2025-03-10 10:00:55
ᠧ ᠱᠢᠶᠤᠤ ᠮᠧᠶ᠄ ᠪᠦᠬᠦ᠌ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠱᠢᠭᠦᠨ᠂ ᠥᠪᠥᠷ ᠮᠣᠩᠭᠣᠯ ᠤ᠋ᠨ ᠶᠡᠬᠡ ᠰᠤᠷᠭᠠᠭᠤᠯᠢ ᠵᠢᠨ ᠬᠠᠤᠯᠢ ᠵᠢᠨ ᠤᠬᠠᠭᠠᠨ ᠤ᠋ ᠳᠡᠭᠡᠳᠦ ᠰᠤᠷᠭᠠᠭᠤᠯᠢ ᠵᠢᠨ ᠫᠷᠤᠹᠧᠰᠰᠤᠷ

ᠥᠪᠥᠷ ᠮᠣᠩᠭᠣᠯ ᠡᠬᠡ ᠤᠯᠤᠰ ᠤ᠋ᠨ ᠤᠮᠠᠷᠠᠲᠤ ᠬᠢᠯᠢ ᠳ᠋ᠤ ᠪᠠᠢᠷᠢᠯᠠᠵᠤ᠂ ᠡᠬᠡ ᠤᠯᠤᠰ ᠤ᠋ᠨ《ᠤᠮᠠᠷᠠᠲᠤ ᠬᠠᠭᠠᠯᠭ᠎ᠠ》᠂ ᠨᠡᠢᠰᠯᠡᠯ ᠤ᠋ᠨ《ᠬᠠᠮᠠᠭᠠᠯᠠᠯᠳᠠ ᠵᠢᠨ ᠭᠤᠤᠯ》 ᠪᠤᠯᠤᠨ᠎ᠠ᠃ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠶ᠋ᠢ ᠪᠠᠲᠤ ᠴᠣᠭ᠍ᠴᠠᠯᠠᠬᠤ ᠪᠣᠯ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ ᠵᠢᠨ ᠨᠢᠭᠡ ᠮᠦᠨ᠂ ᠨᠠᠩ ᠴᠤ᠌ ᠥᠪᠥᠷ ᠮᠣᠩᠭᠣᠯ ᠤ᠋ᠨ ᠡᠷᠬᠡᠪᠰᠢ ᠰᠠᠢᠲᠤᠷ ᠭᠦᠶ᠋ᠴᠡᠳᠭᠡᠬᠦ᠌ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠤᠮ᠃
ᠥᠪᠥᠷ ᠮᠣᠩᠭᠣᠯ 2023 ᠣᠨ ᠤ᠋ 7 ᠰᠠᠷ᠎ᠠ ᠵᠢᠨ 31 ᠤ᠋ ᠡᠳᠦᠷ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠶ᠋ᠢ ᠪᠠᠲᠤ ᠴᠣᠭ᠍ᠴᠠᠯᠠᠬᠤ ᠶ᠋ᠢ ᠠᠬᠢᠭᠤᠯᠬᠤ ᠲᠦᠷᠢᠮ》 ᠢ᠋ ᠨᠡᠢᠲᠡᠯᠡᠵᠦ᠍᠂ ᠤᠯᠤᠰ ᠤ᠋ᠨ ᠤᠯᠤᠰ ᠲᠥᠷᠥ ᠵᠢᠨ ᠠᠮᠤᠷ ᠲᠦᠪᠱᠢᠨ ᠢ᠋ ᠬᠠᠮᠠᠭᠠᠯᠠᠬᠤ᠂ ᠣᠯᠠᠨ ᠨᠡᠢᠲᠡ ᠵᠢᠨ ᠠᠮᠤᠷ ᠲᠦᠪᠱᠢᠨ ᠢ᠋ ᠬᠠᠮᠠᠭᠠᠯᠠᠬᠤ᠂ ᠨᠡᠢᠭᠡᠮ ᠤ᠋ᠨ ᠵᠠᠰᠠᠯᠲᠠ ᠶ᠋ᠢ ᠴᠢᠩᠭᠠᠳᠭᠠᠬᠤ᠂ ᠦᠨᠳᠦᠰᠦᠲᠡᠨ ᠤ᠋ ᠪᠦᠯᠬᠦᠮᠳᠡᠯ ᠢ᠋ ᠪᠡᠬᠢᠵᠢᠭᠦᠯᠦᠨ ᠬᠥᠭ᠌ᠵᠢᠭᠦᠯᠬᠦ᠌᠂ ᠬᠦᠴᠦ᠍ ᠪᠡᠨ ᠬᠠᠮᠲᠤᠳᠭᠠᠨ ᠬᠢᠯᠢ ᠬᠢᠵᠠᠭᠠᠷ ᠢ᠋ ᠬᠦᠴᠦᠷᠬᠡᠭ᠌ᠵᠢᠭᠦᠯᠵᠦ᠍ ᠰᠡᠷᠭᠡᠢᠯᠡᠯᠲᠡ ᠶ᠋ᠢ ᠪᠡᠬᠢᠵᠢᠭᠦᠯᠬᠦ᠌᠂ ᠤᠯᠤᠰ ᠤ᠋ᠨ ᠪᠠᠲᠤᠯᠠᠨ ᠬᠠᠮᠠᠭᠠᠯᠠᠯᠲᠠ ᠵᠢᠨ ᠳᠠᠢᠴᠢᠯᠠᠯᠲᠠ ᠶ᠋ᠢ ᠴᠢᠩᠭᠠᠳᠭᠠᠬᠤ ᠵᠡᠷᠭᠡ ᠲᠠᠯ᠎ᠠ ᠪᠠᠷ ᠪᠥᠬᠥ᠌ ᠲᠠᠯ᠎ᠠ ᠵᠢᠨ ᠲᠣᠭ᠍ᠲᠠᠭᠠᠯ ᠭᠠᠷᠭᠠᠭ᠍ᠰᠠᠨ ᠪᠥᠭᠡᠳ ᠨᠠᠷᠢᠨ ᠨᠢᠭ᠍ᠲᠠ ᠢᠵᠢ ᠪᠥᠷᠢᠳᠦᠭ᠌ᠰᠡᠨ ᠠᠷᠭ᠎ᠠ ᠬᠡᠮᠵᠢᠶ᠎ᠡ ᠪᠡᠷ ᠬᠠᠪᠰᠤᠷᠤᠮᠵᠢ ᠪᠣᠯᠭᠠᠵᠤ᠂ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠶ᠋ᠢ ᠪᠠᠲᠤ ᠴᠣᠭ᠍ᠴᠠᠯᠠᠬᠤ ᠳ᠋ᠤ ᠪᠠᠲᠤ ᠪᠠᠬᠢ ᠬᠠᠤᠯᠢᠵᠢᠯ ᠤ᠋ᠨ ᠪᠠᠲᠤᠯᠠᠭ᠎ᠠ ᠬᠠᠩᠭᠠᠪᠠ᠃《ᠲᠦᠷᠢᠮ》 ᠢ᠋ ᠬᠡᠷᠡᠭ᠌ᠵᠢᠭᠦᠯᠦᠭ᠌ᠰᠡᠨ ᠵᠢᠯ ᠭᠠᠷᠤᠢ ᠵᠢᠨ ᠲᠤᠷᠰᠢ ᠶᠡᠬᠡ ᠰᠠᠢ᠌ᠨ ᠦᠷ᠎ᠡ ᠪᠦᠲᠦᠮᠵᠢ ᠤᠯᠪᠠ᠃《ᠲᠦᠷᠢᠮ》 ᠳ᠋ᠦ ᠲᠣᠭ᠍ᠲᠠᠭᠠᠭ᠍ᠰᠠᠨ ᠡᠯ᠎ᠡ ᠭᠠᠵᠠᠷ ᠣᠷᠣᠨ᠂ ᠰᠠᠯᠠᠭ᠎ᠠ ᠮᠥᠴᠢᠷ᠂ ᠠᠵᠤ ᠠᠬᠤᠢᠯᠠᠯ ᠠᠵᠢᠯ ᠦᠢᠯᠡᠰ ᠤ᠋ᠨ ᠨᠢᠭᠡᠴᠢ᠂ ᠨᠡᠢᠭᠡᠮ ᠤ᠋ᠨ ᠵᠣᠬᠢᠶᠠᠨ ᠪᠠᠢᠭᠤᠯᠤᠯᠲᠠ᠂ ᠠᠷᠠᠳ ᠢᠷᠭᠡᠳ ᠢ᠋ ᠪᠠᠭᠳᠠᠭᠠᠭᠰᠠᠨ ᠡᠯ᠎ᠡ ᠪᠡᠶᠡᠴᠢ ᠴᠣᠭ᠍ᠴᠠ ᠨᠢ《ᠲᠦᠷᠢᠮ》 ᠳ᠋ᠦ ᠲᠣᠭ᠍ᠲᠠᠭᠠᠭ᠍ᠰᠠᠨ ᠬᠠᠷᠢᠭᠤᠴᠠᠯᠭ᠎ᠠ ᠪᠠ ᠡᠭᠦᠷᠭᠡ ᠪᠡᠨ ᠤᠯᠠᠮ ᠨᠢᠭᠡ ᠠᠯᠬᠤᠮ ᠬᠠᠤᠯᠢ ᠶᠣᠰᠣᠭᠠᠷ ᠢᠳᠡᠪᠬᠢᠲᠡᠢ ᠭᠦᠢᠴᠡᠳᠭᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ ᠪᠠᠷ ᠪᠦᠳᠦᠭᠡᠨ ᠪᠠᠢᠭᠤᠯᠬᠤ ᠳ᠋ᠤ ᠨᠡᠩ ᠰᠠᠢᠲᠤᠷ ᠦᠢᠯᠡᠴᠢᠯᠡᠪᠡᠯ ᠵᠤᠬᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