2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠳᠤᠷᠠᠨ ᠬᠠᠷᠠᠭ᠎ᠠ

2025-03-08 11:17:26

ᠵᠣᠬᠢᠶᠠᠭ᠍ᠴᠢ᠄ ᠰᠦᠩ ᠱᠤᠸᠠᠩ ᠸᠠᠩ ᠫᠸᠩ ᠣᠩᠱᠢᠭ᠍ᠰᠠᠨ ᠣᠳᠠᠭ᠎ᠠ᠄ 3


QQ20250308-105221.png


《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠥᠩᠭᠡᠷᠡᠭ᠌ᠰᠡᠨ ᠨᠢᠭᠡ ᠵᠢᠯ᠎ᠳᠦ ᠮᠠᠨ᠎ᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠱᠢᠨ᠎ᠡ ᠰᠠᠢᠵᠢᠷᠠᠯᠲᠠ᠎ᠲᠠᠶ ᠪᠤᠯᠵᠥ᠍᠂ ᠭᠠᠵᠠᠷ ᠳᠡᠭᠡᠷᠡᠬᠢ ᠤᠰᠤᠨ᠎ᠤ ᠱᠢᠯᠢᠳᠡᠭ ᠤᠰᠤᠨ᠎ᠤ ᠣᠭ᠍ᠲᠣᠯᠤᠭᠠᠰᠤ᠎ᠶ᠋ᠢᠨ ᠬᠠᠷᠢᠴᠠᠯ 90.4% ᠪᠣᠯᠵᠤ ᠳᠡᠭᠡᠭ᠌ᠰᠢᠯᠡᠪᠡ᠃ 2025 ᠣᠨ᠎ᠤ᠋ ᠠᠵᠢᠯ ᠢ᠋ ᠪᠠᠢᠷᠢᠯᠠᠭᠤᠯᠬᠤ ᠳᠤᠮᠳᠠ᠂ ᠭᠤᠤᠯᠳᠠᠯᠭ᠎ᠠ᠎ᠲᠠᠶ ᠡᠨᠧᠷᠭᠢ ᠬᠡᠷᠡᠭ᠌ᠯᠡᠬᠦ᠌ ᠤᠰᠤ ᠬᠡᠷᠡᠭ᠌ᠯᠡᠬᠦ᠌ ᠵᠢᠨ ᠨᠢᠭᠡᠴᠢ᠎ᠵᠢᠨ ᠡᠨᠧᠷᠭᠢ ᠠᠷᠪᠢᠯᠠᠬᠤ ᠤᠰᠤ ᠠᠷᠪᠢᠯᠠᠬᠤ ᠬᠠᠮᠢᠶᠠᠷᠤᠯᠲᠠ᠎ᠶ᠋ᠢ ᠴᠢᠩᠭᠠᠳᠭᠠᠨ᠎ᠠ ᠭᠡᠵᠦ᠍ ᠳᠤᠷᠠᠳᠪᠠ᠃ ᠡᠨᠡ ᠨᠢ ᠨᠠᠳᠠ ᠵᠢ ᠲᠤᠢᠯ᠎ᠢᠶᠠᠷ ᠤᠷᠮᠠᠱᠢᠭᠤᠯᠤᠭ᠍ᠰᠠᠨ ᠪᠥᠭᠡᠳ ᠬᠠᠷᠢᠭᠤᠴᠠᠯᠭ᠎ᠠ ᠬᠦᠨᠳᠦ ᠶᠡᠬᠡ ᠬᠡᠳᠡᠭ᠎ᠢ ᠴᠦ᠍ ᠭᠦᠨ ᠮᠡᠳᠡᠷᠡᠬᠦᠯᠪᠡ》 ᠭᠡᠵᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠯᠢ ᠪᠢᠨ ᠬᠡᠯᠡᠪᠡ᠃

