2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠰᠠᠨᠠᠭᠤᠯᠭ᠎ᠠ

2025-03-06 10:43:36

ᠵᠣᠬᠢᠶᠠᠭ᠍ᠴᠢ᠄ ᠬᠤᠤ ᠵᠢᠶᠠ ᠯᠢ ᠣᠩᠱᠢᠭ᠍ᠰᠠᠨ ᠣᠳᠠᠭ᠎ᠠ᠄ 3


ᠠᠯᠲᠠᠨᠳᠠᠯᠠᠢ ᠄ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠵᠡᠭᠦᠨ ᠬᠤᠱᠢᠭᠤᠨ᠎ᠤ ᠤᠯᠠᠭᠠᠨᠮᠥ᠋ᠴᠢᠷ ᠎ᠤᠨ ᠳᠠᠷᠤᠭ᠎ᠠ


QQ20250306-102458.png


ᠳᠤᠮᠳᠠᠳᠤ᠎ᠶ᠋ᠢᠨ ᠦᠨᠳᠦᠰᠦᠲᠡᠨ ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠰᠢᠵᠢᠮ ᠮᠥᠨ᠂ ᠪᠠᠰᠠ ᠴᠤ᠌ ᠦᠨᠳᠦᠰᠦᠲᠡᠨ ᠎ᠤ ᠣᠷᠣᠨ᠎ᠤ ᠡᠯ᠎ᠡ ᠵᠦᠢᠯ᠎ᠤᠨ ᠠᠵᠢᠯ᠎ᠤᠨ ᠭᠤᠣᠯ ᠰᠢᠵᠢᠮ ᠪᠣᠯᠣᠨ᠎ᠠ᠃ ᠬᠢᠯᠢ ᠬᠢᠵᠠᠭᠠᠷ᠎ᠤᠷᠤᠨ ᠎ᠤ ᠤᠳᠭ᠎ᠠ ᠤᠷᠠᠯᠢᠭ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠬᠴᠠᠯᠠᠬᠣ ᠭᠤᠣᠯ ᠰᠢᠵᠢᠮ᠎ᠢ ᠢᠮᠠᠭ᠍ᠲᠠ ᠤᠳᠭ᠎ᠠ ᠤᠷᠠᠯᠢᠭ᠎ᠤᠨ ᠦᠢᠯᠡᠰ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠠᠨ ᠲᠦᠮᠡᠨ ᠎ᠤ ᠠᠮᠢᠳᠤᠷᠠᠯ᠎ᠳᠤ ᠨᠡᠩ ᠤᠢ᠍ᠢᠷᠠᠳᠤᠭ᠍ᠰᠠᠨ᠂ ᠠᠷᠠᠳ ᠲᠦᠮᠡᠨ ᠎ᠤ ᠰᠡᠳᠭᠢᠯ ᠎ᠤᠨ ᠲᠠᠭᠤᠨ᠎ᠢ ᠲᠤᠰᠭᠠᠭ᠍ᠰᠠᠨ ᠰᠠᠢᠨ ᠪᠦᠲᠦᠭᠡᠯ᠎ᠢ ᠴᠢᠷᠮᠠᠢᠨ ᠪᠦᠲᠦᠭᠡᠵᠦ᠂ ᠨᠡᠩ ᠰᠢᠯᠢᠲᠡᠭ 《ᠤᠶᠤᠨ᠎ᠤ ᠬᠦᠨᠡᠰᠦ》 ᠎ᠶ᠋ᠢ ᠠᠷᠠᠳ ᠤᠯᠠᠨ᠎ᠳᠤ ᠬᠦᠷᠲᠡᠭᠡᠬᠦ ᠪᠥᠭᠡᠳ ᠨᠡᠩ ᠤᠯᠠᠨ ᠬᠥᠮᠦᠰ᠎ᠲᠤ ᠤᠯᠠᠭᠠᠨᠮᠥ᠋ᠴᠢᠷ᠎ᠤᠨ ᠴᠤᠭ ᠵᠢᠪᠬᠤᠭ᠎ᠠ᠎ᠶ᠋ᠢ ᠮᠡᠳᠡᠷᠡᠭᠦᠯᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠦᠨ᠎ᠡ᠃

ᠤᠯᠠᠭᠠᠨᠮᠥ᠋ᠴᠢᠷ᠎ᠨᠢ ᠲᠠᠯ᠎ᠠ ᠨᠤᠲᠤᠭ᠎ᠤᠨ 《ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》 ᠪᠣᠯᠤᠭ᠍ᠰᠠᠨ᠎ᠤ ᠬᠤᠪᠢ᠎ᠳᠤ᠂ ᠪᠢᠳᠡ ᠦᠷᠭᠦᠯᠵᠢᠯᠡᠨ ᠤᠮᠠᠷᠠᠲᠤ ᠬᠢᠯᠢ᠎ᠶ᠋ᠢᠨ ᠦᠩ ᠱᠢᠮᠡᠯᠢᠭ ᠬᠥᠷᠥᠰᠥᠨ᠎ᠳᠤ ᠦᠨᠳᠦᠰᠦᠯᠡᠵᠦ᠍᠂ ᠦᠨᠳᠦᠰᠦᠨ ᠱᠠᠲᠤᠨ᠎ᠤ ᠣᠯᠠᠨ ᠲᠦᠮᠡᠨ᠎ᠳᠤ ᠦᠢᠯᠡᠴᠢᠯᠡᠵᠦ᠍᠂ ᠣᠯᠠᠨ ᠲᠦᠮᠡᠨ᠎ᠲᠠᠢ ᠣᠢᠷᠠᠲᠤᠭ᠍ᠰᠠᠨ᠂ ᠤᠨ ᠴᠠᠬ᠎ᠢ ᠲᠣᠭᠣᠯᠵᠦ ᠤᠯᠠᠮᠵᠢᠯᠠᠭ᠍ᠳᠠᠬᠣ ᠮᠦᠷᠲᠡᠭᠡᠨ ᠲᠣᠨᠣᠵᠦ ᠦᠯᠡᠲᠡᠬᠦ ᠱᠢᠯᠢᠳᠡᠭ ᠪᠦᠲᠦᠭᠡᠯ᠎ᠢ ᠴᠢᠷᠮᠠᠢᠨ ᠪᠦᠲᠦᠭᠡᠵᠦ᠍᠂ ᠤᠯᠠᠭᠠᠨᠮᠥ᠋ᠴᠢᠷ ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠤᠨ ᠳᠡᠯᠭᠡᠷᠡᠭᠦᠯᠵᠦ᠍᠂ ᠤᠮᠠᠷᠠᠲᠤ ᠬᠢᠯᠢ᠎ᠶ᠋ᠢᠨ ᠰᠣᠶᠣᠯ ᠎ᠢ ᠨᠠᠩ ᠦᠵᠡᠰᠭᠦᠯᠡᠩᠲᠦ ᠰᠠᠢᠬᠠᠨ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠦ᠂ ᠦᠨᠳᠦᠰᠦᠲᠡᠨ ᠎ᠤ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面