᠠᠳᠴᠠᠢ᠃

ᠡᠨᠡ ᠵᠢᠯ᠎ᠦᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠲᠡᠷᠡ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠬᠠᠷᠢᠭᠤ ᠵᠠᠬᠢᠳᠠᠯ᠎ᠢ ᠬᠤᠢᠨ᠎ᠠ ᠬᠤᠢᠨ᠎ᠠ ᠡᠴᠡ ᠨᠢ ᠲᠤᠰᠤᠨ ᠤᠯᠤᠬᠰᠠᠨ ᠪᠠᠢᠨ᠎ᠠ᠃ ᠠᠷᠠᠳ᠎ᠤᠨ ᠳᠡᠭᠡᠳᠦ ᠰᠢᠭᠦᠬᠦ ᠬᠣᠷᠢᠶ᠎ᠠ ᠵᠢᠨ ᠢᠷᠡᠭᠦᠯᠦᠭᠰᠡᠨ ᠵᠠᠬᠢᠳᠠᠯ᠎ᠳᠠᠭᠠᠨ ᠽᠧᠦ ᠪᠢᠨ᠎ᠤ ᠠᠷᠠᠳ᠎ᠤᠨ ᠰᠢᠭᠦᠬᠦ ᠬᠣᠷᠢᠶ᠎ᠡ ᠵᠢᠨ ᠠᠵᠢᠯ᠎ᠳ᠋ᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠤᠭᠰᠠᠨ᠎ᠳᠦ ᠲᠠᠯᠠᠷᠬᠠᠵᠤ᠂ 《ᠪᠣᠳᠠᠲᠠᠢ ᠪᠠᠢᠳᠠᠯ᠎ᠢ ᠠᠷᠠᠳ᠎ᠤᠨ ᠳᠡᠭᠡᠳᠦ ᠰᠢᠭᠦᠬᠦ ᠬᠣᠷᠢᠶ᠎ᠡ ᠵᠢᠨ ᠠᠵᠢᠯ᠎ᠤᠨ ᠢᠯᠡᠳᠬᠡᠯ᠎ᠦᠨ 12 ᠳ᠋ᠤᠭᠠᠷ ᠨᠢᠭᠤᠷ᠂ 13 ᠳ᠋ᠤᠭᠠᠷ ᠨᠢᠭᠤᠷ ᠵᠡᠷᠭᠡ᠎ᠳᠦ ᠢᠯᠡᠷᠡᠬᠦᠯᠦᠭᠰᠡᠨ ᠪᠠᠢᠨ᠎ᠠ ᠁》 ᠭᠡᠵᠡᠢ᠃

8 ᠤ᠋ ᠦᠳᠡ᠎ᠶᠢᠨ ᠡᠮᠦᠨ᠎ᠡ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠮᠡᠳᠡᠭᠦᠯᠦᠯᠲᠡ ᠵᠢ ᠰᠤᠨᠤᠰᠬᠤ ᠦᠶ᠎ᠡ᠎ᠳᠦ᠂ ᠮᠡᠳᠡᠭᠦᠯᠦᠯᠲᠡ᠎ᠳᠡᠬᠢ 《ᠨᠠᠰᠤᠨ᠎ᠳᠦ ᠦᠯᠦ ᠬᠦᠷᠦᠭᠰᠡᠳ᠎ᠤᠨ ᠶᠠᠯ᠎ᠠ ᠬᠢᠬᠦ ᠵᠢ ᠰᠡᠷᠭᠡᠢᠯᠡᠨ ᠵᠠᠰᠠᠬᠤ ᠠᠵᠢᠯ᠎ᠢ ᠴᠢᠨᠭᠭᠠᠳᠬᠠᠬᠤ》 ᠲᠤᠬᠠᠢ ᠬᠤᠯᠪᠤᠭᠳᠠᠯ ᠪᠦᠬᠦᠢ ᠠᠷᠭ᠎ᠠ ᠬᠡᠮᠵᠢᠶ᠎ᠡ ᠪᠤᠯᠤᠨ ᠦᠷ᠎ᠡ ᠪᠦᠲᠦᠭᠡᠯ᠎ᠢ ᠦᠵᠡᠭᠡᠳ ᠽᠧᠦ ᠪᠢᠨ ᠮᠠᠰᠢ ᠳᠤᠭᠳᠤᠯᠤᠨ ᠪᠠᠶᠠᠷᠯᠠᠪᠠ᠃《ᠠᠷᠠᠳ᠎ᠤᠨ ᠲᠥᠯᠥᠭᠡᠯᠡᠭᠴᠢ ᠭᠡᠬᠦ ᠡᠨᠡ ᠦᠭᠡ ᠵᠢᠨ ᠬᠦᠨᠳᠤ᠎ᠶᠢᠨ ᠵᠢᠩ᠎ᠢ ᠨᠡᠩ ᠢᠯᠡᠭᠦᠦ ᠣᠢᠯᠠᠭᠠᠵᠤ᠂ ᠮᠦᠷᠦᠨ ᠳ᠋ᠡᠬᠢ ᠬᠠᠷᠢᠭᠤᠴᠠᠯᠭ᠎ᠠ᠎ᠬᠦᠨᠳᠤ᠂ ᠭᠠᠭᠴᠠ ᠬᠦ᠌ ᠪᠦᠬᠦ ᠬᠦᠴᠦᠨ᠎ᠢᠶᠡᠷ᠎ᠢᠶᠡᠨ ᠴᠢᠷᠮᠠᠢᠪᠠᠯ ᠰᠠᠶᠢ ᠠᠷᠠᠳ ᠲᠦᠮᠡᠨ᠎ᠤ ᠬᠦᠰᠡᠯ᠎ᠢ ᠬᠥᠰᠡᠷᠳᠡᠭᠦᠯᠬᠦ ᠦᠭᠡᠢ》 ᠭᠡᠪᠡ᠃

ᠮᠤᠷᠤᠢ ᠰᠠᠷᠤᠢ ᠠᠭᠤᠯᠠᠨ ᠵᠠᠮ᠂ ᠲᠠᠷᠢᠶᠠᠨ ᠦᠵᠦᠬᠦᠷ ᠲᠤᠰᠬᠤᠨ᠎ᠢᠶᠡᠷ ᠶᠠᠪᠤᠵᠤ ᠠᠷᠠᠳ᠎ᠤᠨ ᠭᠡᠷ᠎ᠢᠶᠡᠷ ᠤᠷᠤᠵᠤ ᠁ ᠲᠥᠯᠥᠭᠡᠯᠡᠭᠴᠢ ᠭᠡᠰᠢᠭᠦᠳ ᠭᠦᠨᠵᠡᠭᠡᠢ ᠪᠠᠢᠴᠠᠭᠠᠨ ᠰᠤᠳᠤᠯᠵᠦ᠂ ᠲᠡᠮᠳᠡᠭᠯᠡᠯ᠎ᠦᠨ ᠳᠡᠪᠲᠡᠷ ᠲᠡᠭᠡᠨ ᠠᠷᠠᠳ ᠣᠯᠠᠨ᠎ᠤ ᠬᠠᠯᠠᠭᠤᠨ ᠬᠦᠢᠲᠡᠨ᠂ ᠪᠠᠶᠠᠷ ᠪᠤᠬᠢᠨᠢᠳᠤᠯ᠎ᠶᠢ ᠲᠡᠮᠳᠡᠭᠯᠡᠵᠤ ᠠᠪᠤᠨ᠎ᠠ᠃

