2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠳᠤᠷᠠᠨ ᠬᠠᠷᠠᠭ᠎ᠠ

2025-03-08 11:13:27

ᠵᠣᠬᠢᠶᠠᠭ᠍ᠴᠢ᠄ ᠵᠠᠩ ᠺᠦᠶ ᠮᠠ ᠵᠢᠶᠠᠨ ᠪᠢᠩ ᠣᠩᠱᠢᠭ᠍ᠰᠠᠨ ᠣᠳᠠᠭ᠎ᠠ᠄ 3


QQ20250308-105213.png


ᠬᠣᠪᠣᠷ ᠱᠢᠷᠣᠶ ᠪᠣᠯ ᠮᠠᠨ᠎ᠤ ᠤᠯᠤᠰ᠎ᠤᠨ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠂ ᠪᠠᠰᠠ ᠴᠤ᠌ ᠳᠠᠬᠢᠨ ᠡᠭᠦᠰᠴᠦ᠍ ᠥᠯᠥ᠍ ᠪᠣᠯᠬᠤ ᠡᠬᠢ ᠪᠠᠶᠠᠯᠢᠭ ᠮᠥᠨ᠃ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ᠎ᠤᠨ ᠬᠤᠭᠤᠴᠠᠭᠠᠨ᠎ᠳᠤ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠤᠭᠤᠲᠤ᠎ᠶ᠋ᠢᠨ ᠪᠤᠯᠤᠳ ᠲᠡᠮᠦᠷ(ᠪᠦᠯᠦᠭ᠌ᠯᠡᠯ) ᠎ᠤ᠋ᠨ ᠺᠣᠮᠫᠠᠨᠢ᠎ᠶ᠋ᠢᠨ ᠨᠠᠮ᠎ᠤᠨ ᠬᠤᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠮᠸᠩ ᠹᠠᠨ ᠶᠢᠩ ᠤᠯᠤᠰ᠎ᠤᠨ ᠪᠠᠢᠯᠳᠤᠬᠤ ᠪᠤᠳᠤᠯᠭ᠎ᠠ ᠪᠣᠯᠤᠨ ᠥᠭᠡᠷᠡᠴᠢᠯᠡᠯᠲᠡ ᠬᠥᠭ᠌ᠵᠢᠯᠲᠡ᠎ᠳᠦ ᠦᠢᠯᠡᠴᠢᠯᠡᠬᠦ ᠲᠠᠯ᠎ᠠ ᠡᠴᠡ ᠪᠤᠳᠤᠯᠬᠢᠯᠠᠵᠤ᠂ ᠬᠣᠪᠣᠷ ᠱᠢᠷᠣᠢ᠎ᠶ᠋ᠢᠨ ᠠᠵᠤ ᠦᠢᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠢᠨ ᠲᠤᠭᠤᠷᠢᠨ᠎ᠳᠦ᠂ ᠶᠡᠬᠡ ᠬᠡᠪᠴᠢᠶ᠎ᠡ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠱᠢᠯᠲᠠ᠎ᠶ᠋ᠢᠨ ᠲᠦᠷᠦᠯ ᠵᠦᠢᠯ᠎ᠦᠨ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠬᠦ᠌ ᠵᠡᠷᠭᠡ ᠲᠠᠯ᠎ᠠ᠎ᠪᠠᠷ ᠰᠠᠨᠠᠭᠤᠯᠭ᠎ᠠ ᠳᠤᠷᠠᠳᠴᠠᠢ᠃

