2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠰᠠᠨᠠᠭᠤᠯᠭ᠎ᠠ

2025-03-10 15:27:04

ᠵᠣᠬᠢᠶᠠᠭ᠍ᠴᠢ᠄ ᠸᠠᠩ ᠬᠤᠤ ᠮᠠ ᠵᠢᠶᠠᠨ ᠪᠢᠩ ᠣᠩᠱᠢᠭ᠍ᠰᠠᠨ ᠣᠳᠠᠭ᠎ᠠ᠄ 3

ᠰᠢᠦᠢ ᠵᠢᠶᠠᠨ ᠰᠢᠩ᠄ ᠪᠦᠬᠦ ᠤᠯᠤᠰ ᠤ᠋ᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠲᠦᠯᠦᠭᠡᠯᠡᠭᠴᠢ᠂ ᠰᠠᠨ ᠫᠠᠩ ᠳ᠋ᠠᠨ (ᠦᠪᠦᠷ ᠮᠤᠩᠭᠤᠯ) ᠢᠳᠡᠭᠡᠨ ᠤ᠋ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠤᠮᠫᠠᠨᠢ ᠵᠢᠨ ᠬᠡᠷᠡᠭ ᠮᠡᠳᠡᠭᠴᠢᠳ ᠤ᠋ᠨ ᠳᠠᠷᠤᠭ᠎ᠠ


QQ截图20240904155222.png


ᠣᠳᠣᠬᠠᠨ ᠳ᠋ᠤ᠂ ᠤᠯᠤᠰ ᠡᠴᠡ ᠠᠷᠠᠳ ᠤ᠋ᠨ ᠡᠵᠡᠩᠨᠡᠯᠲᠡ ᠵᠢᠨ ᠠᠵᠤ ᠠᠬᠤᠢ ᠵᠢᠨ ᠬᠥᠭ᠌ᠵᠢᠯᠲᠡ ᠶ᠋ᠢ ᠶᠡᠬᠡ ᠪᠡᠷ ᠳᠡᠮᠵᠢᠵᠦ᠍᠂ ᠠᠯᠢ ᠤᠯᠠᠨ ᠪᠦᠳᠤᠮᠵᠢᠳᠠᠢ ᠲᠦᠷᠦ᠍ ᠵᠢᠨ ᠪᠤᠳᠤᠯᠭ᠎ᠠ ᠲᠤᠭᠳᠠᠭᠠᠨ ᠭᠡᠷᠡᠭᠵᠢᠬᠦᠯᠵᠠᠢ᠂ ᠡᠨᠡ ᠨᠢ ᠮᠠᠰᠢ ᠪᠠᠶᠠᠷᠯᠠᠭᠤᠰᠢᠳᠠᠢ ᠶᠠᠪᠤᠳᠠᠯ ᠪᠠᠢᠵᠤ᠂ ᠪᠢᠳᠠᠨ᠎ᠤ ᠠᠷᠠᠳ ᠤ᠋ᠨ ᠡᠵᠡᠩᠨᠡᠯᠲᠡ ᠵᠢᠨ ᠠᠵᠤ ᠠᠬᠤᠢᠯᠠᠯ᠎ᠵᠢᠡᠨ ᠬᠦᠭᠵᠢᠬᠦᠯᠬᠦ ᠢᠲᠡᠭᠡᠯ ᠵᠣᠷᠢᠭ ᠢ᠋ ᠤᠯᠠᠮ ᠪᠠᠲᠤᠳᠭᠠᠪᠠ᠃

