2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠰᠠᠨᠠᠭᠤᠯᠭ᠎ᠠ

2025-03-10 10:03:35

ᠵᠣᠬᠢᠶᠠᠭ᠍ᠴᠢ᠄ ​ᠱᠢᠣᠢ ᠵᠢᠩ ᠸᠠᠩ ᠫᠧᠩ ᠣᠩᠱᠢᠭ᠍ᠰᠠᠨ ᠣᠳᠠᠭ᠎ᠠ᠄ 3


ᠳ᠋ᠦ᠋ ᠮᠢᠩ ᠶᠠᠨ᠄ ᠪᠦᠬᠦ᠌ ᠤᠯᠤᠰ ᠤ᠋ᠨ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠨ᠂ ᠮᠠᠨᠵᠤᠤᠷ ᠬᠣᠲᠠ ᠶ᠋ᠢᠨ ᠤᠯᠤᠰ ᠲᠥᠷᠥ ᠶ᠋ᠢᠨ ᠵᠥᠪᠯᠡᠯᠭᠡᠨ ᠤ᠋ ᠳᠡᠳ᠋ ᠲᠡᠷᠢᠭᠦᠯᠡᠭ᠌ᠴᠢ


QQ20250308-105330.png


ᠬᠢᠯᠢ ᠬᠢᠵᠠᠭᠠᠷ ᠢ᠋ ᠮᠠᠨᠳᠤᠭᠤᠯᠤᠨ ᠠᠷᠠᠳ ᠢ᠋ ᠪᠠᠶᠠᠵᠢᠭᠤᠯᠬᠤ᠂ ᠬᠢᠯᠢ ᠬᠢᠵᠠᠭᠠᠷ ᠢ᠋ ᠲᠣᠭ᠍ᠲᠠᠪᠤᠷᠢᠵᠢᠭᠤᠯᠤᠨ ᠬᠢᠯᠢ ᠬᠢᠵᠠᠭᠠᠷ ᠢ᠋ ᠪᠡᠬᠢᠵᠢᠭᠦᠯᠬᠦ ᠵᠢ ᠭᠦᠨᠵᠡᠭᠡᠢ ᠠᠬᠢᠭᠤᠯᠵᠤ᠂ ᠬᠢᠯᠢ ᠬᠢᠵᠠᠭᠠᠷ ᠣᠷᠣᠨ ᠤ᠋ ᠠᠮᠤᠷ ᠲᠣᠭ᠍ᠲᠠᠭᠤᠨ ᠪᠠ ᠬᠦᠭᠵᠢᠯ ᠴᠡᠴᠡᠭ᠌ᠯᠡᠯ ᠢ᠋ ᠪᠡᠶᠡᠯᠡᠭᠦᠯᠬᠦ᠌ ᠪᠣᠯ ᠪᠢᠳᠡᠨ ᠤ᠋ ᠡᠷᠬᠡᠪᠰᠢ ᠡᠭᠦᠷᠭᠡᠯᠡᠬᠦ᠌ ᠴᠢᠬᠤᠯᠠ ᠶᠡᠬᠡ ᠤᠯᠤᠰ ᠲᠦᠷᠦ᠍ ᠶ᠋ᠢᠨ ᠬᠠᠷᠢᠭᠤᠴᠠᠯᠭ᠎ᠠ ᠮᠥᠨ᠃ ᠦᠷᠬᠡᠨ ᠠᠭᠤᠳᠠᠮ ᠬᠥᠯᠥᠨ ᠪᠤᠢ᠌ᠷ ᠲᠦ᠍ ᠤᠯᠤᠰ ᠤ᠋ᠨ ᠬᠢᠯᠢ ᠶ᠋ᠢᠨ ᠱᠤᠭᠤᠮ ᠢ᠋ ᠰᠠᠬᠢᠨ ᠬᠠᠮᠠᠭᠠᠯᠠᠵᠤ ᠪᠠᠢᠭ᠎ᠠ ᠨᠡᠭᠦᠳᠡᠯ ᠠᠷᠠᠳ ᠤ᠋ᠨ ᠬᠠᠮᠢᠶᠠᠷᠤᠯᠲᠠ ᠶ᠋ᠢᠨ ᠴᠠᠭ᠍ᠳᠠᠭ᠎ᠠ ᠪᠤᠢ᠂ ᠮᠣᠷᠢᠲᠤ ᠴᠡᠷᠢᠭ ᠤ᠋ᠨ ᠬᠠᠮᠠᠭᠠᠯᠠᠭ᠍ᠴᠢ 《ᠱᠤᠨᠭᠬᠤᠷ》 ᠮᠣᠷᠢᠲᠤ ᠴᠠᠭ᠍ᠳᠠᠭ᠎ᠠ ᠶ᠋ᠢᠨ ᠠᠩᠬᠢ ᠪᠤᠢ᠂ ᠪᠠᠰᠠ ᠮᠠᠰᠢ ᠤᠯᠠᠨ ᠠᠵᠢᠯᠴᠢ ᠪᠣᠷᠣᠭ᠍ᠵᠢᠭᠤᠨ᠂ ᠡᠮᠦᠨ᠎ᠡ ᠹᠷᠣᠨᠲ ᠢ᠋ ᠪᠠᠲᠤ ᠰᠠᠬᠢᠵᠤ ᠪᠠᠢᠭ᠎ᠠ ᠬᠢᠯᠢ ᠶ᠋ᠢᠨ ᠬᠠᠮᠠᠭᠠᠯᠠᠭ᠍ᠴᠢ ᠪᠤᠢ ᠁ ᠲᠡᠳᠡ ᠴᠠᠭ ᠢᠮᠠᠭ᠍ᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠍᠂ ᠬᠢᠯᠢ ᠬᠢᠵᠠᠭᠠᠷ ᠤ᠋ᠨ ᠠᠮᠤᠷ ᠲᠣᠭ᠍ᠲᠠᠭᠤᠨ ᠢ᠋ ᠬᠠᠮᠲᠤ ᠪᠡᠷ ᠰᠠᠬᠢᠨ ᠬᠠᠮᠠᠭᠠᠯᠠᠵᠤ ᠪᠠᠢᠨ᠎ᠠ᠃