《ᠥᠪᠥᠷ ᠮᠣᠩᠭᠣᠯ ᠪᠣᠯ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠲᠣᠮᠣ ᠤᠷᠤᠨ ᠮᠦᠨ᠂ ᠭᠡᠪᠡᠴᠦ᠍ ᠤᠰᠤᠨ᠎ᠤ ᠡᠬᠢ ᠪᠠᠶᠠᠯᠢᠭ ᠲᠡᠢᠮᠦ᠍ ᠭᠦᠶ᠋ᠴᠡᠳ ᠪᠢᠰᠢ᠃ ᠡᠭᠦᠨ᠎ᠳᠦ᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ ᠪᠣᠯ ᠮᠠᠨ᠎ᠤ ᠤᠯᠤᠰ᠎ᠤᠨ ᠴᠢᠬᠤᠯᠠ ᠠᠮᠤ ᠪᠤᠳᠠᠭᠠᠨ᠎ᠤ ᠦᠢᠯᠡᠳᠪᠦᠷᠢᠯᠡᠯ᠎ᠦᠨ ᠣᠷᠣᠨ᠂ ᠬᠣᠷᠴᠢᠨ᠎ᠤ ᠡᠯᠡᠰᠦᠷᠬᠡᠭ ᠭᠠᠵᠠᠷ᠎ᠤ᠋ᠨ ᠰᠦᠨᠦᠭᠡᠯᠳᠠ ᠵᠢᠨ ᠳᠠᠢᠯᠠᠯᠳᠤᠭᠠᠨ ᠤ᠋ ᠭᠣᠣᠯ ᠲᠠᠯᠠᠪᠤᠷ ᠪᠠᠢᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ ᠪᠣᠯᠤᠨ ᠠᠮᠢ ᠠᠬᠤᠶ᠎ᠶ᠋ᠢᠨ ᠠᠮᠤᠷ ᠲᠦᠪᠱᠢᠨ᠎ᠢ ᠪᠠᠲᠤᠯᠠᠬᠤ᠎ᠳᠤ ᠴᠢᠬᠤᠯᠠ ᠦᠢᠯᠡᠳᠦᠯ ᠦᠵᠡᠭᠦᠯᠵᠦ᠍ ᠪᠠᠢᠨ᠎ᠠ》᠃ ᠯᠢ ᠪᠢᠨ ᠥᠩᠭᠡᠷᠡᠭ᠌ᠰᠡᠨ᠎ᠦ ᠮᠠᠰᠢ ᠣᠷᠳᠣ ᠬᠤᠭᠤᠴᠠᠭᠠᠨ᠎ᠳᠤ ᠮᠢᠨᠦ ᠡᠬᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠪᠠᠢᠴᠠᠭᠠᠨ ᠰᠤᠳᠤᠯᠤᠯᠲᠠ ᠨᠢ ᠴᠥᠮ ᠪᠠᠷᠠᠭᠤᠨ ᠯᠢᠶᠣᠤᠾᠧ ᠭᠤᠤᠯ᠎ᠤᠨ ᠠᠮᠢ ᠠᠬᠤᠶ᠎ᠶ᠋ᠢ ᠰᠡᠷᠭᠦᠭᠡᠬᠦ᠎ᠶ᠋ᠢᠨ ᠲᠣᠭᠣᠷᠢᠨ᠎ᠳᠤ ᠶᠠᠪᠤᠭ᠍ᠳᠠᠬᠰᠠᠨ ᠶᠤᠮ ᠭᠡᠪᠡ᠃

ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠵᠤ᠂ ᠠᠰᠠᠭᠤᠳᠠᠯ᠎ᠢ ᠱᠢᠢᠳᠪᠦᠷᠢᠯᠡᠬᠦ᠌᠎ᠳᠦ ᠵᠦᠪᠬᠡᠨ ᠤᠰᠤᠨ᠎ᠤ ᠲᠤᠬᠠᠢ ᠶᠠᠷᠢᠭᠠᠳ ᠯᠡ ᠪᠣᠯᠬᠤ ᠦᠬᠡᠢ᠂ ᠡᠷᠬᠡᠪᠰᠢ 《ᠤᠰᠤ ᠪᠡᠷ ᠲᠦᠷᠪᠡ ᠵᠢ ᠲᠤᠬᠳᠠᠭᠠᠬᠤ》ᠵᠠᠷᠴᠢᠮ ᠎ᠢ ᠨᠠᠢᠳᠠᠪᠤᠷᠢᠵᠢᠭᠤᠯᠵᠤ᠂ ᠦᠩᠬᠡᠨ ᠲᠠᠯ᠎ᠠ ᠪᠠ ᠦᠨᠳᠦᠰᠦᠨ᠎ᠡᠴᠡ ᠨᠢ ᠵᠠᠰᠠᠵᠤ᠂ ᠶᠡᠷᠦᠩᠬᠡᠢᠯᠡᠨ ᠵᠠᠰᠠᠵᠤ᠂ ᠭᠣᠣᠯ ᠮᠥᠷᠡᠨ ᠨᠠᠭᠤᠷ ᠪᠦᠷᠢᠳᠦ᠍᠎ᠶ᠋ᠢᠨ ᠠᠮᠢ ᠠᠬᠤᠢ᠎ᠶ᠋ᠢ ᠠᠯᠬᠤᠮ ᠠᠯᠬᠤᠮ᠎ᠢᠶᠠᠷ ᠰᠡᠷᠭᠦᠭᠡᠬᠦ᠌ ᠬᠡᠷᠡᠭ᠌ᠲᠡᠢ ᠬᠡᠵᠦ ᠯᠢ ᠪᠢᠨ ᠦᠵᠡᠵᠦ ᠪᠤᠢ᠃ ᠡᠭᠦᠨ ᠳ᠋ᠤ᠂ ᠣᠯᠠᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠤᠰᠤ ᠪᠠ ᠠᠮᠤ ᠪᠤᠳᠠᠭᠠᠨ᠎ᠤ ᠵᠥᠷᠢᠴᠡᠯ᠎ᠢ ᠱᠢᠶ᠋ᠳᠪᠦᠷᠢᠯᠡᠵᠦ᠍᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠂ ᠠᠮᠢ ᠠᠬᠤᠶ᠎ᠶ᠋ᠢᠨ ᠠᠮᠤᠷ ᠲᠦᠪᠱᠢᠨ᠂ ᠤᠰᠤᠨ᠎ᠤ ᠠᠮᠤᠷ ᠲᠦᠪᠱᠢᠨ᠎ᠦ ᠬᠠᠷᠠᠭᠠᠰᠤ᠎ᠡᠴᠡ ᠠᠮᠤ ᠪᠤᠳᠠᠭᠠᠨ᠎ᠤ ᠠᠮᠤᠷ ᠲᠦᠪᠱᠢᠨ᠂ ᠲᠠᠷᠢᠶᠠᠴᠢᠳ᠎ᠲᠤ᠌ ᠲᠦᠯᠦᠪᠦᠷᠢ ᠦᠭᠬᠦ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠬᠦᠯᠤᠨ ᠪᠣᠳᠣᠯᠬᠢᠯᠠᠵᠤ᠂ ᠪᠠᠷᠠᠭᠤᠨ ᠯᠢᠶᠣᠤᠾᠧ ᠭᠤᠤᠯ᠎ᠤᠨ ᠰᠠᠪᠠ ᠭᠠᠵᠠᠷ᠎ᠤᠨ ᠵᠠᠰᠠᠯᠲᠠ ᠪᠠ ᠬᠠᠮᠠᠭᠠᠯᠠᠯᠲᠠ᠎ᠶ᠋ᠢᠨ ᠠᠰᠠᠭᠤᠳᠠᠯ᠎ᠢ ᠱᠢᠰᠲ᠋ᠧᠮ᠎ᠲᠡᠶ ᠱᠢᠶ᠋ᠳᠪᠦᠷᠢᠯᠡᠪᠠᠯ ᠵᠤᠬᠢᠨ᠎ᠠ ᠭᠡᠵᠤ ᠰᠠᠨᠠᠭᠤᠯᠪᠠ᠃