《〈ᠬᠣᠶᠠᠷ ᠲᠠᠢ ᠬᠠᠷᠢᠯᠴᠠᠵᠤ〉᠂ ᠲᠥᠯᠥᠭᠡᠯᠡᠭᠴᠢ ᠵᠢᠨ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠠᠬᠢᠭᠤᠯᠤᠨ᠎ᠠ》᠂ 《ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠎ᠤᠨ ᠲᠥᠯᠥᠭᠡᠯᠡᠭᠴᠢ ᠪᠠ ᠦᠨᠳᠦᠰᠦᠨ ᠱᠠᠲᠤᠨ᠎ᠤ ᠤᠯᠠᠨ ᠲᠦᠮᠡᠨ᠎ᠢ ᠤᠯᠠᠮ ᠣᠢᠷᠠᠲᠤᠭᠤᠯᠵᠠᠢ》᠁ 7 ᠎ᠤ᠋ ᠡᠳᠦᠷ᠂ ᠲᠢᠶᠠᠨᠵᠢᠨ᠎ᠤ ᠲᠥᠯᠥᠭᠡᠯᠡᠭᠴᠢᠳ᠎ᠦᠨ ᠪᠦᠯᠬᠦᠮ᠎ᠦᠨ ᠰᠠᠭᠤᠭ᠎ᠠ ᠭᠠᠵᠠᠷ ᠲᠦ᠍ ᠬᠦᠷ ᠬᠥᠭᠵᠢᠶᠡᠨ᠎ᠢᠶᠡᠷ ᠪᠢᠯᠬᠠᠵᠤ᠂ ᠤᠯᠠᠨ᠎ᠢᠶᠡᠷ᠎ᠢᠶᠡᠨ ᠶᠡᠬᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠦᠭᠰᠡᠨ ᠲᠥᠯᠥᠭᠡᠯᠡᠭᠴᠢ᠎ᠶᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠥᠯ᠎ᠢ ᠤᠷᠮ᠎ᠠ ᠲᠠᠢ ᠶᠠᠷᠢᠯᠴᠠᠵᠠᠭᠠᠨ᠎ᠠ᠃

ᠬᠤᠷᠠᠯ᠎ᠤᠨ ᠲᠠᠯᠠᠪᠠᠢ᠎ᠶᠢᠨ ᠭᠠᠳᠠᠨ᠎ᠠ᠂ ᠥᠪᠡᠷ ᠎ᠦᠨ《ᠲᠠᠢᠪᠤᠩ ᠰᠥᠨᠢ᠎ᠶᠢᠨ ᠶᠠᠷᠢᠯᠴᠠᠭ᠎ᠠ》᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ᠎ᠪᠡᠷ ᠡᠮᠬᠢᠯᠡᠭᠰᠡᠨ ᠬᠣᠯᠪᠣᠭᠳᠠᠯ ᠪᠦᠬᠦᠢ ᠠᠭᠤᠯᠭ᠎ᠠ᠎ᠨᠢ ᠬᠣᠯᠪᠣᠭᠳᠠᠯ ᠪᠦᠬᠦᠢ ᠵᠦᠢᠯ ᠵᠤᠷᠪᠤᠰ᠎ᠲᠤ ᠣᠷᠣᠭᠰᠠᠨ᠎ᠢ ᠣᠯᠵᠤ ᠬᠠᠷᠠᠭᠠᠳ᠂ ᠲᠢᠶᠠᠨᠵᠢᠨ ᠬᠤᠳᠠ᠎ᠶᠢᠨ ᠾᠸ ᠫᠢᠩ ᠲᠣᠭᠣᠷᠢᠭ᠋᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠰᠢᠶᠣᠣ ᠪᠠᠢ ᠯᠧᠦ ᠵᠡᠭᠡᠯᠢ ᠭᠤᠳᠤᠮᠵᠢ᠎ᠶᠢᠨ ᠠᠵᠢᠯ᠎ᠤᠨ ᠵᠥᠪᠯᠡᠯ᠎ᠦᠨ ᠠᠯᠪᠠᠨ ᠭᠡᠷ᠎ᠦᠨ ᠡᠷᠬᠢᠯᠡᠭᠴᠢ ᠭᠦᠸᠧ ᠵᠢᠶᠠ ᠸᠧᠢ ᠮᠠᠰᠢ ᠰᠡᠳᠬᠢᠯ ᠳᠣᠭᠳᠣᠯᠪᠠ᠃ ᠲᠡᠷᠡ᠄ 《ᠰᠢᠶᠣᠣ ᠪᠠᠢ ᠯᠧᠦ ᠵᠡᠭᠡᠯᠢ ᠭᠤᠳᠤᠮᠵᠢ᠎ᠶᠢᠨ ᠦᠨᠳᠦᠰᠦᠨ ᠱᠠᠲᠤᠨ᠎ᠤ ᠬᠠᠤᠯᠢ ᠲᠣᠭᠲᠠᠭᠠᠬᠤ ᠬᠠᠷᠢᠯᠴᠠᠬᠤ ᠴᠡᠭ ᠨᠢᠭᠡᠨᠲᠡ 29 ᠢᠵᠢ ᠬᠠᠤᠯᠢ ᠴᠠᠭᠠᠵᠠ᠎ᠶᠢᠨ ᠲᠥᠰᠥᠯ᠎ᠳᠦ ᠴᠢᠭᠯᠡᠭᠦᠯᠦᠨ ᠰᠠᠨᠠᠯ ᠰᠠᠨᠠᠭᠤᠯᠭ᠎ᠠ ᠬᠤᠷᠢᠶᠠᠵᠤ᠂ 1000 ᠭᠠᠷᠤᠢ ᠵᠦᠢᠯ᠎ᠦᠨ ᠰᠠᠨᠠᠭᠤᠯᠭ᠎ᠠ᠎ᠶᠢ ᠳᠡᠭᠡᠭᠰᠢ ᠮᠡᠳᠡᠭᠦᠯᠵᠦ᠂ 131 ᠵᠦᠢᠯ᠎ᠢ ᠨᠢ ᠬᠦᠯᠢᠶᠡᠨ ᠠᠪᠤᠬᠰᠠᠨ ᠪᠠᠢᠨ᠎ᠠ》 ᠭᠡᠪᠡ᠃

2024 ᠣᠨ᠎ᠳᠤ᠂ ᠪᠥᠬᠥ᠌ ᠤᠯᠤᠰ᠎ᠲᠤ ᠲᠦᠭᠡᠭ᠌ᠰᠡᠨ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ 54 ᠪᠣᠯᠵᠣ᠂ 《ᠬᠠᠤᠯᠢ ᠪᠡᠷ ᠵᠠᠰᠠᠬᠤ ᠨᠢ ᠡᠷᠦᠬᠡ ᠪᠦᠷᠢ᠎ᠳᠦ ᠬᠦᠷᠦᠭᠰᠡᠨ》 ᠨᠢ ᠬᠠᠤᠯᠢ ᠲᠣᠭ᠍ᠲᠠᠭᠠᠬᠤ ᠪᠠᠢᠭᠤᠯᠭ᠎ᠠ᠎ᠳᠤ ᠱᠢᠭᠤᠳ ᠬᠥᠷᠪᠡ᠃ ᠬᠠᠤᠯᠢ ᠪᠡᠷ ᠵᠠᠰᠠᠬᠤ ᠨᠢ ᠠᠷᠠᠳ᠎ᠤᠨ ᠠᠷᠠᠳᠴᠢᠯᠠᠯ᠎ᠢ ᠬᠠᠮᠠᠭᠠᠯᠠᠵᠤ᠂ 《ᠪᠦᠬᠦ᠌ ᠶᠠᠪᠤᠴᠠ》 ᠵᠢᠨ ᠪᠠᠢᠪᠠᠰᠤ ᠵᠣᠬᠢᠬᠤ ᠵᠢᠷᠤᠮ᠎ᠢ ᠢᠯᠡᠷᠡᠭᠦᠯᠪᠡ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦᠳᠡ ᠬᠤᠷᠠᠯ᠎ᠤᠨ ᠬᠤᠭᠤᠴᠠᠭᠠᠨ᠎ᠳᠤ ᠡᠲᠡᠭᠡᠳ᠎ᠢᠯᠭᠠᠯ᠎ᠤᠨ ᠵᠥᠪᠯᠡᠬᠦ᠌ ᠬᠤᠷᠠᠯ ᠬᠢᠬᠦ᠌ ᠪᠣᠯ ᠤᠯᠤᠰ ᠲᠦᠷᠦ᠍᠎ᠶ᠋ᠢᠨ ᠵᠥᠪᠯᠡᠯᠭᠡᠨ᠎ᠦ ᠦᠪᠡᠷᠮᠢᠴᠡ ᠣᠨᠴᠠᠯᠢᠭ ᠲᠠᠢ ᠵᠥᠪᠯᠡᠯᠭᠡ ᠬᠢᠵᠦ᠍ ᠲᠦᠷᠦ᠍᠎ᠶ᠋ᠢᠨ ᠶᠠᠪᠤᠳᠠᠯ ᠢ᠋ ᠵᠥᠪᠯᠡᠬᠦ᠌ ᠬᠡᠯᠪᠡᠷᠢ ᠮᠥᠨ᠃