ᠮᠸᠩ ᠹᠠᠨ ᠶᠢᠩ᠂ ᠥᠪᠥᠷ ᠮᠣᠩᠭᠣᠯ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠵᠤ᠂ ᠨᠢᠭᠡ ᠪᠦᠯᠦᠭ ᠠᠺᠠᠳᠧᠮᠢᠴᠢ᠂ ᠲᠤᠰᠭᠠᠶ ᠮᠡᠷᠭᠡᠵᠢᠯᠲᠡᠨ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ 《ᠦᠢᠯᠡᠳᠪᠤᠷᠢᠯᠡᠬᠦ᠂ ᠵᠢᠭᠠᠨ ᠰᠤᠷᠭᠠᠬᠤ᠂ ᠰᠤᠳᠤᠯᠬᠤ᠂ ᠬᠡᠷᠡᠭ᠌ᠯᠡᠬᠦ᠌》ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠱᠢᠨ᠎ᠡ᠎ᠶ᠋ᠢ ᠡᠭᠦᠳᠬᠦ᠌ ᠡᠩᠨᠡᠭᠡ᠎ᠶ᠋ᠢ ᠴᠤᠭ᠍ᠯᠠᠷᠠᠭᠤᠯᠵᠤ᠂ ᠨᠢᠭᠡ ᠪᠦᠯᠦᠭ ᠪᠣᠭᠣᠮᠲᠠ ᠱᠢᠪᠲᠤᠯᠬᠤ ᠲᠥᠷᠥᠯ ᠵᠦᠶ᠋ᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ 《ᠬᠣᠪᠣᠷ ᠱᠢᠷᠣᠶ᠎ᠶ᠋ᠢᠨ ᠬᠣᠶᠠᠷ ᠰᠠᠭᠤᠷᠢᠨ》 ᠤ᠋ ᠪᠥᠲᠥᠭᠡᠨ ᠪᠠᠢᠭᠤᠯᠤᠯᠲᠠ᠎ᠶ᠋ᠢ ᠠᠬᠢᠭᠤᠯᠪᠠ ᠭᠡᠵᠦ ᠲᠠᠨᠢᠯᠴᠠᠭᠤᠯᠪᠠ᠃ ᠲᠡᠷᠡ᠂ ᠬᠣᠪᠣᠷ ᠱᠢᠷᠣᠶ᠎ᠶ᠋ᠢᠨ ᠬᠦᠷᠢᠶᠡᠨ᠎ᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠴᠤ ᠠᠭᠤᠰᠤᠯᠴᠠᠨ ᠬᠥᠭ᠌ᠵᠢᠬᠦ᠌᠎ᠶ᠋ᠢ ᠳᠡᠮᠵᠢᠬᠦ᠌ ᠡᠷᠴᠢᠮ ᠎ᠢ ᠤᠯᠠᠮ ᠴᠢᠩᠭᠠᠷᠠᠭᠤᠯᠵᠤ᠂ ᠣᠲᠣ᠎ᠶ᠋ᠢᠨ ᠪᠠᠢᠭ᠎ᠠ ᠰᠠᠭᠤᠷᠢᠨ ᠳᠡᠭᠡᠷ᠎ᠡ᠂ ᠬᠣᠪᠣᠷ ᠱᠢᠷᠣᠶ᠎ᠶ᠋ᠢᠨ ᠬᠦᠷᠢᠶᠡᠨ᠎ᠳᠡᠬᠢ ᠤᠯᠤᠰ᠎ᠤᠨ ᠬᠣᠪᠣᠷ ᠱᠢᠷᠣᠶ᠎ᠶ᠋ᠢᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢ ᠪᠠᠢᠭᠤᠯᠵᠤ᠂ ᠬᠣᠪᠣᠷ ᠱᠢᠷᠣᠶ᠎ᠶ᠋ᠢᠨ ᠴᠢᠬᠤᠯᠠ ᠶᠡᠬᠡ ᠠᠩᠬᠠᠠ᠎ᠤ ᠡᠭᠦᠳᠦᠯᠲᠡ᠎ᠶ᠋ᠢᠨ ᠮᠡᠷᠭᠡᠵᠢᠯ᠎ᠦᠨ ᠭᠤᠯᠤᠮᠳᠠ᠂ ᠭᠤᠤᠯᠯᠠᠬᠤ ᠮᠡᠷᠭᠡᠵᠢᠯ᠎ᠦᠨ ᠬᠠᠩᠭᠠᠯᠭ᠎ᠠ᠎ᠶ᠋ᠢᠨ ᠭᠠᠵᠠᠷ ᠪᠣᠯᠤᠨ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭᠠᠨ᠎ᠤ ᠲᠥᠪ᠎ᠢ ᠪᠠᠢᠭᠤᠯᠵᠤ᠂ ᠮᠠᠨ᠎ᠤ ᠤᠯᠤᠰ᠎ᠤᠨ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠦᠴᠦᠨ᠂ ᠠᠵᠤ ᠦᠶ᠋ᠯᠡᠰ᠎ᠦᠨ ᠬᠥᠲᠥᠯᠥᠨ ᠳᠠᠭᠠᠭᠤᠯᠬᠤ ᠬᠦᠴᠦᠨ᠂ ᠡᠬᠢ ᠪᠠᠶᠠᠯᠢᠭ᠎ᠢ ᠡᠵᠡᠮᠳᠡᠬᠦ᠌ ᠬᠦᠴᠦᠨ᠂ ᠳᠡᠯᠡᠬᠡᠶ᠎ᠳᠡᠬᠢ ᠨᠥᠯᠥᠭᠡᠯᠡᠬᠦ᠌ ᠬᠦᠴᠦᠨ᠎ᠢ ᠪᠡᠬᠢᠵᠢᠭᠦᠯᠦᠨ ᠥᠷᠭᠡᠳᠭᠡᠪᠡᠯ ᠵᠤᠬᠢᠨ᠎ᠠ ᠭᠡᠵᠦ ᠰᠠᠨᠠᠭᠤᠯᠭ᠎ᠠ ᠲᠤᠷᠠᠳᠪᠠ᠃

ᠮᠸᠩ ᠹᠠᠨ ᠶᠢᠩ ᠪᠠᠰᠠ ᠶᠡᠬᠡ ᠬᠡᠪᠴᠢᠶ᠎ᠡ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠱᠢᠯᠲᠠ᠎ᠶ᠋ᠢᠨ ᠲᠦᠷᠦᠯ ᠵᠦᠶ᠋ᠯ᠎ᠦᠨ ᠬᠣᠯᠪᠣᠭ᠍ᠳᠠᠯ ᠪᠥᠬᠥᠶ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠪᠡᠯ ᠵᠤᠬᠢᠨ᠎ᠠ ᠭᠡᠵᠦ᠍ ᠰᠠᠨᠠᠭᠤᠯᠪᠠ᠃ ᠲᠡᠷᠡ᠂ ᠶᠡᠬᠡ ᠬᠡᠪᠴᠢᠶ᠎ᠡ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠱᠢᠯᠲᠠ᠎ᠶ᠋ᠢᠨ ᠲᠦᠷᠦᠯ ᠵᠦᠢᠯ ᠪᠣᠯ ᠲᠤᠷᠱᠢᠯᠲᠠ᠎ᠶ᠋ᠢᠨ ᠲᠠᠰᠤᠭ᠎ᠤᠨ ᠰᠤᠳᠤᠯᠤᠨ ᠨᠡᠭᠡᠭᠡᠬᠦ᠌ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠠᠵᠤ ᠦᠢᠯᠡᠰᠵᠢᠭᠦᠯᠬᠦ᠌ ᠬᠥᠭᠥᠷᠭᠡ ᠮᠦᠨ᠂ ᠮᠡᠷᠭᠡᠵᠢᠯ᠎ᠤᠨ ᠱᠢᠯᠭᠠᠨ ᠪᠠᠲᠤᠯᠠᠯᠳᠠ ᠬᠢᠬᠦ᠎ᠴᠢᠬᠤᠯᠠᠳᠠᠢ᠂ ᠠᠵᠢᠯ᠎ᠤᠨ ᠬᠤᠭᠤᠴᠠᠭ᠎ᠠ ᠨᠢ ᠲᠣᠭ᠍ᠲᠠᠪᠤᠷᠢ ᠦᠭᠡᠢ᠂ ᠦᠷ᠎ᠡ ᠠᠱᠢᠭ᠎ᠢ ᠨᠢ ᠦᠨᠡᠯᠡᠬᠦ᠌᠎ᠳᠦ ᠬᠦᠴᠢᠷ ᠵᠡᠷᠭᠡ ᠣᠨᠴᠠᠯᠢᠭ᠎ᠲᠠᠶ᠃ ᠣᠳᠣᠬᠠᠨ᠎ᠳᠤ ᠡᠯ᠎ᠡ ᠭᠠᠵᠠᠷ᠎ᠤᠨ᠎ᠬᠢᠨ ᠶᠡᠬᠡ ᠬᠡᠪᠴᠢᠶ᠎ᠠ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠱᠢᠯᠲᠠ᠎ᠶ᠋ᠢᠨ ᠲᠥᠷᠥᠯ ᠵᠦᠶ᠋ᠯ᠎ᠦᠨ ᠬᠠᠮᠢᠶᠠᠷᠤᠯᠲᠠ᠎ᠶ᠋ᠢᠨ ᠲᠠᠯ᠎ᠠ ᠪᠠᠷ ᠨᠡᠯᠢᠶᠡᠳ ᠪᠣᠯᠪᠠᠰᠤᠷᠠᠩᠭᠤᠶ ᠵᠠᠭ᠍ᠪᠤᠷ ᠬᠠᠷᠠᠬᠠᠨ ᠥᠬᠡᠶ ᠪᠠᠢᠭ᠍ᠰᠠᠭᠠᠷ᠃ ᠡᠢᠮᠦ᠍᠎ᠡᠴᠡ ᠦᠵᠦ᠍ ᠲᠥᠯᠥᠪᠯᠡᠭᠡ᠎ᠶ᠋ᠢ ᠴᠢᠩᠭᠠᠳᠭᠠᠵᠤ᠂ ᠶᠡᠬᠡ ᠬᠡᠪᠴᠢᠶ᠎ᠠ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠱᠢᠯᠲᠠ᠎ᠶ᠋ᠢᠨ ᠲᠦᠷᠦᠯ ᠵᠦᠢᠯ᠎ᠳᠦ ᠲᠤᠬᠢᠷᠠᠬᠤ ᠲᠦᠷᠦ᠍᠎ᠶ᠋ᠢᠨ ᠪᠤᠳᠤᠯᠭ᠎ᠠ ᠬᠠᠤᠯᠢ ᠲᠦᠷᠢᠮ᠎ᠦᠨ ᠱᠢᠰᠲ᠋ᠧᠮ᠎ᠢ ᠪᠠᠢᠭᠤᠯᠤᠨ ᠪᠦᠷᠢᠨᠱᠢᠬᠦᠯᠬᠦ᠌ ᠵᠢᠨ ᠬᠠᠮᠲᠤ ᠲᠦᠷᠦ᠍᠎ᠶ᠋ᠢᠨ ᠪᠤᠳᠤᠯᠭ᠎ᠠ᠎ᠶ᠋ᠢᠨ ᠬᠠᠷᠠᠭᠠᠯᠵᠠᠯ᠎ᠤᠨ ᠳᠡᠮᠵᠢᠯᠭᠡ ᠦᠵᠡᠭᠦᠯᠬᠦ᠌ ᠬᠡᠷᠡᠭ᠌ᠲᠡᠢ᠃ ᠡᠭᠦᠨ᠎ᠦ ᠬᠠᠮᠲᠤ ᠣᠷᠣᠨ ᠨᠤᠲᠤᠭ᠎ᠤᠨ᠎ᠬᠢᠨ᠎ᠦ ᠶᠡᠬᠡ ᠬᠡᠪᠴᠢᠶ᠎ᠡ ᠪᠡᠷ ᠦᠢᠯᠡᠳᠪᠦᠷᠢᠯᠡᠬᠦ ᠡᠴᠡ ᠡᠮᠦᠨᠡᠬᠢ ᠲᠤᠷᠱᠢᠯᠲᠠ᠎ᠶ᠋ᠢᠨ ᠲᠥᠷᠥᠯ ᠵᠦᠶ᠋ᠯ᠎ᠦᠨ ᠬᠠᠮᠢᠶᠠᠷᠤᠯᠲᠠ᠎ᠶ᠋ᠢᠨ ᠱᠢᠨ᠎ᠡ ᠵᠠᠭ᠍ᠪᠤᠷ᠎ᠢ ᠰᠦᠪᠡᠭ᠌ᠴᠢᠯᠡᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ ᠪᠠ ᠴᠢᠨᠠᠷ ᠰᠠᠢᠲᠠᠶ ᠬᠥᠭ᠌ᠵᠢᠬᠦᠯᠬᠦ᠎ᠵᠢ ᠨᠠᠩ ᠰᠠᠢᠲᠤᠷ ᠲᠤᠯᠭᠠᠭᠤᠷᠢᠯᠠᠬᠤ ᠬᠡᠷᠡᠭ᠌ᠲᠡᠶ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面