《ᠪᠢᠳᠡ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠡᠷᠭᠡᠢᠯᠡᠨ ᠵᠠᠰᠠᠬᠤ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠬᠦ ᠭᠡᠷᠡᠭᠳᠠᠢ》᠃ ᠯᠢ ᠪᠢᠨ᠎ᠤ ᠦᠵᠡᠬᠦ ᠪᠡᠷ᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠢ ᠬᠥᠮᠦᠨ᠎ᠦ ᠬᠦᠴᠦ᠍᠎ᠪᠡᠷ ᠰᠡᠷᠭᠦᠭᠡᠨ ᠵᠠᠰᠠᠬᠤ᠎ᠳᠤ᠂ ᠪᠠᠢᠭᠠᠯᠢ᠎ᠶ᠋ᠢᠨ ᠵᠢᠮ᠎ᠡ ᠶᠣᠰᠣ᠎ᠶ᠋ᠢ ᠬᠦᠨᠳᠦᠳᠭᠡᠵᠦ᠍᠂《ᠤᠰᠤᠨ ᠤ᠋ ᠬᠡᠮᠵᠢᠶ᠎ᠠ ᠪᠡᠷ ᠨᠣᠭᠣᠭᠠᠷᠠᠭᠤᠯᠤᠯᠳᠠ ᠵᠢ ᠲᠣᠭ᠍ᠲᠠᠭᠠᠬᠤ 》ᠶ᠋ᠢ ᠨᠠᠢᠳᠠᠪᠤᠷᠢᠵᠢᠭᠤᠯᠵᠤ᠂ ᠤᠢᠵᠢᠭᠤᠯᠬᠤ᠎ᠳᠤ ᠲᠣᠬᠢᠷᠠᠮᠵᠢᠲᠠᠶ ᠪᠣᠯ ᠣᠢᠵᠢᠭᠤᠯᠵᠤ᠂ ᠡᠪᠡᠰᠦ ᠳᠠᠷᠢᠬᠤ᠎ᠳᠤ ᠲᠣᠬᠢᠷᠠᠮᠵᠢᠲᠠᠶ ᠪᠣᠯ ᠡᠪᠡᠰᠦ ᠳᠠᠷᠢᠵᠤ᠂ ᠡᠯᠡᠰᠦ ᠵᠢ ᠰᠢᠨᠵᠢᠯᠡᠬᠦ ᠤᠬᠠᠭᠠᠨᠴᠢ ᠪᠡᠷ ᠵᠠᠰᠠᠵᠤ᠂ ᠠᠲᠠᠷᠱᠢᠭᠤᠯᠬᠤ᠎ᠳᠤ ᠲᠣᠬᠢᠷᠠᠮᠵᠢᠲᠠᠶ ᠪᠣᠯ ᠠᠲᠠᠷᠱᠢᠭᠤᠯᠵᠤ᠂ ᠣᠷᠣᠨ ᠪᠦᠰᠡ᠎ᠶ᠋ᠢᠨ ᠬᠤᠷ᠎ᠠ ᠲᠣᠨᠳᠠᠰᠤ᠎ᠶ᠋ᠢᠨ ᠨᠥᠬᠥᠴᠡᠯ᠎ᠳᠤ ᠲᠤᠬᠢᠷᠠᠬᠤ ᠤᠷᠭᠤᠮᠠᠯ᠎ᠤᠨ ᠬᠤᠴᠢᠯᠭ᠎ᠠ᠎ᠶ᠋ᠢᠨ ᠲᠥᠷᠥᠯ ᠬᠡᠯᠪᠡᠷᠢ ᠪᠠ ᠡᠪᠡᠰᠤ ᠮᠤᠳᠤᠨ᠎ᠦ ᠬᠠᠷᠢᠴᠠᠯ᠎ᠢ ᠰᠤᠳᠤᠯᠵᠤ᠂ ᠤᠰᠤᠨ ᠤ᠋ ᠬᠡᠮᠵᠢᠶ᠎ᠠ ᠪᠡᠷ ᠨᠣᠭᠣᠭᠠᠷᠠᠭᠤᠯᠤᠯᠳᠠ ᠵᠢ ᠲᠣᠭ᠍ᠲᠠᠭᠠᠬᠤ᠂ ᠠᠶᠠᠨᠳᠠᠭᠠᠨ ᠰᠡᠷᠭᠦᠬᠦ᠎ᠪᠠᠷ ᠭᠣᠣᠯ ᠪᠣᠯᠭᠠᠵᠤ᠂ ᠬᠥᠮᠦᠨ᠎ᠦ ᠬᠦᠴᠦ᠍᠎ᠪᠡᠷ ᠰᠡᠷᠭᠦᠭᠡᠨ ᠵᠠᠰᠠᠬᠤ᠎ᠪᠠᠷ ᠬᠠᠪᠰᠤᠷᠤᠮᠵᠢ ᠪᠣᠯᠭᠠᠬᠤ᠎ᠶ᠋ᠢ ᠨᠠᠢᠳᠠᠪᠤᠷᠢᠵᠢᠭᠤᠯᠵᠤ᠂ ᠨᠢᠭᠡᠳᠦᠯᠲᠡᠶ ᠲᠥᠯᠥᠪᠵᠢᠬᠦᠯᠤᠨ ᠨᠡᠢᠲᠡ᠎ᠳᠦᠨᠢ ᠬᠠᠷᠠᠭᠠᠯᠵᠠᠵᠤ᠂ ᠪᠦᠬᠦᠯᠢ ᠴᠣᠭ᠍ᠴᠠ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠬᠣᠷᠴᠢᠨ᠎ᠤ ᠡᠯᠡᠰᠦᠷᠬᠡᠭ ᠭᠠᠵᠠᠷ᠎ᠤ᠋ᠨ ᠰᠦᠨᠦᠭᠡᠯᠳᠠ ᠵᠢᠨ᠌ ᠳᠠᠢᠯᠠᠯᠳᠤᠭᠠᠨ᠎ᠢ ᠴᠢᠨᠠᠷ ᠰᠠᠢᠲᠠᠶ ᠪᠠᠶᠠᠯᠡᠬᠦᠯᠬᠦ ᠴᠢᠬᠤᠯᠠᠳᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面