7᠎ᠤ᠋ ᠦᠳᠡ᠎ᠶ᠋ᠢᠨ ᠬᠣᠢᠨ᠎ᠠ᠂ ᠪᠡᠭᠡᠵᠢᠩ᠎ᠦᠨ ᠬᠤᠷᠠᠯ᠎ᠤᠨ ᠲᠥᠪ᠎ᠲᠦ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠎ᠦᠨ 14 ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠲᠤᠰ ᠲᠤᠰ᠎ᠤᠨ ᠰᠠᠨᠠᠯ᠎ᠢᠶᠠᠨ ᠢᠯᠡᠳᠭᠡᠵᠦ᠍᠂ ᠶᠠᠷᠢᠶ᠎ᠠ ᠲᠠᠯᠪᠢᠬᠤ᠎ᠳᠠᠭᠠᠨ ᠣᠳᠣᠬᠠᠨ᠎ᠤ ᠡᠮᠴᠢᠯᠡᠭᠡᠨ᠎ᠦ ᠬᠦᠷᠢᠶᠡᠨ᠎ᠦ ᠬᠦᠴᠢᠷ ᠲᠦᠪᠡᠭ᠎ᠲᠡᠶ ᠠᠰᠠᠭᠤᠳᠠᠯ᠎ᠳᠤ ᠱᠢᠭᠤᠳ ᠬᠠᠨᠳᠤᠪᠠ᠃ ᠬᠤᠷᠠᠯ᠎ᠳᠤ ᠣᠷᠣᠯᠴᠠᠭ᠍ᠰᠠᠨ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ᠂ ᠭᠡᠱᠢᠭᠦᠳ᠎ᠦᠨ ᠰᠠᠨᠠᠯ ᠰᠠᠨᠠᠭᠤᠯᠭ᠎ᠠ᠎ᠶ᠋ᠢ ᠭᠦᠶ᠋ᠴᠡᠳ ᠪᠣᠳᠣᠯᠬᠢᠯᠠᠵᠤ᠂ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠤᠨ ᠳᠤᠮᠳᠠ ᠪᠠᠷᠠᠭᠤᠨ ᠣᠷᠣᠨ ᠪᠠ ᠦᠨᠳᠦᠰᠦᠨ ᠱᠠᠲᠤ ᠳᠠᠰᠢ ᠭᠦᠨᠵᠡᠭᠡᠢᠷᠡᠬᠦ᠌᠎ᠶ᠋ᠢ ᠠᠬᠢᠭᠤᠯᠤᠨ᠎ᠠ ᠭᠡᠵᠦ ᠢᠯᠡᠳᠭᠡᠪᠡ᠃ ᠡᠢᠮᠦᠷᠬᠦ᠌ ᠡᠲᠡᠭᠡᠳ ᠢᠯᠭᠠᠯ᠎ᠤᠨ ᠵᠥᠪᠯᠡᠯᠭᠡ ᠵᠢᠨ ᠬᠤᠷᠠᠯ᠎ᠢ ᠡᠨᠡ ᠵᠢᠯ ᠨᠡᠢ᠌ᠳᠡ 8 ᠤᠳᠠᠭ᠎ᠠ ᠬᠤᠷᠠᠯᠳᠤᠭᠤᠯᠵᠠᠢ᠃

ᠥᠩᠭᠡᠷᠡᠭ᠌ᠰᠡᠨ ᠨᠢᠭᠡ ᠵᠢᠯ᠎ᠦᠨ ᠲᠤᠷᠰᠢ᠂ 6019 ᠬᠤᠪᠢ ᠰᠠᠨᠠᠯ ᠳᠤᠷᠠᠳᠤᠯᠭ᠎ᠠ ᠲᠤᠷᠠᠳᠴᠤ᠂ 5091 ᠬᠤᠪᠢ ᠵᠢ ᠰᠠᠨᠠᠯ ᠬᠡᠷᠡᠭ ᠪᠤᠯᠭᠠᠨ ᠳᠠᠩᠰᠠᠯᠠᠵᠤ᠂ ᠱᠢᠢᠳᠪᠦᠷᠢᠯᠡᠵᠦ᠍ ᠬᠠᠷᠢᠭᠤ ᠥᠭ᠌ᠭᠦᠭ᠌ᠰᠡᠨ ᠨᠤᠷᠮ᠎ᠠ 99.9 %᠎ᠳᠦ ᠬᠦᠷᠪᠡ ᠁ ᠺᠸ ᠳ᠋ᠸ ᠱᠦ᠍ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠢᠦᠢ ᠪᠸᠨ ᠬᠣᠩ ᠭᠡᠱᠢᠭᠦᠨ᠄ 《ᠮᠢᠨᠦ᠍ 4 ᠬᠤᠪᠢ ᠰᠠᠨᠠᠯ ᠳᠤᠷᠠᠳᠤᠯᠭ᠎ᠠ ᠴᠤ᠌ ᠡᠭᠦᠨ᠎ᠳᠦ ᠪᠠᠭᠳᠠᠵᠤ ᠪᠤᠢ᠂ ᠶᠠᠮᠤᠨ ᠵᠥᠪᠯᠡᠯ᠎ᠦᠨ ᠬᠢᠨ ᠴᠥᠮ ᠬᠠᠷᠢᠭᠤᠯᠲᠠ ᠥᠭ᠌ᠴᠦ᠂ ᠵᠠᠷᠢᠮ ᠨᠢ ᠪᠠᠰᠠ ᠭᠣᠣᠯᠳᠠᠯᠭ᠎ᠠ᠎ᠲᠠᠶ ᠱᠠᠯᠠᠪᠳᠠᠭᠤᠯᠤᠨ ᠱᠢᠢᠳᠪᠦᠷᠢᠯᠡᠭᠦᠯᠵᠠᠢ》 ᠭᠡᠪᠡ᠃

ᠨᠢᠭᠡ ᠵᠢᠯ᠎ᠦᠨ ᠬᠤᠭᠤᠴᠠᠭᠠᠨ᠎ᠳᠤ᠂ ᠢᠦᠢ ᠪᠸᠨ ᠬᠣᠩ᠎ᠢ ᠪᠠᠭ᠍ᠲᠠᠭᠠᠭ᠍ᠰᠠᠨ 1800 ᠭᠠᠷᠤᠢ ᠭᠡᠱᠢᠭᠦᠨ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠵᠦ᠍ ᠬᠠᠷᠢᠭᠤ ᠥᠭ᠌ᠬᠦᠭᠰᠡᠨ ᠦᠨᠡᠮᠯᠡᠯ ᠣᠯᠵᠠᠢ; ᠮᠡᠳᠡᠭᠡ ᠵᠠᠩᠭᠢ᠎ᠶ᠋ᠢᠨ ᠡᠭᠡ ᠪᠢᠴᠢᠭ᠎ᠢ 11323 ᠬᠤᠪᠢ ᠬᠡᠷᠡᠭᠯᠡᠵᠦ᠂ ᠮᠡᠳᠡᠭᠡ ᠵᠠᠩᠭᠢ᠎ᠶ᠋ᠢᠨ ᠰᠡᠳᠬᠦᠯ᠎ᠢ 1728 ᠬᠤᠭᠤᠴᠠᠭ᠎ᠠ ᠨᠠᠢᠷᠠᠭᠤᠯᠤᠨ ᠮᠡᠳᠡᠭᠡᠯᠡᠵᠦ᠂ 1016 ᠬᠤᠪᠢ ᠮᠡᠳᠡᠭᠡ ᠵᠠᠩᠭᠢ᠎ᠶ᠋ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠤᠳᠤᠷᠢᠳᠭᠤ ᠨᠥᠬᠥᠳ᠎ᠲᠦ ᠬᠦᠷᠭᠡᠵᠦ᠍᠂ ᠡᠯ᠎ᠡ ᠲᠦᠷᠦᠯ᠎ᠦᠨ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠤᠭ᠍ᠰᠠᠨ ᠦᠷ᠎ᠡ ᠪᠦᠲᠦᠮᠵᠢ 819 ᠬᠥᠮᠦᠨ ᠤᠳᠠᠭ᠎ᠠ ᠤᠳᠤᠷᠢᠳᠭᠤ ᠨᠥᠬᠥᠳ᠎ᠦᠨ ᠴᠣᠬᠣᠯᠠᠪᠤᠷᠢ᠎ᠶ᠋ᠢ ᠣᠯᠵᠠᠢ᠃

