2025-03-06 10:40:57
ᠮᠠᠢᠯᠠᠰᠦ ᠄ ᠪᠥᠬᠥ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ᠂ ᠬᠢᠩᠭᠠᠨ ᠠᠢᠮᠠᠭ ᠤ᠋ᠨ ᠵᠠᠯᠠᠢᠳ ᠬᠣᠰᠢᠭᠤᠨ ᠤ᠋ ᠤᠯᠠᠭᠠᠨᠮᠥ᠋ᠴᠢᠷ ᠤ᠋ᠨ ᠳᠡᠳ᠋ ᠳᠠᠷᠤᠭ᠎ᠠ

ᠶᠠᠮᠠᠷᠪᠠ ᠴᠠᠭ ᠦᠶ᠎ᠡ ᠵᠢᠨ ᠤᠳᠬ᠎ᠠ ᠤᠷᠠᠯᠢᠭ ᠨᠢ ᠵᠦᠪᠬᠡᠨ ᠤᠯᠤᠰ ᠪᠠ ᠦᠨᠳᠦᠰᠦᠲᠡᠨ ᠯᠣᠭᠡ ᠬᠣᠪᠢ ᠵᠠᠶᠠᠭ᠎ᠠ ᠪᠠᠨ ᠬᠣᠯᠪᠣᠵᠦ᠂ ᠵᠢᠷᠭᠠᠯ ᠵᠣᠪᠠᠯᠠᠩ ᠵᠢᠠᠨ ᠬᠠᠮᠲᠤᠳᠬᠠᠪᠠᠯ ᠰᠠᠶᠢ ᠣᠷᠠᠢᠯᠠᠨ ᠲᠠᠭᠣᠲᠠᠬᠣ ᠠᠣᠭ᠎ᠠ ᠬᠦᠴᠦᠨ ᠲᠠᠢ ᠪᠣᠯᠵᠦ ᠴᠢᠳᠠᠨ᠎ᠠ᠃ ᠣᠯᠠᠨ ᠵᠢᠯ ᠤ᠋ᠨ ᠲᠤᠷᠰᠢ᠂ ᠵᠠᠯᠠᠢᠳ ᠬᠣᠰᠢᠭᠤᠨ ᠤ᠋ ᠤᠯᠠᠭᠠᠨᠮᠥ᠋ᠴᠢᠷ ᠤᠨ ᠬᠢᠨ ᠦᠨᠳᠦᠰᠦᠨ ᠱᠠᠲᠤᠨ ᠳ᠋ᠤ ᠬᠦᠨᠵᠡᠭᠡᠢᠷᠡᠨ᠂ ᠦᠨᠳᠤᠰᠤᠨ ᠱᠠᠳᠤᠨᠤ ᠤᠯᠠᠨ ᠲᠦᠮᠡᠨᠳᠤ ᠦᠢᠯᠡᠴᠢᠯᠡᠵᠤ᠂ ᠤᠯᠠᠨ ᠲᠦᠮᠡᠨ ᠤ᠋ ᠦᠵᠡᠵᠦ ᠰᠣᠨᠢᠷᠬᠠᠬᠤ ᠳᠤᠷᠠᠲᠠᠶ ᠬᠡᠯᠪᠡᠷᠢ ᠪᠡᠷ ᠨᠠᠮ ᠤ᠋ᠨ ᠳᠠᠭᠤᠨ ᠪᠠ ᠬᠠᠢᠷ᠎ᠠ ᠬᠠᠯᠠᠮᠵᠢ ᠵᠢ ᠲᠦᠭ ᠲᠦᠮᠡᠨ ᠠᠢᠯ ᠡᠷᠦᠬᠡ ᠳ᠋ᠦ ᠬᠦᠷᠭᠡᠵᠦ᠂ ᠨᠥᠯᠥᠭᠡᠯᠡᠬᠦ ᠬᠦᠴᠦᠨ ᠪᠦᠬᠦᠢ ᠤᠳᠬ᠎ᠠ ᠤᠷᠠᠯᠢᠭ ᠤ᠋ᠨ ᠪᠦᠲᠦᠭᠡᠯ ᠵᠢᠡᠷ ᠤᠯᠠᠨ ᠲᠦᠮᠡᠨ ᠤ᠋ ᠰᠣᠶᠣᠯ ᠤ᠋ᠨ ᠠᠮᠢᠳᠤᠷᠠᠯ ᠢ᠋ ᠪᠠᠶᠠᠯᠢᠭᠵᠢᠭᠤᠯᠵᠤ᠂ ᠦᠨᠳᠦᠰᠦᠲᠡᠨ ᠤ᠋ ᠪᠦᠯᠬᠦᠮᠳᠡᠯ ᠤ᠋ᠨ ᠭᠸᠨ ᠢ ᠬᠥᠮᠦᠨ ᠪᠦᠬᠦᠨ ᠤ᠋ ᠰᠡᠳᠬᠢᠯ ᠳ᠋ᠦ ᠰᠠᠴᠤᠵᠤ᠂ ᠤᠯᠠᠨ ᠲᠦᠮᠡᠨ ᠳ᠋ᠤ 《ᠳᠤᠮᠳᠠᠳᠤ ᠵᠢᠨ ᠦᠨᠳᠦᠰᠦᠲᠡᠨ ᠨᠢᠭᠡ ᠭᠡᠷ ᠮᠡᠲᠦ ᠳᠣᠲᠣᠨᠣ》 ᠭᠡᠬᠦ ᠭᠦᠨ ᠭᠦᠨᠵᠡᠭᠡᠶ ᠠᠭᠤᠯᠤᠭᠳᠠᠬᠤᠨ ᠢ᠋ ᠭᠦᠨᠵᠡᠭᠡᠶ ᠮᠡᠳᠡᠷᠡᠬᠦᠯᠪᠠ᠃