ᠬᠢᠯᠢ ᠶ᠋ᠢᠨ ᠪᠣᠭᠣᠮᠲᠠ ᠵᠢ ᠪᠡᠬᠢᠵᠢᠭᠦᠯᠬᠦ᠌ ᠳ᠋ᠤ ᠰᠡᠳᠭᠢᠯ ᠨᠢᠭᠡᠳᠦᠨ ᠬᠦᠴᠦ᠍ ᠪᠠᠨ ᠬᠠᠮᠲᠤᠳᠭᠠᠬᠤ ᠬᠡᠷᠡᠭ᠌ᠲᠡᠶ᠃ ᠬᠣᠢᠱᠢᠳᠠ ᠪᠢᠳᠡ ᠥᠩᠭᠡᠷᠡᠭ᠌ᠰᠡᠨ ᠲᠠᠢ ᠪᠠᠨ ᠠᠳᠠᠯᠢ ᠪᠡᠷ ᠤᠯᠤᠰ ᠲᠥᠷᠥ ᠶ᠋ᠢᠨ ᠵᠥᠪᠯᠡᠯᠭᠡᠨ ᠤ᠋ ᠭᠡᠱᠢᠭᠦᠳ ᠤ᠋ᠨ ᠠᠷᠠᠳ ᠣᠯᠠᠨ ᠲᠠᠢ ᠬᠠᠷᠢᠯᠴᠠᠬᠤ ᠪᠠ ᠲᠡᠳᠡᠨ ᠳ᠋ᠤ ᠦᠶ᠋ᠯᠡᠴᠢᠯᠡᠬᠦ᠌ ᠬᠥᠭᠥᠷᠭᠡ ᠬᠣᠯᠪᠣᠭᠠᠰᠤ ᠶ᠋ᠢᠨ ᠦᠶ᠋ᠯᠡᠳᠦᠯ ᠢ᠋ᠶ᠋ᠡᠨ ᠰᠠᠢᠲᠤᠷ ᠪᠠᠳᠠᠷᠠᠭᠤᠯᠤᠨ᠂ ᠦᠵᠡᠯ ᠰᠠᠨᠠᠭ᠎ᠠ ᠤᠯᠤᠰ ᠲᠥᠷᠥ ᠶ᠋ᠢᠨ ᠵᠢᠯᠣᠭᠣᠳᠣᠯᠭ᠎ᠠ ᠪᠠᠨ ᠦᠨᠡᠨ ᠬᠦ᠌ ᠴᠢᠩᠭᠠᠳᠭᠠᠵᠤ᠂ ᠭᠡᠱᠢᠭᠦᠳ ᠤ᠋ᠨ 《ᠠᠷᠠᠳ ᠤ᠋ᠨ ᠲᠥᠯᠥᠭᠡ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌》 ᠠᠵᠢᠯᠯᠠᠭ᠎ᠠ ᠪᠤᠯᠤᠨ《ᠭᠡᠱᠢᠭᠦᠳ ᠤ᠋ᠨ ᠠᠵᠢᠯ ᠤ᠋ᠨ ᠲᠠᠰᠤᠭ》 ᠤ᠋ᠨ ᠬᠡᠷᠡᠭ ᠵᠥᠪᠯᠡᠬᠦ᠌ ᠵᠡᠷᠭᠡ ᠵᠢᠭᠰᠠᠭᠠᠯ ᠤ᠋ᠨ ᠭᠠᠵᠠᠷ ᠵᠢᠡᠷ ᠳᠠᠮᠵᠢᠨ ᠣᠯᠠᠨ ᠲᠦᠮᠡᠨ ᠤ᠋ ᠠᠨᠭᠬᠠᠷᠴᠤ ᠪᠠᠢᠭ᠎ᠠ ᠬᠦᠰᠡᠵᠦ ᠪᠠᠢᠭ᠎ᠠ ᠵᠦᠶ᠋ᠯ ᠢ᠋ ᠴᠠᠭ ᠲᠤᠬᠠᠶ ᠳ᠋ᠤᠨᠢ ᠣᠢᠯᠠᠭᠠᠵᠤ᠂ ᠦᠨᠳᠦᠰᠦᠨ ᠱᠠᠲᠤᠨ ᠤ᠋ ᠣᠯᠠᠨ ᠲᠦᠮᠡᠨ ᠢ᠋ ᠬᠠᠪᠰᠤᠷᠤᠨ ᠪᠣᠳᠠᠲᠠᠶ ᠬᠦᠴᠢᠷᠳᠡᠯ ᠪᠠ ᠠᠰᠠᠭᠤᠳᠠᠯ ᠢ᠋ ᠨᠢ ᠱᠢᠶ᠋ᠳᠪᠦᠷᠢᠯᠡᠨ᠂ ᠬᠢᠯᠢ ᠳᠠᠭᠠᠤ ᠭᠠᠵᠠᠷ ᠣᠷᠣᠨ ᠤ᠋ ᠦᠨᠳᠦᠰᠦᠨ ᠣᠯᠠᠨ ᠨᠡᠢᠲᠡ ᠶ᠋ᠢᠨ ᠦᠶ᠋ᠯᠡᠴᠢᠯᠡᠭᠡ ᠪᠠ ᠴᠢᠬᠤᠯᠠ ᠶᠡᠬᠡ ᠰᠠᠭᠤᠷᠢ ᠲᠥᠬᠥᠭᠡᠷᠦᠮᠵᠢ ᠶ᠋ᠢᠨ ᠪᠠᠲᠤᠯᠠᠭ᠎ᠠ ᠶ᠋ᠢᠨ ᠲᠦᠪᠱᠢᠨ ᠢ᠋ ᠳᠡᠭᠡᠭ᠌ᠰᠢᠯᠡᠭᠦᠯᠬᠦ᠌᠂ ᠬᠢᠯᠢ ᠶ᠋ᠢᠨ ᠬᠦᠭᠵᠢᠯ ᠴᠡᠴᠡᠭ᠌ᠯᠡᠯ᠂ ᠬᠢᠯᠢ ᠶ᠋ᠢᠨ ᠠᠷᠠᠳ ᠤ᠋ᠨ ᠪᠦᠯᠬᠦᠮᠳᠡᠯ ᠵᠣᠯ ᠵᠢᠷᠭᠠᠯ᠂ ᠬᠢᠯᠢ ᠶ᠋ᠢᠨ ᠬᠠᠮᠠᠭᠠᠯᠠᠯᠲᠠ ᠶ᠋ᠢᠨ ᠠᠮᠤᠷ ᠲᠦᠪᠱᠢᠨ ᠲᠣᠭ᠍ᠲᠠᠭᠤᠨ ᠪᠠᠢᠳᠠᠯ ᠢ᠋ ᠠᠬᠢᠭᠤᠯᠬᠤ ᠳ᠋ᠤ ᠣᠶᠤᠨ ᠤᠬᠠᠭᠠᠨ ᠪᠠ ᠬᠦᠴᠦᠨ ᠴᠢᠳᠠᠯ ᠢ᠋ᠶ᠋ᠡᠨ ᠡᠷᠭᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面