ᠨᠢᠭᠡ ᠰᠠᠨᠠᠭᠤᠯᠭ᠎ᠠ ᠨᠢᠭᠡ ᠠᠷᠭ᠎ᠠ ᠪᠤᠳᠤᠯᠭ᠎ᠠ᠂ ᠲᠣᠰᠣᠯ᠎ᠢ ᠬᠤᠷᠢᠶᠠᠨ ᠲᠠᠯᠠᠢ ᠪᠤᠯᠭᠠᠵᠤ᠂ ᠨᠡᠢᠭᠡᠮ᠎ᠦᠨ ᠠᠵᠤ ᠠᠬᠤᠢ᠎ᠶ᠋ᠢᠨ ᠬᠥᠭ᠌ᠵᠢᠯᠲᠡ ᠲᠠᠪᠱᠢᠯᠳᠠ᠎ᠶ᠋ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭᠠᠨ ᠨᠢᠭ᠍ᠲᠠᠷᠠᠭᠤᠯᠤᠨ᠎ᠠ᠃

《ᠡᠨᠡ ᠪᠣᠯ ᠮᠢᠨᠦ᠍ ᠳᠤᠮᠳᠠᠳᠤ ᠤᠯᠤᠰ᠎ᠤᠨ ᠬᠣᠶᠠᠷ ᠬᠤᠷᠠᠯ᠎ᠤᠨ ᠠᠷᠠᠳᠴᠢᠯᠠᠯ᠎ᠤᠨ ᠦᠶ᠋ᠯᠡᠳᠦᠯᠭᠡ᠎ᠶ᠋ᠢ ᠠᠩᠬ᠎ᠠ ᠤᠳᠠᠭ᠎ᠠ ᠪᠡᠶᠡᠴᠢᠯᠡᠨ ᠣᠢᠯᠠᠭᠠᠵᠤ ᠪᠠᠢᠭ᠎ᠠ ᠶᠠᠪᠤᠳᠠᠯ ᠮᠥᠨ᠂ ᠲᠡᠷᠡ ᠨᠢ ᠬᠡᠷᠬᠢᠨ ᠠᠭᠠᠵᠢᠮ᠎ᠢᠶᠠᠷ ᠤᠷᠤᠭ᠍ᠰᠢᠯᠠᠬᠤ ᠬᠡᠯᠪᠡᠷᠢ᠎ᠪᠡᠷ ᠣᠶᠤᠨ ᠤᠬᠠᠭᠠᠨ᠎ᠢ ᠨᠢᠭ᠍ᠲᠠᠷᠠᠭᠤᠯᠬᠤ ᠦᠷ᠎ᠡ ᠪᠦᠲᠦᠭᠡᠯ᠎ᠢ ᠢᠯᠡᠷᠡᠭᠦᠯᠵᠦ᠍᠂ ᠡᠮᠦᠨᠡᠬᠢ ᠬᠤᠭᠤᠴᠠᠭᠠᠨ᠎ᠳᠤ ᠡᠯ᠎ᠡ ᠡᠲᠡᠭᠡᠳ᠎ᠦᠨ ᠰᠠᠨᠠᠯ᠎ᠢ ᠥᠷᠭᠡᠨ᠎ᠢᠶᠡᠷ ᠬᠤᠷᠢᠶᠠᠵᠤ ᠪᠠᠢᠭ᠍ᠰᠠᠨ᠎ᠡᠴᠡ᠎ᠪᠠᠨ ᠡᠴᠦᠰ᠎ᠲᠡᠬᠡᠨ ᠲᠥᠰᠦᠯ᠎ᠢ ᠪᠦᠷᠢᠯᠳᠦᠭᠦᠯᠬᠦ᠌ ᠬᠦᠷᠲᠡᠯ᠎ᠡ᠂ ᠣᠷᠣᠯᠴᠠᠭ᠍ᠰᠠᠨ ᠥᠷᠭᠡᠴᠡ ᠨᠢ ᠬᠥᠮᠦᠰ᠎ᠢ ᠭᠠᠢᠬᠠᠰᠢ ᠠᠯᠳᠠᠭᠤᠯᠤᠨ᠎ᠠ》 ᠭᠡᠵᠦ᠍ ᠺᠸᠨᠢᠶᠠ ᠵᠢᠨ ᠲᠤᠭ ᠰᠣᠨᠢᠨ᠎ᠤ ᠰᠤᠷᠪᠤᠯᠵᠢᠯᠠᠭ᠍ᠴᠢ ᠪᠦᠷᠠᠢ᠌ᠨ· ᠡᠸᠨᠬᠦ᠋ᠵᠢ· ᠡᠸᠨᠵᠢᠷᠤᠭᠧ ᠬᠡᠯᠡᠪᠡ᠃

ᠨᠡᠭᠡᠭᠡᠯᠲᠡ᠎ᠲᠡᠶ ᠢᠯᠡ ᠲᠣᠳᠣ ᠪᠠᠢᠵᠤ ᠢᠲᠡᠭᠡᠯ ᠵᠤᠷᠢᠭ᠎ᠢ ᠢᠯᠡᠷᠡᠭᠦᠯᠪᠡ

《ᠶᠠᠮᠤᠨ ᠵᠥᠪᠯᠡᠯ᠎ᠦᠨ ᠠᠵᠢᠯᠲᠠᠳ ᠲᠤᠬᠠᠢ᠎ᠶ᠋ᠢᠨ ᠲᠠᠯᠠᠪᠠᠢ᠎ᠳᠤ ᠬᠤᠷᠠᠯ ᠰᠣᠨᠣᠰᠴᠤ᠌᠂ ᠲᠤᠬᠠᠢ᠎ᠶ᠋ᠢᠨ ᠲᠠᠯᠠᠪᠠᠢ᠎ᠳᠤ ᠮᠠᠰᠢ ᠲᠦᠷᠭᠡᠨ ᠵᠢᠡᠷ ᠬᠠᠷᠢᠭᠤ ᠥᠭ᠌ᠴᠦ᠂ ᠪᠢ ᠠᠵᠢᠯᠴᠢᠨ ᠨᠠᠢᠵᠠ᠎ᠨᠠᠷ᠎ᠲᠠᠭᠠᠨ ᠬᠡᠯᠡᠬᠦ᠌ ᠦᠭᠡ᠎ᠲᠡᠶ ᠪᠣᠯᠵᠠᠢ》 ᠭᠡᠵᠦ ᠸᠠᠩ ᠷᠦᠨ ᠮᠧᠶ ᠲᠥᠯᠥᠭᠡᠯᠡᠭ᠌ᠴᠢ ᠬᠡᠯᠡᠪᠡ᠃

