2025-03-10 09:58:30
ᠦ᠋ ᠬᠠᠢ ᠵᠢᠶᠦ᠋ᠨ᠄ ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠬᠥᠯᠥᠨ ᠪᠣᠢᠷ ᠬᠣᠲᠠ ᠶ᠋ᠢᠨ ᠣᠷᠴᠣᠨ ᠤ᠋ ᠥᠪᠡᠷᠲᠡᠭᠡᠨ ᠵᠠᠰᠠᠬᠤ ᠬᠣᠱᠢᠭᠤᠨ ᠤ᠋ ᠬᠥ᠋ᠯᠢ ᠱᠢᠶᠠᠩ ᠤ᠋ᠨ ᠨᠠᠮ ᠤ᠋ᠨ ᠬᠣᠷᠢᠶ᠎ᠠ ᠵᠢᠨ ᠱᠦᠵᠢ

ᠲᠤᠬᠠᠢ ᠶ᠋ᠢᠨ ᠲᠠᠯᠠᠪᠠᠢ ᠳ᠋ᠤ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠢ᠋ ᠰᠣᠨᠣᠰᠤᠭᠠᠳ ᠮᠠᠰᠢ ᠤᠷᠮᠠᠱᠢᠨ ᠵᠣᠷᠢᠭ᠍ᠵᠢᠪᠠ᠃ ᠢᠯᠡᠳᠭᠡᠯ ᠳ᠋ᠤ 《ᠠᠷᠠᠳ ᠤ᠋ᠨ ᠠᠮᠢᠳᠤᠷᠠᠯ ᠤ᠋ᠨ ᠲᠦᠪᠱᠢᠨ ᠢ᠋ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠨᠡᠢᠭᠡᠮ ᠤ᠋ᠨ ᠡᠶ᠎ᠡ ᠵᠣᠬᠢᠴᠠᠩᠭᠤᠢ ᠠᠮᠤᠷ ᠲᠣᠭ᠍ᠲᠠᠭᠤᠨ ᠢ᠋ ᠪᠠᠲᠤᠯᠠᠨ᠎ᠠ》 ᠭᠡᠵᠦ ᠳᠤᠷᠠᠳᠤᠭ᠍ᠰᠠᠨ ᠨᠢ ᠨᠠᠳᠠ ᠳ᠋ᠤ ᠭᠦᠨ ᠰᠠᠭᠤᠭ᠍ᠳᠠᠯ ᠦᠯᠡᠳᠡᠭᠡᠵᠤ᠂ ᠮᠢᠨᠦ᠍ ᠬᠣᠢᠱᠢᠳᠠ ᠶ᠋ᠢᠨ ᠠᠵᠢᠯ ᠤ᠋ᠨ ᠴᠢᠭ᠌ᠯᠡᠯ ᠪᠠ ᠭᠣᠣᠯᠳᠠᠯᠭ᠎ᠠ ᠵᠢ ᠲᠣᠳᠣᠷᠬᠠᠢ ᠪᠣᠯᠭᠠᠭ᠍ᠰᠠᠨ ᠪᠠᠢᠨ᠎ᠠ᠃
ᠤᠢ᠍ᠢᠷᠠ ᠶ᠋ᠢᠨ ᠵᠢᠯ ᠡᠴᠡ ᠨᠠᠭᠠᠰᠢ᠂ ᠬᠦᠯᠢ ᠱᠢᠶᠠᠩ ᠠᠮᠤᠭᠤᠯᠠᠩᠳᠤ ᠱᠢᠶᠠᠩ ᠪᠠᠯᠭᠠᠰᠤ ᠵᠢ ᠪᠠᠢᠭᠤᠯᠬᠤ ᠪᠡᠷ ᠬᠠᠷᠠᠯᠲᠠ ᠪᠣᠯᠭᠠᠵᠤ᠂ ᠨᠡᠢᠭᠡᠮ ᠤ᠋ᠨ ᠵᠠᠰᠠᠯᠲᠠ ᠶ᠋ᠢᠨ ᠠᠵᠢᠯ ᠢ᠋ ᠪᠦᠬᠦ᠌ ᠲᠠᠯ᠎ᠠ ᠪᠡᠷ ᠴᠢᠩᠭ᠎ᠠ ᠠᠳᠭᠤᠨ᠂ ᠠᠶᠤᠯ ᠲᠦᠭ᠌ᠰᠢᠭᠦᠷᠢ ᠵᠢ ᠰᠡᠷᠭᠡᠢᠯᠡᠬᠦ᠌ ᠴᠢᠳᠠᠪᠤᠷᠢ ᠪᠠᠨ ᠳᠡᠭᠡᠭ᠌ᠰᠢᠯᠡᠭᠦᠯᠵᠦ᠍᠂ ᠠᠷᠠᠳ ᠤ᠋ᠨ ᠠᠮᠢᠳᠤᠷᠠᠯ ᠤ᠋ᠨ ᠪᠠᠲᠤᠯᠠᠭ᠎ᠠ ᠶ᠋ᠢᠨ ᠰᠠᠭᠤᠷᠢ ᠵᠢ ᠪᠡᠬᠢᠵᠢᠭᠦᠯᠪᠡ᠃ ᠦᠨᠳᠦᠰᠦᠨ ᠱᠠᠲᠤᠨ ᠳ᠋ᠤ ᠪᠠᠢᠴᠠᠭᠠᠨ ᠰᠤᠳᠤᠯᠤᠯᠲᠠ ᠬᠢᠬᠦ ᠳ᠋ᠡᠭᠡᠨ ᠪᠢ ᠦᠷᠭᠦᠯᠵᠢ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠲᠤᠬᠠᠢ ᠤᠯᠠᠨ ᠤ᠋ ᠰᠠᠨᠠᠯ ᠰᠠᠨᠠᠭᠤᠯᠭ᠎ᠠ ᠵᠢ ᠣᠢᠯᠠᠭᠠᠳᠠᠭ᠃ ᠬᠣᠢᠱᠢᠳᠠ ᠪᠢᠳᠡ ᠨᠢᠭᠡ ᠲᠠᠯ᠎ᠠ ᠪᠡᠷ ᠳᠤᠮᠳᠠᠳᠤ ᠶ᠋ᠢᠨ ᠦᠨᠳᠦᠰᠦᠲᠡᠨᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠭᠤᠤᠯ ᠱᠢᠵᠢᠮ ᠢ᠋ ᠴᠢᠩᠭ᠎ᠠ ᠡᠵᠡᠮᠳᠡᠵᠦ᠍᠂ ᠱᠢᠨ᠎ᠡ ᠴᠠᠭ ᠦᠶ᠎ᠡ ᠶ᠋ᠢᠨ 《ᠹᠧᠩᠴᠢᠶᠣᠤ ᠶ᠋ᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠍᠂ ᠨᠠᠩ ᠯᠠᠪᠳᠠᠭᠤᠨ ᠪᠠᠲᠤᠲᠠᠶ ᠰᠤᠷᠲᠠᠯ᠂ ᠨᠠᠩ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠪᠡᠷ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠶ᠋ᠢᠨ ᠵᠢᠱ᠌ᠢᠶ᠎ᠡ ᠦᠵᠡᠭᠦᠯᠬᠦ᠌ ᠪᠠᠢᠭᠤᠯᠤᠯᠲᠠ ᠶ᠋ᠢᠨ ᠦᠷ᠎ᠡ ᠪᠦᠲᠦᠭᠡᠯ ᠢ᠋ ᠲᠠᠰᠤᠷᠠᠯᠲᠠ ᠥᠬᠡᠶ ᠪᠡᠬᠢᠵᠢᠭᠦᠯᠦᠨ ᠳᠡᠭᠡᠭ᠌ᠰᠢᠯᠡᠭᠦᠯᠦᠨᠡ; ᠨᠥᠭᠥᠭᠡ ᠲᠠᠯ᠎ᠠ ᠪᠡᠷ ᠣᠶ ᠱᠢᠭᠤᠶ ᠶ᠋ᠢᠨ ᠲᠤᠢᠮᠠᠷ ᠰᠡᠷᠭᠡᠢᠯᠡᠬᠦ᠌ ᠤᠬᠠᠭᠤᠯᠭ᠎ᠠ᠂ ᠠᠶᠤᠯᠭᠦᠢ ᠦᠢᠯᠡᠳᠪᠦᠷᠢᠯᠡᠯ ᠤ᠋ᠨ ᠶᠡᠬᠡ ᠪᠠᠢᠴᠠᠭᠠᠯᠲᠠ ᠵᠡᠷᠭᠡ ᠲᠤᠰᠭᠠᠶ ᠠᠵᠢᠯᠯᠠᠭ᠎ᠠ ᠥᠷᠨᠢᠭᠦᠯᠦᠨ᠂ ᠠᠮᠤᠷ ᠲᠠᠢᠪᠤᠩ ᠪᠥᠭᠡᠳ ᠡᠶ᠎ᠡ ᠵᠣᠬᠢᠴᠠᠯ ᠲᠠᠢ ᠨᠡᠢᠭᠡᠮ ᠤ᠋ᠨ ᠣᠷᠴᠢᠨ ᠨᠦᠬᠦᠴᠡᠯ ᠢ᠋ ᠪᠣᠶ ᠪᠣᠯᠭᠠᠵᠤ᠂ ᠠᠷᠠᠳ ᠣᠯᠠᠨ ᠤ᠋ ᠠᠮᠤᠷ ᠲᠦᠪᠱᠢᠨ ᠤ᠋ ᠲᠦᠷᠦᠭᠳᠡᠯ ᠢ᠋ ᠨᠡᠩ ᠲᠡᠭᠦᠯᠳᠡᠷ᠂ ᠨᠡᠩ ᠪᠠᠲᠤᠯᠠᠭ᠎ᠠ ᠲᠠᠶ᠂ ᠨᠡᠩ ᠲᠠᠭᠠᠭᠠᠮᠠᠭᠠᠢ ᠪᠣᠯᠭᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