2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠰᠠᠨᠠᠭᠤᠯᠭ᠎ᠠ

2025-03-06 10:28:35

ᠵᠣᠬᠢᠶᠠᠭ᠍ᠴᠢ᠄ ᠠᠨ ᠶᠢᠨ ᠳ᠋ᠦᠩ ᠣᠩᠱᠢᠭ᠍ᠰᠠᠨ ᠣᠳᠠᠭ᠎ᠠ᠄ 3

ᠵᠢᠨ ᠵᠤᠸᠠᠩ ᠄ ᠪᠦᠬᠦ ᠤᠯᠤᠰ ᠤ᠋ᠨ ᠤᠯᠤᠰ ᠲᠦᠷᠦ ᠵᠢᠨ ᠵᠥᠪᠯᠡᠯᠭᠡᠨ ᠤ᠋ ᠭᠡᠰᠢᠭᠦᠨ ᠂ ᠲᠤᠮᠳᠠᠳᠤ ᠤᠯᠤᠰ᠎ᠤᠨ ᠠᠷᠠᠳᠴᠢᠯᠠᠯ ᠵᠢᠡᠷ ᠤᠯᠤᠰ᠎ᠵᠢᠡᠨ ᠪᠠᠢᠭᠤᠯᠬᠤ ᠬᠤᠷᠠᠯ ᠤ᠋ᠨ ᠥᠪᠥᠷ ᠮᠣᠩᠭᠣᠯ ᠤ᠋ᠨ ᠬᠣᠷᠢᠢ᠎ᠠ ᠵᠢᠨ ᠡᠷᠬᠢᠯᠡᠭᠴᠢ ᠭᠡᠰᠢᠭᠦᠨ᠂ ᠥᠪᠥᠷ ᠮᠣᠩᠭᠣᠯ ᠤ᠋ᠨ ᠡᠳ᠋ ᠤ᠋ᠨ ᠵᠠᠰᠠᠭ ᠠᠵᠤ ᠠᠬᠤᠢ ᠵᠢᠨ ᠶᠡᠭᠡ ᠰᠤᠷᠭᠠᠭᠤᠯᠢ ᠵᠢᠨ ᠵᠠᠬᠢᠷᠤᠯ


QQ20250306-102445.png


ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠬᠡᠯ ᠳ᠋ᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠲᠤᠬᠠᠶ ᠠᠭᠤᠯᠭ᠎ᠠ ᠨᠢ ᠨᠠᠳᠠ ᠳ᠋ᠤ ᠭᠦᠨ ᠰᠠᠭᠤᠭᠳᠠᠯ ᠦᠯᠡᠳᠡᠭᠡᠵᠡᠶ ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠨᠢ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠤᠳᠤᠷᠢᠳᠤᠯᠭ᠎ᠠ ᠳᠣᠣᠷ᠎ᠠ ᠪᠠᠢᠭᠤᠯᠤᠭᠳᠠᠭᠰᠠᠨ ᠠᠩᠬᠠᠳᠠᠭᠴᠢ ᠮᠤᠵᠢ ᠵᠢᠨ ᠲᠡᠰ ᠤ᠋ᠨ ᠦᠨᠳᠦᠰᠦᠲᠡᠨ ᠤ᠋ ᠥᠪᠡᠷᠲᠡᠭᠡᠨ ᠵᠠᠰᠠᠬᠤ ᠣᠷᠣᠨ ᠪᠣᠯᠤᠭᠰᠠᠨ ᠤ᠋ ᠬᠤᠪᠢ ᠳ᠋ᠤ ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠤ᠋ ᠡᠷᠬᠢᠮ ᠳᠡᠭᠡᠳᠦ ᠢᠷᠠᠭᠤ ᠠᠯᠳᠠᠷ ᠢ᠋ ᠤᠷᠳᠤ ᠬᠤᠭᠤᠴᠠᠭ᠎ᠠ ᠪᠠᠷ ᠨᠠᠨᠳᠢᠩᠨᠠᠨ ᠬᠠᠮᠠᠭᠠᠯᠠᠭᠰᠠᠭᠠᠷ ᠢᠷᠡᠵᠠᠢ᠃

ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠲᠤ ᠴᠤᠭᠴᠠᠯᠠᠬᠤ ᠭᠣᠣᠯ ᠰᠢᠵᠢᠮ ᠢ᠋ ᠲᠤᠭᠤᠰᠢᠯᠠᠭᠤᠯᠬᠤ ᠪᠣᠯ ᠤᠷᠳᠤ ᠬᠤᠭᠤᠴᠠᠭᠠᠨ ᠤ᠋ ᠡᠭᠦᠷᠭᠡ᠂ ᠰᠢᠰᠲ᠋ᠧᠮᠲᠦ ᠢᠨᠵᠧᠨᠧᠷᠢᠩ ᠮᠥᠨ᠃ ᠶᠡᠬᠡ ᠳᠡᠭᠡᠳᠤ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠵᠢᠨ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠤ᠋ᠨ ᠬᠥᠮᠦᠵᠢᠯ ᠢ᠋ ᠨᠢᠭᠡ ᠴᠤᠬᠴᠠᠵᠢᠭᠤᠯᠬᠤ ᠪᠠᠢᠭᠤᠯᠤᠯᠲᠠ ᠵᠢ ᠭᠦᠨᠵᠡᠭᠡᠢ ᠠᠬᠢᠭᠤᠯᠵᠤ᠂ ᠠᠯᠬᠤᠮ ᠳᠠᠷᠠᠭᠠᠯᠠᠯ ᠲᠠᠢ ᠪᠡᠷ ᠤᠷᠤᠭᠰᠢᠯᠠᠭᠤᠯᠬᠤ ᠬᠢᠴᠢᠶᠡᠯ ᠤ᠋ᠨ ᠰᠢᠰᠲᠸᠮ ᠢ᠋ ᠪᠠᠢᠭᠤᠯᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠰᠤᠷᠤᠭᠴᠢᠳ ᠤ᠋ᠨ ᠰᠡᠳᠬᠢᠯ ᠵᠢᠷᠦᠭᠡᠨ ᠳ᠋ᠦ ᠬᠦᠨ᠎ᠠ ᠬᠠᠳᠠᠡᠭᠰᠢᠭᠤᠯᠤᠨ᠂ ᠢᠳᠡᠷᠡᠭᠦᠨ ᠵᠢᠡᠷ ᠦᠰᠦᠨ ᠪᠣᠢᠵᠢᠭᠤᠯᠪᠠᠯ ᠵᠤᠬᠢᠨ᠎ᠠ᠃ ᠡᠭᠦᠨ ᠤ᠋ ᠬᠠᠮᠲᠤ᠂ ᠤᠬᠠᠭᠤᠯᠭ᠎ᠠ ᠬᠥᠮᠦᠵᠢᠯ ᠢ᠋ ᠪᠠᠢᠩᠭᠤᠵᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠪᠠ ᠨᠡᠢᠲᠡᠯᠢᠭ ᠵᠢᠱ᠌ᠢᠶ᠎ᠡ ᠵᠢ ᠭᠦᠨᠵᠡᠭᠡᠶ ᠠᠭᠤᠳᠠᠯᠵᠤ᠂ ᠦᠨᠳᠦᠰᠦᠲᠡᠨ ᠨᠤᠭᠦᠳ ᠤ᠋ᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠠᠮᠢᠳᠤᠯᠢᠭ ᠦᠢᠯᠡᠳᠦᠯᠭᠡ ᠪᠠ ᠡᠷᠬᠢᠮ ᠨᠠᠨᠳᠢᠨ ᠲᠤᠷᠰᠢᠯᠭ᠎ᠠ ᠵᠢ ᠤᠯᠠᠨ ᠬᠠᠷᠠᠭᠠᠰᠤ ᠡᠴᠡ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠦᠯᠢᠭᠡᠷ ᠢ᠋ ᠰᠠᠢᠲᠤᠷ ᠶᠠᠷᠢᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠤᠶᠤᠨ ᠰᠠᠨᠠᠭᠠᠨ ᠤ᠋ ᠭᠡᠷ ᠣᠷᠣᠨ ᠢ᠋ ᠪᠠᠢᠭᠤᠯᠬᠤ ᠭᠡᠷᠡᠭᠳᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面