6 ᠎ᠤ᠋ ᠡᠳᠦᠷ᠂ ᠱᠠᠨ ᠰᠢ᠎ᠶ᠋ᠢᠨ ᠲᠠᠢᠶᠤᠸᠠᠨ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠵᠠᠮ᠎ᠤᠨ ᠤᠰᠤ ᠵᠢ ᠭᠠᠳᠠᠭᠰᠢᠯᠠᠭᠤᠯᠬᠤ ᠪᠠᠳᠤᠯᠠᠭ᠎ᠠ ᠵᠢᠨ ᠬᠤᠶᠠᠳᠤᠭᠠᠷ ᠭᠠᠵᠠᠷ᠎ᠤᠨ ᠨᠠᠮ᠎ᠤᠨ ᠶᠡᠷᠦᠩᠬᠡᠶ ᠡᠭᠦᠷ᠎ᠦᠨ ᠱᠦᠵᠢ᠂ ᠤᠰᠤᠨ ᠵᠠᠮ᠎ᠤᠨ ᠭᠤᠷᠪᠠᠳᠤᠭᠠᠷ ᠳᠤᠭᠤᠢᠯᠠᠩ᠎ᠤᠨ ᠳᠠᠷᠤᠭ᠎ᠠ ᠸᠠᠩ ᠷᠦᠨ ᠮᠧᠶ ᠲᠥᠯᠥᠭᠡᠯᠡᠭ᠌ᠴᠢ ᠳᠤᠭᠤᠢᠯᠠᠩ᠎ᠤᠨ ᠬᠢᠨᠠᠨ ᠵᠥᠪᠯᠡᠬᠦ᠌᠎ᠦᠶ᠎ᠡ ᠵᠢᠨ ᠶᠠᠷᠢᠶᠠᠨ᠎ᠳᠠᠭᠠᠨ᠂ ᠬᠣᠲᠠ᠎ᠶ᠋ᠢᠨ ᠶᠠᠪᠤᠳᠠᠯ᠎ᠤᠨ ᠬᠠᠮᠢᠶᠠᠷᠴᠤ᠌ ᠠᠷᠠᠴᠢᠯᠠᠬᠤ ᠠᠵᠢᠯᠴᠢᠨ᠎ᠤ ᠬᠠᠷᠠᠭᠠᠯᠵᠠᠯ᠎ᠤᠨ ᠠᠰᠠᠭᠤᠳᠠᠯ᠎ᠢ ᠳᠤᠷᠠᠳᠪᠠ᠃ ᠬᠤᠷᠠᠯ ᠰᠣᠨᠣᠰᠤᠭ᠍ᠰᠠᠨ ᠡᠳ᠋᠎ᠦᠨ ᠵᠠᠰᠠᠭ᠎ᠤᠨ ᠶᠠᠮᠤᠨ᠎ᠤ ᠠᠵᠢᠯᠲᠠᠨ ᠨᠠᠷᠢᠨ ᠬᠢᠨᠠᠮᠠᠭᠠᠶ ᠲᠡᠮᠳᠡᠭ᠌ᠯᠡᠵᠦ᠍᠂ ᠬᠤᠷᠠᠯ᠎ᠤᠨ ᠵᠠᠪᠰᠠᠷ᠎ᠢᠶᠠᠷ ᠲᠡᠭᠦᠨ᠎ᠲᠠᠢ ᠶᠠᠷᠢᠯᠴᠠᠵᠤ᠂ ᠣᠳᠣᠬᠠᠨ᠎ᠤ ᠪᠥᠬᠥ᠌ ᠤᠯᠤᠰ᠎ᠤᠨ ᠬᠣᠲᠠ᠎ᠶ᠋ᠢᠨ ᠶᠠᠪᠤᠳᠠᠯ᠎ᠤᠨ ᠠᠵᠢᠯᠲᠠᠨ᠎ᠤ ᠬᠠᠷᠠᠭᠠᠯᠵᠠᠯ᠎ᠢ ᠣᠯᠭᠣᠭ᠍ᠰᠠᠨ ᠪᠦᠬᠦᠯᠢ ᠴᠣᠭ᠍ᠴᠠ᠎ᠶ᠋ᠢᠨ ᠪᠠᠢᠳᠠᠯ᠎ᠢ ᠲᠠᠨᠢᠯᠴᠠᠭᠤᠯᠤᠭ᠍ᠰᠠᠨ ᠪᠥᠭᠡᠳ ᠲᠤᠬᠠᠶ᠎ᠶ᠋ᠢᠨ ᠲᠠᠯᠠᠪᠠᠶ᠎ᠳᠤ ᠬᠠᠷᠢᠭᠤᠯᠲᠠ ᠥᠭ᠌ᠴᠦ᠂ ᠲᠠᠷᠠᠭᠠᠴᠢ᠎ᠶ᠋ᠢᠨ ᠠᠯᠬᠤᠮ᠎ᠳᠤ ᠠᠩᠬᠠᠷᠤᠯ᠎ᠢᠶᠠᠨ ᠴᠢᠩᠭᠠᠳᠭᠠᠨ᠎ᠠ ᠭᠡᠵᠦ᠍ ᠢᠯᠡᠳᠭᠡᠪᠡ᠃

ᠠᠷᠠᠳ ᠲᠦᠮᠡᠨ᠎ᠦ ᠬᠦᠰᠡᠯ ᠡᠷᠡᠮᠡᠯᠵᠡᠯ ᠪᠣᠯ ᠵᠠᠰᠠᠭ ᠲᠦᠷᠦ᠍᠎ᠶ᠋ᠢᠨ ᠴᠢᠭ᠌ᠯᠡᠯ ᠮᠥᠨ᠃

ᠡᠨᠡ ᠵᠢᠯ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ 80 ᠭᠠᠷᠤᠶ ᠠᠵᠢᠯᠲᠠᠨ᠎ᠢ ᠲᠣᠮᠢᠯᠠᠵᠤ 35 ᠬᠤᠪᠢ ᠬᠥᠮᠦᠨ᠎ᠦ ᠲᠥᠯᠥᠭᠡᠯᠡᠭ᠌ᠴᠢᠳ᠎ᠦᠨ ᠪᠦᠯᠬᠦᠮ᠂ 34 ᠤᠯᠤᠰ ᠲᠥᠷᠥ᠎ᠶ᠋ᠢᠨ ᠵᠥᠪᠯᠡᠯᠭᠡᠨ᠎ᠦ ᠡᠲᠡᠭᠡᠳ ᠢᠯᠭᠠᠯ᠎ᠳᠤ ᠣᠴᠢᠭᠤᠯᠤᠨ ᠰᠤᠯᠠ ᠰᠣᠨᠣᠰᠤᠭᠤᠯᠵᠤ᠂ ᠪᠥᠬᠥ᠌ ᠲᠠᠯ᠎ᠠ᠎ᠪᠠᠷ ᠲᠡᠮᠳᠡᠭ᠌ᠯᠡᠵᠦ᠍᠂ ᠬᠤᠷᠢᠶᠠᠩᠭᠤᠢᠯᠠᠨ ᠱᠢᠯᠵᠢᠭᠦᠯᠦᠨ ᠥᠭ᠌ᠴᠦ᠂ ᠥᠨᠳᠥᠷ ᠪᠦᠲᠦᠮᠵᠢᠲᠡᠶ ᠬᠠᠷᠢᠭᠤᠯᠲᠠ ᠥᠭ᠌ᠪᠡ᠃ ᠵᠦᠢᠯ ᠵᠦᠢᠯ᠎ᠦᠨ ᠦᠨᠡᠨ ᠦᠵᠡᠯᠲᠡ ᠮᠡᠷᠭᠡᠨ ᠪᠤᠳᠤᠯᠭ᠎ᠠ ᠨᠢ ᠲᠡᠭᠦᠨ᠎ᠢ ᠵᠠᠰᠠᠭ᠎ᠤᠨ ᠣᠷᠳᠣᠨ᠎ᠤ ᠠᠵᠢᠯ᠎ᠤᠨ ᠪᠤᠳᠠᠳᠠᠢ ᠠᠷᠭ᠎ᠠ ᠪᠣᠯᠭᠠᠨ ᠬᠤᠪᠢᠷᠠᠭᠤᠯᠵᠤ᠂ ᠨᠢᠳᠦᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠠᠷᠠᠳ ᠲᠦᠮᠡᠨ᠎ᠦ ᠠᠵᠠ ᠵᠢᠷᠭᠠᠯ ᠪᠣᠯᠭᠠᠨ ᠬᠤᠪᠢᠷᠠᠭᠤᠯᠵᠠᠶ᠃

