2025-03-06 13:05:51
ᠤᠣ ᠬᠤᠢ ᠷᠠᠨ᠄ ᠪᠥᠬᠥ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ᠂ ᠬᠥᠯᠥᠨ ᠪᠣᠢᠷ ᠬᠣᠲᠠ ᠵᠢᠨ ᠡᠸᠡᠩᠬᠢ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠰᠢᠭᠤᠨ ᠤ᠋ ᠨᠠᠮ ᠤ᠋ᠨ ᠬᠣᠷᠢᠶ᠎ᠠ ᠵᠢᠨ ᠳᠡᠳ᠋ ᠱᠦᠵᠢ ᠂ ᠬᠣᠰᠢᠭᠤᠨ ᠳᠠᠷᠤᠭ᠎ᠠ

ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠬᠡᠯ ᠳ᠋ᠦ 《ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠪᠠᠷ ᠭᠣᠣᠯ ᠰᠢᠵᠢᠮ ᠪᠣᠯᠭᠠᠵᠤ᠂ ᠦᠨᠳᠦᠰᠦᠲᠡᠨ ᠤ᠋ ᠣᠷᠣᠨ ᠤ᠋ ᠥᠪᠡᠷᠲᠡᠭᠡᠨ ᠵᠠᠰᠠᠬᠤ ᠪᠠᠢᠭᠤᠯᠤᠯ ᠢ᠋ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠤ᠋ ᠪᠦᠯᠬᠦᠮᠳᠡᠯ ᠲᠠᠪᠰᠢᠯᠳᠠ ᠵᠢᠨ ᠦᠢᠯᠡᠰ ᠢ᠋ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠦᠨᠳᠦᠰᠦᠲᠡᠨ ᠤ᠋ ᠭᠠᠵᠠᠷ ᠣᠷᠣᠨ ᠤ᠋ ᠣᠳᠣᠬᠢᠴᠢᠯᠠᠬᠤ ᠪᠦᠳᠦᠭᠡᠨ ᠪᠠᠢᠭᠤᠯᠤᠯᠲᠠ ᠵᠢᠨ ᠠᠯᠬᠤᠭ᠎ᠠ ᠵᠢ ᠲᠦᠷᠭᠡᠳᠬᠡᠨ᠎ᠡ》 ᠭᠡᠵᠦ ᠳᠤᠷᠠᠳᠴᠠᠶ᠂ ᠡᠨᠡ ᠨᠢ ᠮᠢᠨᠦ ᠮᠦᠷᠤᠨ ᠳᠡᠭᠡᠷᠡᠬᠢ ᠬᠠᠷᠢᠭᠤᠴᠠᠯᠭ᠎ᠠ ᠵᠢ ᠨᠡᠩ ᠶᠡᠬᠡ ᠪᠣᠯᠭᠠᠭᠰᠠᠨ ᠪᠠᠢᠨ᠎ᠠ᠃
ᠤᠢᠷ᠎ᠠ ᠵᠢᠨ ᠵᠢᠯ ᠤ᠋ᠨ ᠳᠤᠷᠰᠢ᠂ ᠡᠸᠡᠩᠬᠢ ᠦᠨᠳᠦᠰᠦᠲᠡᠨ ᠤ᠋ ᠥᠪᠡᠷᠲᠡᠭᠡᠨ ᠵᠠᠰᠠᠬᠤ ᠬᠣᠰᠢᠭᠤᠨ ᠤ᠋ ᠨᠠᠮ ᠤ᠋ᠨ ᠬᠣᠷᠢᠢ᠎ᠠ᠂ ᠬᠣᠰᠢᠭᠤᠨ ᠤ᠋ ᠵᠠᠰᠠᠭ ᠤ᠋ᠨ ᠣᠷᠳᠣᠨ ᠶᠡᠷᠦᠩᠬᠡᠢ ᠱᠦᠵᠢ ᠰᠢ ᠵᠢᠨ ᠫᠢᠩ ᠤ᠋ᠨ ᠦᠨᠳᠦᠰᠦᠲᠡᠨ ᠤ᠋ ᠠᠵᠢᠯ ᠢ᠋ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠪᠠᠷ ᠭᠣᠣᠯ ᠰᠢᠵᠢᠮ ᠪᠣᠯᠭᠠᠵᠤ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠦᠨᠳᠦᠰᠦᠲᠡᠨ ᠤ᠋ ᠪᠦᠯᠬᠦᠮᠳᠡᠯ ᠲᠠᠪᠰᠢᠯᠳᠠ ᠵᠢ ᠡᠭᠦᠳᠦᠨ ᠪᠠᠢᠭᠤᠯᠬᠤ ᠠᠵᠢᠯ ᠢ᠋ ᠪᠦᠬᠦ ᠲᠠᠯ᠎ᠠ ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠡᠢ᠃ ᠬᠣᠢᠰᠢᠳᠠ ᠪᠢᠳᠠ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠳᠤ ᠴᠤᠭᠴᠠᠯᠠᠬᠤ ᠤᠬᠠᠭᠤᠯᠭ᠎ᠠ ᠬᠥᠮᠦᠵᠢᠯ ᠢ᠋ ᠦᠷᠭᠦᠯᠵᠢᠯᠡᠨ ᠥᠷᠨᠢᠭᠦᠯᠵᠦ᠂ ᠺᠠᠳ᠋ᠷ ᠤ᠋ᠨ ᠬᠥᠮᠦᠵᠢᠯ᠂ ᠨᠠᠮ ᠤ᠋ᠨ ᠭᠡᠰᠢᠭᠦᠨ ᠤ᠋ ᠬᠥᠮᠦᠵᠢᠯ᠂ ᠤᠯᠤᠰ ᠠᠷᠠᠳ ᠤ᠋ᠨ ᠬᠥᠮᠦᠵᠢᠯ᠂ ᠨᠡᠢᠭᠡᠮ ᠤ᠋ᠨ ᠬᠥᠮᠦᠵᠢᠯ ᠤ᠋ᠨ ᠪᠦᠬᠦ ᠶᠠᠪᠤᠴᠠ ᠳ᠋ᠤ ᠲᠤᠭᠤᠰᠢᠯᠠᠭᠤᠯᠤᠨ᠎ᠠ; ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ ᠪᠠᠷ ᠭᠦᠨᠵᠡᠭᠡᠢᠷᠡᠭᠦᠯᠵᠦ᠂ ᠲᠦᠷᠢᠮ ᠲᠣᠭᠲᠠᠴᠠ ᠵᠢ ᠲᠡᠭᠦᠯᠳᠡᠷᠵᠢᠭᠦᠯᠦᠨ᠂ ᠬᠢᠯᠢ ᠬᠢᠵᠠᠭᠠᠷ ᠣᠷᠣᠨ ᠤ᠋ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠲᠦᠪᠰᠢᠨ ᠢ᠋ ᠳᠡᠭᠡᠭᠰᠢᠯᠡᠭᠦᠯᠵᠦ᠂ ᠰᠠᠭᠤᠷᠢ ᠲᠦᠭᠦᠭᠡᠷᠦᠮᠵᠢ ᠵᠢᠨ ᠪᠥᠲᠥᠭᠡᠨ ᠪᠠᠢᠭᠤᠯᠤᠯᠲᠠ ᠵᠢ ᠴᠢᠩᠭᠠᠳᠬᠠᠬᠤ᠂ ᠣᠯᠠᠨ ᠨᠡᠢᠲᠡ ᠵᠢᠨ ᠦᠢᠯᠡᠴᠢᠯᠡᠭᠡ ᠪᠠ ᠨᠡᠢᠭᠡᠮ ᠤ᠋ᠨ ᠪᠠᠲᠤᠯᠠᠭ᠎ᠠ ᠵᠢᠨ ᠲᠦᠪᠰᠢᠨ ᠢ᠋ ᠳᠡᠭᠡᠭᠰᠢᠯᠡᠭᠦᠯᠬᠦ ᠵᠡᠷᠭᠡ ᠪᠡᠷ ᠳᠠᠮᠵᠢᠭᠤᠯᠤᠨ᠂ ᠦᠨᠳᠦᠰᠦᠲᠡᠨ ᠨᠤᠭᠦᠳ ᠤ᠋ᠨ ᠣᠯᠠᠨ ᠲᠦᠮᠡᠨ ᠳ᠋ᠦ ᠠᠷᠠᠳ ᠤ᠋ᠨ ᠠᠮᠢᠳᠤᠷᠠᠯ ᠤ᠋ᠨ ᠪᠤᠶᠠᠨ ᠵᠢᠷᠭᠠᠯ ᠢ᠋ ᠨᠡᠮᠡᠭᠳᠡᠭᠦᠯᠬᠦ ᠶᠠᠪᠤᠴᠠ ᠳ᠋ᠤ ᠦᠨᠳᠦᠰᠦᠲᠡᠨ ᠤ᠋ ᠪᠦᠯᠬᠦᠮᠳᠡᠯ ᠤ᠋ᠨ ᠴᠢᠬᠤᠯᠠ ᠠᠴᠢ ᠬᠣᠯᠪᠣᠭᠳᠠᠯ ᠢ᠋ ᠤᠯᠠᠮ ᠨᠢᠭᠡ ᠠᠯᠬᠤᠮ ᠮᠡᠳᠡᠷᠡᠭᠦᠯᠦᠨ᠎ᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