ᠥᠪᠥᠷ ᠮᠣᠩᠭᠣᠯ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ ᠪᠣᠯᠤᠭ᠍ᠰᠠᠨ ᠤ᠋ ᠬᠤᠪᠢ ᠳ᠋ᠤ᠂ ᠠᠮᠢ ᠠᠬᠤᠶ ᠵᠢᠨ ᠲᠠᠷᠢᠶᠠᠯᠠᠩ ᠮᠠᠯ ᠠᠵᠤ ᠠᠬᠤᠶ ᠶ᠋ᠢ ᠶᠡᠬᠡᠪᠡᠷ ᠬᠥᠭ᠌ᠵᠢᠭᠦᠯᠵᠦ᠍᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠭᠦᠨᠵᠡᠭᠡᠶ ᠡᠳ᠋ᠱᠢᠭᠦᠯᠬᠦ᠌ ᠪᠠ ᠪᠣᠬᠢᠷᠲᠤᠯ ᠥᠬᠡᠶ ᠣᠷᠭᠠᠨᠢᠭ ᠨᠠᠷᠠᠲᠤ ᠲᠥᠷᠥᠯ ᠲᠡᠮᠳᠡᠭ᠌ᠲᠦ᠍ ᠶ᠋ᠢ ᠴᠣᠭ᠍ᠴᠠᠯᠠᠬᠤ ᠶ᠋ᠢ ᠰᠠᠢᠲᠤᠷ ᠠᠳᠭᠤᠨ᠂ ᠨᠠᠷᠠᠲᠤ ᠲᠥᠷᠥᠯ ᠲᠡᠮᠳᠡᠭ ᠢ᠋ ᠪᠠᠢᠭᠤᠯᠵᠤ᠂ ᠪᠥᠬᠥ᠌ ᠣᠷᠣᠨ ᠤ᠋ 《ᠨᠢᠭᠡ ᠬᠥᠯᠭᠡ ᠱᠢᠲᠠᠷ᠎ᠠ》 ᠵᠢᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠨᠠᠷᠠᠲᠤ ᠲᠥᠷᠥᠯ ᠲᠡᠮᠳᠡᠭ ᠤ᠋ᠨ ᠪᠠᠢᠭᠤᠯᠤᠯᠲᠠ ᠵᠢᠨ ᠱᠢᠨ᠎ᠡ ᠪᠠᠢᠷᠢᠱᠢᠯ ᠢ᠋ ᠪᠣᠶ ᠪᠣᠯᠭᠠᠪᠠ᠃ 2024 ᠣᠨ ᠳ᠋ᠤ᠂ ᠥᠪᠥᠷ ᠮᠣᠩᠭᠣᠯ ᠤ᠋ᠨ ᠮᠠᠯ ᠠᠵᠤ ᠠᠬᠤᠶ ᠲᠠᠷᠢᠶᠠᠯᠠᠩ ᠤ᠋ᠨ ᠲᠥᠷᠥᠯ ᠲᠡᠮᠳᠡᠭ᠎ᠦᠨ ᠶᠡᠷᠦᠩᠬᠡᠶ ᠥᠷᠲᠡᠭ 5370 ᠳ᠋ᠦᠩᠱᠢᠭᠤᠷ ᠲᠥᠭᠥᠷᠢᠭ᠎ᠲᠦ ᠬᠥᠷᠪᠡ᠃

ᠲᠦᠷᠦᠯ ᠲᠡᠮᠳᠡᠭ ᠪᠤᠯ ᠲᠠᠷᠤᠢ ᠥᠷᠢᠰᠦᠯᠳᠦᠬᠦ᠌ ᠬᠦᠴᠦᠨ᠂ ᠪᠠᠰᠠ ᠴᠦ᠍ ᠨᠡᠮᠡᠯᠲᠡ ᠥᠷᠲᠡᠭ ᠮᠦᠨ᠃ ᠤᠯᠤᠰ ᠡᠴᠡ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠦ ᠲᠥᠷᠥᠯ ᠲᠡᠮᠳᠡᠭ᠎ᠤᠨ ᠪᠠᠢᠭᠤᠯᠤᠯᠲᠠ ᠵᠢᠨ ᠲᠤᠰᠭᠠᠶ ᠪᠠᠯᠠ ᠮᠥᠩᠭᠥ᠌ ᠲᠤᠬᠢᠷᠠᠭᠤᠯᠵᠤ᠂ ᠲᠥᠷᠥᠯ ᠲᠡᠮᠳᠡᠭ ᠢ᠋ ᠪᠣᠢᠵᠢᠭᠤᠯᠬᠤ᠂ ᠤᠬᠠᠭᠤᠯᠤᠨ ᠳᠡᠯᠭᠡᠷᠡᠭᠦᠯᠬᠦ᠌᠂ ᠪᠣᠭᠣᠳᠠᠯ ᠤ᠋ᠨ ᠵᠢᠷᠤᠭ ᠲᠥᠯᠥᠪᠯᠡᠭᠡ ᠵᠢᠨ ᠱᠢᠨ᠎ᠡ ᠶ᠋ᠢ ᠡᠭᠦᠳᠬᠦ᠌ ᠵᠡᠷᠭᠡ ᠲᠠᠯ᠎ᠠ᠎ᠪᠠᠷ ᠨᠠᠩ ᠣᠯᠠᠨ ᠵᠢᠯᠣᠭᠣᠳᠣᠯᠭ᠎ᠠ ᠪᠠ ᠬᠠᠪᠰᠤᠷᠤᠯᠭ᠎ᠠ ᠦᠵᠡᠭᠦᠯᠵᠦ᠍᠂ ᠲᠠᠯ᠎ᠠ ᠨᠤᠲᠤᠭ ᠤ᠋ᠨ ᠨᠠᠩ ᠣᠯᠠᠨ ᠰᠠᠢᠨ ᠰᠠᠢᠬᠠᠨ ᠵᠦᠢᠯᠡᠰ᠎ᠢ ᠤᠯᠤᠰ ᠲᠠᠶᠠᠭᠠᠷ ᠲᠦ᠍ ᠪᠤᠷᠤᠯᠠᠭᠤᠯᠪᠠᠯ ᠵᠤᠬᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面