ᠨᠡᠩ ᠨᠡᠭᠡᠭᠡᠯᠲᠡᠲᠡᠢ ᠢᠯᠡ ᠲᠣᠳᠣ ᠪᠤᠯᠵᠤ᠂ ᠪᠦᠬᠦ᠌ ᠤᠯᠤᠰ᠎ᠤᠨ ᠬᠣᠶᠠᠷ ᠬᠤᠷᠠᠯ ᠡᠴᠡ ᠬᠠᠯᠠᠮᠵᠢᠯᠠᠵᠦ ᠪᠠᠢᠭ᠎ᠠ ᠠᠰᠠᠭᠤᠳᠠᠯ ᠳ᠋ᠦ ᠠᠩᠬᠠᠷᠤᠯ᠎ᠢᠶᠡᠨ ᠰᠢᠭᠤᠳ ᠬᠠᠨᠳᠤᠭᠤᠯᠪᠠ᠃

ᠭᠡᠷᠡᠯ ᠲᠥᠪᠯᠡᠷᠡᠭᠦᠯᠬᠦ᠌ ᠳ᠋ᠧᠩ᠎ᠦᠨ ᠳᠣᠣᠷ᠎ᠠ᠂《ᠲᠥᠯᠥᠭᠡᠯᠡᠭ᠌ᠴᠢᠳ᠎ᠦᠨ ᠰᠤᠷᠪᠤᠯᠵᠢᠯᠠᠭ᠎ᠠ ᠬᠦᠯᠢᠶᠡᠬᠦ ᠵᠠᠮ》᠂ 《ᠭᠡᠱᠢᠭᠦᠳ᠎ᠦᠨ ᠰᠤᠷᠪᠤᠯᠵᠢᠯᠠᠭ᠎ᠠ ᠬᠦᠯᠢᠶᠡᠬᠦ ᠵᠠᠮ》᠂ 《ᠰᠠᠢᠳ᠎ᠨᠠᠷ᠎ᠤᠨ ᠰᠤᠷᠪᠤᠯᠵᠢᠯᠠᠭ᠎ᠠ ᠬᠦᠯᠢᠶᠡᠬᠦ ᠵᠠᠮ》 ᠵᠡᠷᠭᠡ ᠨᠢ ᠬᠥᠮᠦᠰ᠎ᠦᠨ ᠠᠩᠬᠠᠷᠤᠯ᠎ᠢ ᠲᠠᠲᠠᠨ᠎ᠠ᠃ ᠠᠵᠤ ᠠᠬᠤᠶ᠂ ᠭᠠᠳᠠᠭᠠᠳᠤ ᠬᠠᠷᠢᠯᠴᠠᠭ᠎ᠠ ᠵᠡᠷᠭᠡ ᠭᠤᠤᠯ ᠰᠡᠳᠦᠪᠲᠦ ᠰᠣᠷᠪᠣᠯᠵᠢᠯᠠᠭ᠍ᠴᠢᠳ᠎ᠤᠨ ᠬᠤᠷᠠᠯ ᠡᠭᠡᠯᠵᠢᠯᠡᠨ ᠶᠠᠪᠤᠭ᠍ᠳᠠᠵᠤ᠂ ᠠᠷᠠᠳ ᠣᠯᠠᠨ᠎ᠤ ᠠᠩᠬᠠᠷᠴᠤ ᠪᠠᠢᠭ᠎ᠠ ᠵᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠎ᠶ᠋ᠢ ᠨᠠᠷᠢᠨ ᠲᠠᠢᠯᠪᠤᠷᠢᠯᠠᠨ᠎ᠠ᠃

5 ᠎ᠤ᠋ ᠡᠳᠦᠷ᠎ᠦᠨ ᠠᠩᠬᠠᠨ᠎ᠤ ᠲᠠᠯᠠᠪᠤᠷ《ᠰᠠᠢᠳ᠎ᠨᠠᠷ᠎ᠤᠨ ᠰᠤᠷᠪᠤᠯᠵᠢᠯᠠᠭ᠎ᠠ ᠬᠦᠯᠢᠶᠡᠬᠦ ᠵᠠᠮ》 ᠳ᠋ᠤ᠂ 4 ᠰᠠᠯᠠᠭ᠎ᠠ ᠮᠥᠴᠢᠷ᠎ᠦᠨ ᠭᠤᠤᠯ ᠬᠠᠷᠢᠭᠤᠴᠠᠯᠭᠠᠲᠠᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠠᠭᠤᠴᠢᠯᠠᠭᠤᠷ᠎ᠤᠨ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠵᠤ᠂ ᠬᠠᠯᠠᠮᠱᠢᠯ ᠠᠰᠠᠭᠤᠳᠠᠯ᠎ᠳᠤ ᠱᠢᠭᠤᠳ ᠬᠠᠨᠳᠤᠪᠠ; 6 ᠎ᠤ᠋ ᠡᠳᠦᠷ᠎ᠦᠨ ᠠᠵᠤ ᠠᠬᠤᠶ᠎ᠶ᠋ᠢᠨ ᠭᠤᠤᠯ ᠰᠡᠳᠦᠪᠲᠦ ᠰᠣᠷᠪᠣᠯᠵᠢᠯᠠᠭ᠍ᠴᠢᠳ᠎ᠤᠨ ᠬᠤᠷᠠᠯ ᠳᠡᠭᠡᠷ᠎ᠡ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠦᠪᠯᠡᠯ ᠵᠡᠷᠭᠡ 5 ᠰᠠᠯᠠᠭ᠎ᠠ ᠮᠥᠴᠢᠷ᠎ᠦᠨ ᠭᠤᠤᠯ ᠬᠠᠷᠢᠭᠤᠴᠠᠯᠭᠠᠲᠠᠨ ᠠᠵᠤ ᠠᠬᠤᠶ᠎ᠶ᠋ᠢᠨ ᠬᠠᠯᠠᠮᠰᠢᠯ ᠠᠰᠠᠭᠤᠳᠠᠯ᠎ᠳᠤ ᠬᠠᠷᠢᠭᠤᠯᠲᠠ ᠥᠭ᠌ᠴᠦ᠂ ᠢᠳᠡᠪᠬᠢᠳᠡᠢ ᠳᠤᠬᠢᠶ᠎ᠠ ᠳᠠᠮᠵᠢᠭᠤᠯᠪᠠ ᠁ ᠰᠤᠷᠪᠤᠯᠵᠢᠯᠠᠭ᠍ᠴᠢ ᠡᠴᠡ ᠰᠠᠢᠨ ᠨᠠᠷ ᠎ᠢ 《ᠬᠠᠢᠵᠤ ᠤᠴᠢᠬᠤ》 ᠡᠴᠡ ᠶᠠᠮᠤᠨ᠎ᠤ ᠰᠠᠢᠳ ᠰᠤᠷᠪᠤᠯᠵᠢᠯᠠᠭᠴᠢ ᠲᠠᠢ 《ᠰᠠᠨᠠᠭᠠᠴᠢᠯᠠᠭ᠎ᠠ ᠡᠴᠡ ᠪᠠᠨ ᠠᠭᠤᠯᠵᠠᠬᠤ》 ᠬᠦᠷᠲᠡᠯ᠎ᠡ᠂ ᠰᠤᠷᠪᠤᠯᠵᠢᠯᠠᠭ᠍ᠴᠢ 《ᠳᠠᠭᠠᠵᠤ ᠪᠠᠢᠭᠠᠳ ᠠᠰᠠᠭᠤᠬᠤ》 ᠡᠴᠡ ᠶᠠᠮᠤᠨ᠎ᠤ ᠰᠠᠢᠳ 《ᠰᠠᠨᠠᠭᠠᠴᠢᠯᠠᠭ᠎ᠠ ᠡᠴᠡ᠎ᠪᠠᠨ ᠶᠠᠷᠢᠬᠤ》 ᠪᠤᠯᠤᠯ᠎ᠠ᠃