ᠲᠠᠯ᠎ᠠ ᠨᠤᠲᠤᠭ ᠤ᠋ᠨ 《ᠬᠤᠪᠢᠰᠬᠠᠯᠲᠤ ᠤᠳᠬ᠎ᠠ ᠤᠷᠠᠯᠢᠭ ᠤ᠋ᠨ ᠬᠥᠩᠭᠡᠨ ᠮᠣᠷᠢᠲᠤ ᠴᠡᠷᠢᠭ 》 ᠪᠣᠯᠤᠭᠰᠠᠨ ᠤ᠋ ᠬᠤᠪᠢ ᠳ᠋ᠤ᠂ ᠪᠢᠳᠡ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠬᠠᠷᠢᠭᠤᠴᠠᠯᠭᠠᠲᠤ ᠰᠡᠳᠬᠢᠯᠭᠡ ᠪᠡᠨ ᠣᠯᠠᠮ ᠴᠢᠩᠭᠠᠳᠬᠠᠵᠤ᠂ ᠴᠠᠭ ᠦᠶ᠎ᠡ ᠵᠢᠨ ᠬᠦᠭ ᠠᠢᠵᠠᠮᠢ ᠴᠢᠩᠭ᠎ᠠ ᠡᠵᠡᠮᠳᠡᠨ᠂ ᠤᠮᠠᠷᠠᠲᠤ ᠬᠢᠯᠢ ᠵᠢᠨ ᠰᠣᠶᠣᠯ ᠤ᠋ᠨ ᠠᠭᠤᠯᠤᠭᠳᠠᠬᠤᠨ ᠢ᠋ ᠭᠦᠨᠵᠡᠭᠡᠢ ᠠᠭᠤᠳᠠᠯᠵᠤ᠂ ᠨᠡᠩ ᠤᠯᠠᠨ ᠬᠡᠯᠪᠡᠷᠢ ᠶᠠᠩᠵᠤ ᠵᠢᠨ᠂ ᠡᠯᠪᠡᠭ ᠪᠠᠶᠠᠯᠢᠭ ᠠᠭᠤᠯᠭ᠎ᠠ ᠲᠠᠢ ᠰᠣᠳᠣᠨ ᠪᠦᠲᠦᠭᠡᠯ ᠢ᠋ ᠵᠣᠬᠢᠶᠠᠨ ᠪᠦᠲᠦᠭᠡᠵᠦ᠂ ᠤᠷᠠᠯᠢᠭ ᠤ᠋ᠨ ᠬᠡᠯᠪᠡᠷᠢ ᠪᠡᠷ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠦᠯᠢᠭᠡᠷ ᠢ᠋ ᠰᠠᠢᠲᠤᠷ ᠶᠠᠷᠢᠵᠤ᠂ ᠦᠨᠳᠦᠰᠦᠲᠡᠨ ᠶ᠋ᠢᠡᠨ ᠭᠡᠰᠡᠨ ᠠᠣᠭ᠎ᠠ ᠬᠦᠰᠡᠯ ᠶ᠋ᠢᠡᠷ ᠣᠮᠣᠬ ᠰᠦᠯᠲᠡᠶᠢ ᠪᠠᠲᠠᠷᠠᠭᠣᠯᠣᠨ ᠨᠢᠭᠲᠠᠷᠠᠭᠤᠯᠵᠤ᠂ ᠴᠠᠭ ᠦᠶ᠎ᠡ ᠪᠠᠨ ᠬᠡᠬᠦ ᠴᠢᠩ ᠵᠣᠷᠢᠬ ᠶ᠋ᠢᠡᠷ ᠰᠡᠳᠬᠢᠯ ᠨᠢᠭᠡᠳᠦᠨ ᠬᠦᠴᠦᠨ ᠶ᠋ᠢᠡᠨ ᠬᠠᠮᠳᠤᠳᠬᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