ᠤᠯᠠᠨ ᠲᠠᠯᠠᠪᠤᠷ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠪᠦᠯᠬᠦᠮ ᠎ᠦᠨ ᠨᠡᠬᠡᠬᠡᠯᠳᠡᠳᠦ ᠪᠦᠯᠬᠦᠮ ᠳᠤᠭᠤᠢᠯᠠᠩ᠎ᠤᠨ ᠠᠵᠢᠯᠯᠠᠭ᠎ᠠ ᠶᠠᠪᠤᠭᠳᠠᠵᠤ᠂ ᠤᠯᠤᠰ ᠳᠦᠷᠦ᠍᠎ᠶ᠋ᠢᠨ ᠵᠥᠪᠯᠡᠯᠭᠡᠨ᠎ᠦ ᠡᠲᠡᠭᠡᠳ ᠢᠯᠭᠠᠯ᠎ᠤᠨ ᠭᠡᠱᠢᠭᠦᠳ᠎ᠦᠨ ᠳᠤᠭᠤᠢᠯᠠᠩ᠎ᠤᠨ ᠤᠳᠠᠭ᠎ᠠ ᠪᠦᠷᠢ᠎ᠶ᠋ᠢᠨ ᠬᠤᠷᠠᠯ ᠨᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠠᠭᠤᠴᠢᠯᠠᠭᠤᠷ᠎ᠤᠨ ᠰᠤᠷᠪᠤᠯᠵᠢᠯᠠᠭ᠍ᠴᠢ᠎ᠳᠤ ᠨᠡᠬᠡᠬᠡᠯᠳᠡ ᠬᠢᠵᠡᠢ ᠁ ᠪᠣᠳᠠᠲᠠᠢ᠎ᠶ᠋ᠢ ᠡᠷᠬᠢᠮᠯᠡᠭ᠌ᠰᠡᠨ ᠴᠢᠩ ᠦᠨᠡᠨᠴᠢ ᠰᠣᠯᠢᠯᠴᠠᠭ᠎ᠠ ᠳᠤᠮᠳᠠ᠂ ᠳᠡᠯᠡᠬᠡᠢ ᠳ᠋ᠠᠬᠢᠨ᠎ᠢᠶᠠᠷ᠎ᠢᠶᠠᠨ ᠨᠡᠩ ᠦᠨᠡᠨ ᠪᠣᠳᠠᠲᠠᠢ ᠳᠤᠮᠳᠠᠳᠤ ᠤᠯᠤᠰ᠎ᠢ ᠣᠯᠵᠤ ᠬᠠᠷᠠᠪᠠ᠃ ᠨᠡᠩ ᠤᠯᠠᠨ ᠡᠱᠢᠵᠢᠭ᠌ᠰᠡᠨ᠂ ᠡᠯᠪᠡᠭ ᠪᠠᠶᠠᠯᠢᠭ ᠠᠷᠠᠳᠴᠢᠯᠠᠯ᠎ᠦᠨ ᠨᠠᠷᠢᠨ ᠵᠦᠢᠯᠡᠰ ᠤ᠋ᠨ ᠠᠷᠤ᠎ᠳᠤ᠂ ᠲᠤᠮᠤ ᠤᠯᠤᠰ᠎ᠦᠨ ᠢᠲᠡᠭᠡᠯ ᠲᠠᠢ ᠪᠡᠷ ᠨᠡᠬᠡᠬᠡᠯᠳᠠ ᠬᠢᠬᠦ᠌ ᠢᠳᠡ ᠬᠦᠴᠦᠨ ᠪᠤᠢ᠃

ᠠᠷᠠᠳ᠎ᠤᠨ ᠠᠷᠠᠳᠴᠢᠯᠠᠯ᠂ ᠴᠠᠭ ᠦᠶ᠎ᠡ᠎ᠲᠡᠶ ᠵᠡᠷᠭᠡᠪᠡᠷ ᠤᠷᠤᠭ᠍ᠰᠢᠯᠠᠨ᠎ᠠ᠃

ᠵᠣᠬᠢᠶᠠᠮᠠᠯ ᠣᠶᠤᠨ ᠴᠢᠳᠠᠪᠤᠷᠢ᠎ᠶ᠋ᠢᠨ ᠴᠠᠭ ᠦᠶ᠎ᠡ᠎ᠶ᠋ᠢᠨ ᠤᠷᠤᠰᠭᠠᠯ ᠬᠣᠶᠠᠷ ᠬᠤᠷᠠᠯ᠎ᠤᠨ ᠳᠣᠲᠣᠨ᠎ᠠ ᠭᠠᠳᠠᠨ᠎ᠠ᠎ᠶ᠋ᠢ ᠪᠦᠬᠦᠨ᠎ᠢ ᠬᠠᠮᠤᠷᠴᠠᠢ᠃ 《ᠪᠠᠶᠠᠳᠤ ᠣᠶᠤᠨ ᠴᠢᠳᠠᠪᠤᠷᠢ》᠂ 《6G》 ᠵᠡᠷᠭᠡ ᠱᠢᠨ᠎ᠡ ᠦᠭᠡ᠎ᠶ᠋ᠢ ᠠᠩᠬ᠎ᠠ ᠤᠳᠠᠭ᠎ᠠ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠪᠢᠴᠢᠵᠦ᠍ ᠣᠷᠣᠭᠤᠯᠪᠠ; ᠤᠯᠠᠨ ᠲᠠᠯᠠᠪᠤᠷ ᠰᠣᠨᠢᠨ ᠮᠡᠳᠡᠭᠡ ᠨᠡᠢᠲᠡᠯᠡᠬᠦ᠌ ᠬᠤᠷᠠᠯ᠂ ᠲᠥᠯᠥᠭᠡᠯᠡᠭ᠌ᠴᠢ ᠭᠡᠱᠢᠭᠦᠨ᠎ᠦ ᠰᠤᠷᠪᠤᠯᠵᠢᠯᠠᠭ᠎ᠠ ᠬᠦᠯᠢᠶᠡᠬᠦ ᠵᠠᠮ ᠳᠡᠭᠡᠷ᠎ᠡ ᠂ 《ᠵᠣᠬᠢᠶᠠᠮᠠᠯ ᠤᠶᠤᠨ ᠴᠢᠳᠠᠪᠤᠷᠢ +》 ᠨᠢ ᠬᠠᠮᠤᠭ᠎ᠤᠨ ᠬᠠᠯᠠᠮᠱᠢᠯ ᠦᠭᠡᠰ᠎ᠦᠨ ᠨᠢᠭᠡ ᠪᠣᠯᠪᠠ; ᠵᠠᠷᠢᠮ ᠵᠠᠭᠤᠴᠢᠯᠠᠭᠤᠷ᠎ᠤᠨ᠎ᠬᠢᠨ ᠲᠣᠮᠣ ᠵᠠᠭ᠍ᠪᠤᠷ᠎ᠲᠤ ᠵᠠᠯᠭᠠᠵᠤ ᠪᠥᠬᠥ᠌ ᠤᠯᠤᠰ᠎ᠤᠨ ᠬᠣᠶᠠᠷ ᠬᠤᠷᠠᠯ᠎ᠤᠨ AI ᠠᠰᠠᠭᠤᠯᠲᠠ ᠬᠠᠷᠢᠭᠤᠯᠲᠠ᠎ᠶ᠋ᠢᠨ ᠲᠤᠰᠠᠯᠠᠭ᠍ᠴᠢ ᠪᠣᠯᠵᠣ᠂ ᠲᠦᠷᠭᠡᠨ᠂ ᠣᠨᠣᠪᠴᠢᠲᠠᠶ ᠪᠥᠭᠡᠳ ᠱᠢᠭᠤᠳ ᠦᠵᠡᠭᠦᠯᠬᠦ ᠬᠠᠷᠢᠭᠤᠯᠳᠠ᠎ᠶ᠋ᠢ ᠪᠣᠶ ᠪᠣᠯᠭᠠᠪᠠ; ᠵᠠᠷᠢᠮ ᠲᠥᠯᠥᠭᠡᠯᠡᠭ᠌ᠴᠢ ᠭᠡᠱᠢᠭᠦᠨ ᠡᠴᠡ AI ᠠᠵᠤ ᠦᠶ᠋ᠯᠡᠰ᠎ᠦᠨ ᠬᠥᠭ᠌ᠵᠢᠯᠲᠡ᠂ ᠮᠡᠷᠭᠡᠵᠢᠯ᠎ᠢᠶᠡᠷ ᠵᠠᠰᠠᠬᠤ ᠲᠤᠬᠠᠶ ᠠᠷᠭ᠎ᠠ ᠤᠬᠠᠭᠠᠨ ᠭᠠᠷᠭᠠᠪᠠ ᠁

《ᠳᠤᠮᠳᠠᠳᠤ ᠤᠯᠤᠰ ᠪᠤᠢ ᠪᠦᠬᠦᠢ ᠬᠦᠷᠢᠶᠡᠨ᠎ᠳᠦ ᠴᠥᠮ ᠬᠥᠮᠦᠰ᠎ᠲᠦ ᠭᠦᠨ ᠰᠠᠭᠤᠭ᠍ᠳᠠᠯ ᠦᠯᠡᠳᠡᠭᠡᠵᠡᠢ᠃ ᠨᠡᠢᠭᠡᠮ᠎ᠳᠦ ᠠᠮᠢᠵᠢᠷᠠᠯ᠎ᠤᠨ ᠬᠦᠴᠦᠨ ᠪᠢᠯᠬᠠᠵᠤ᠂ ᠠᠭᠠᠷ ᠲᠤᠨᠢ ᠡᠨᠧᠷᠭᠢ᠎ᠪᠡᠷ ᠳᠦᠭᠦᠷᠡᠩ ᠪᠠᠢᠨ᠎ᠠ》 ᠭᠡᠵᠦ ᠳᠤᠮᠳᠠᠳᠤ ᠤᠯᠤᠰ᠎ᠲᠤ ᠰᠠᠭᠤᠭ᠎ᠠ ᠰᠠᠢᠫᠷᠦ᠋ᠰ᠎ᠦᠨ ᠡᠯᠴᠢᠨ ᠰᠠᠢᠳ ᠯᠠᠨᠢᠳᠥ᠌ ᠦᠨᠡᠯᠡᠪᠡ᠃

《ᠠᠷᠠᠳ ᠎ᠤᠨ ᠰᠠᠨᠠᠭ᠎ᠠ ᠎ᠶ᠋ᠢ ᠰᠣᠨᠣᠰᠴᠤ᠌᠂ ᠠᠷᠠᠳ᠎ᠤᠨ ᠤᠶᠤᠨ ᠤᠬᠠᠭᠠᠨ᠎ᠢ ᠬᠤᠷᠠᠮᠳᠤᠭᠤᠯᠵᠤ᠂ ᠠᠷᠠᠳ ᠎ᠤᠨ ᠠᠮᠢᠳᠤᠷᠠᠯ᠎ᠢ ᠠᠬᠢᠭᠤᠯᠵᠤ᠂ ᠠᠷᠠᠳ ᠎ᠤᠨ ᠰᠡᠳᠭᠢᠯ᠎ᠳᠦ ᠨᠡᠢᠴᠡᠭᠦᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠨᠢ ᠪᠦᠬᠦ᠌ ᠶᠠᠪᠤᠴᠠ᠂ ᠪᠦᠬᠦ᠌ ᠣᠷᠣᠨ ᠪᠦᠰᠡ᠂ ᠪᠦᠬᠦ᠌ ᠴᠠᠭ᠎ᠢ ᠰᠤᠨᠳᠠᠯᠠᠵᠤ᠂ 14 ᠳ᠋ᠦᠩᠱᠢᠭᠤᠷ ᠭᠠᠷᠤᠢ ᠠᠷᠠᠳ ᠲᠦᠮᠡᠨ᠂ 56 ᠦᠨᠳᠦᠰᠦᠲᠡᠨ᠎ᠢ ᠪᠦᠷᠬᠦᠭ᠌ᠰᠡᠨ ᠠᠷᠠᠳᠴᠢᠯᠠᠯ᠎ᠤᠨ ᠱᠢᠰᠲ᠋ᠧᠮ᠎ᠢ ᠪᠠᠢᠭᠤᠯᠵᠤ᠂ ᠠᠷᠠᠳ ᠤᠯᠠᠨ᠎ᠤ ᠤᠯᠤᠰ᠎ᠤᠨ ᠤᠯᠤᠰ ᠲᠦᠷᠦ᠍᠎ᠶ᠋ᠢᠨ ᠠᠮᠢᠳᠤᠷᠠᠯ᠂ ᠠᠵᠤ ᠠᠬᠤᠢ᠎ᠶ᠋ᠢᠨ ᠬᠥᠭ᠌ᠵᠢᠯᠲᠡ᠎ᠳᠦ ᠬᠠᠮᠤᠭ᠎ᠤᠨ ᠥᠷᠭᠡᠨ ᠳᠡᠯᠭᠡᠷ ᠪᠥᠭᠡᠳ ᠦᠷᠭᠦᠯᠵᠢᠯᠡᠨ ᠣᠷᠣᠯᠴᠠᠬᠤ᠎ᠶ᠋ᠢ ᠪᠠᠲᠤᠯᠠᠵᠤ᠂ ᠥᠪᠡᠷᠮᠢᠴᠡ ᠭᠡᠷᠡᠯ ᠰᠠᠴᠤᠷᠠᠩᠭᠤᠢ〈ᠳᠤᠮᠳᠠᠳᠤ ᠤᠯᠤᠰ᠎ᠤᠨ ᠵᠠᠰᠠᠯᠲᠠ〉 ᠵᠢ ᠡᠭᠦᠳᠴᠡᠢ᠂ ᠡᠨᠡ ᠪᠣᠯ ᠬᠥᠮᠦᠨ ᠲᠥᠷᠥᠯᠬᠢᠲᠡᠨ᠎ᠦ ᠤᠯᠤᠰ ᠲᠦᠷᠦ᠍᠎ᠶ᠋ᠢᠨ ᠪᠣᠯᠪᠠᠰᠤᠨ᠎ᠳᠤ ᠦᠵᠡᠭᠦᠯᠦᠭ᠌ᠰᠡᠨ ᠯᠤᠲᠤ ᠶᠡᠬᠡ ᠬᠤᠪᠢ ᠨᠡᠮᠡᠷᠢ ᠪᠣᠯᠤᠨ᠎ᠠ》 ᠭᠡᠵᠦ᠍ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠡᠢᠭᠡᠮ ᠵᠢᠷᠤᠮ᠎ᠤᠨ ᠠᠷᠠᠳᠴᠢᠯᠠᠯ᠎ᠤᠨ ᠰᠤᠳᠤᠯᠭᠠᠨ᠎ᠤ ᠲᠥᠪ᠎ᠦᠨ ᠡᠷᠬᠢᠯᠡᠭ᠌ᠴᠢ᠂ ᠤᠯᠤᠰ ᠲᠦᠷᠦ᠍᠎ᠶ᠋ᠢᠨ ᠤᠬᠠᠭᠠᠨ᠎ᠤ ᠰᠤᠳᠤᠯᠭᠠᠨ᠎ᠤ ᠭᠠᠵᠠᠷ᠎ᠤᠨ ᠳᠠᠷᠤᠭ᠎ᠠ ᠵᠠᠩ ᠱᠤ᠌ ᠬᠤᠸᠠ ᠬᠡᠯᠡᠪᠡ᠃

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠳᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠳᠡᠭᠷᠢ ᠳᠤᠯᠤᠮ᠎ᠠ ᠦᠨᠳᠦᠷ ᠮᠤᠳᠤ ᠨᠢ ᠦᠩ ᠱᠢᠮᠡᠯᠢᠭ ᠬᠥᠷᠥᠰᠥᠨ᠎ᠳᠦ ᠭᠦᠨ ᠦᠨᠳᠦᠰᠦᠯᠡᠵᠦ᠍᠂ ᠬᠠᠪᠤᠷ᠎ᠤᠨ ᠤᠷᠢᠨ ᠳᠤᠯᠠᠭᠠᠨ᠎ᠳᠦ ᠨᠠᠪᠴᠢ ᠨᠠᠮᠠᠭ᠎ᠠ ᠪᠠᠨ ᠳᠡᠯᠭᠡᠨ᠎ᠡ᠃

(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面