2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠰᠠᠨᠠᠭᠤᠯᠭ᠎ᠠ

2025-03-07 16:38:27

ᠵᠣᠬᠢᠶᠠᠭ᠍ᠴᠢ᠄ ᠠᠨ ᠶᠢᠨ ᠳ᠋ᠦᠩ ᠣᠩᠱᠢᠭ᠍ᠰᠠᠨ ᠣᠳᠠᠭ᠎ᠠ᠄ 3

ᠵᠣᠣ ᠵᠢᠶ᠄ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠳᠤᠮᠳᠠᠳᠤ ᠤᠯᠤᠰ ᠎ᠤᠨ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠬᠣᠷᠢᠶ᠎ᠠ᠎ᠶ᠋ᠢᠨ ᠡᠷᠬᠢᠯᠡᠭ᠌ᠴᠢ ᠭᠡᠱᠢᠭᠦᠨ


QQ20250307-102938.png


ᠵᠠᠰᠠᠭ ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠮᠢ ᠠᠬᠤᠶ᠎ᠶ᠋ᠢᠨ ᠪᠦᠲᠤᠬᠡᠨ ᠪᠠᠢᠭᠤᠯᠤᠯᠲᠠ᠎ᠶ᠋ᠢ ᠴᠢᠩᠭᠠᠳᠭᠠᠬᠤ ᠠᠵᠢᠯ᠎ᠤᠨ ᠡᠭᠦᠷᠭᠡ ᠪᠠ ᠠᠬᠢᠭᠤᠯᠬᠤ ᠠᠷᠭ᠎ᠠ ᠬᠡᠮᠵᠢᠶ᠎ᠡ᠎ᠶ᠋ᠢ ᠤᠯᠠᠮ ᠨᠢᠭᠡ ᠠᠯᠬᠤᠮ ᠲᠣᠳᠣᠷᠬᠠᠢᠯᠠᠪᠠ᠃ ᠡᠬᠦᠨ ᠳ᠋ᠤ᠂ 《〈ᠤᠮᠠᠷᠠᠲᠤ ᠵᠢᠨ ᠭᠤᠷᠪᠠᠨ ᠤᠷᠤᠨ〉ᠤ᠋ ᠢᠨᠵᠧᠨᠧᠷᠢᠩ᠎ᠦᠨ ᠪᠡᠯᠭᠡ ᠲᠡᠮᠳᠡᠭ ᠎ᠦᠨ ᠴᠢᠨᠠᠷᠲᠠᠶ ᠳᠠᠢᠯᠠᠯᠳᠤᠭᠠᠨ᠎ᠤ ᠴᠢᠬᠤᠯᠠ ᠦᠷ᠎ᠡ ᠪᠦᠲᠦᠭᠡᠯ ᠣᠯᠬᠤ᠎ᠶ᠋ᠢ ᠠᠬᠢᠭᠤᠯᠬᠤ ᠬᠡᠷᠡᠭ᠌ᠲᠡᠶ》 ᠭᠡᠵᠦ᠍ ᠳᠤᠷᠠᠳᠪᠠ᠃

ᠣᠢᠷ᠎ᠠ᠎ᠶ᠋ᠢᠨ ᠵᠢᠯ᠎ᠤ᠋ᠨ ᠲᠤᠷᠰᠢ ᠥᠪᠥᠷ ᠮᠣᠩᠭᠣᠯ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶᠢ ᠵᠠᠰᠠᠬᠤ ᠲᠠᠯ᠎ᠠ᠎ᠪᠠᠷ ᠢᠯᠡᠳᠲᠡ ᠠᠮᠵᠢᠯᠳᠠ ᠪᠦᠲᠦᠮᠵᠢ ᠣᠯᠤᠭ᠍ᠰᠠᠨ ᠪᠣᠯᠪᠠᠴᠤ᠌ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠪᠠ ᠡᠯᠡᠰᠦᠷᠬᠡᠭ᠌ᠵᠢᠯ ᠎ᠢ ᠰᠡᠷᠭᠡᠢᠯᠡᠨ ᠡᠯᠡᠰᠦ᠎ᠶᠢ ᠵᠠᠰᠠᠬᠤ ᠠᠵᠢᠯ᠎ᠤᠨ ᠪᠠᠢᠳᠠᠯ ᠮᠥᠨ ᠬᠦ᠌ ᠬᠦᠨᠳᠦ ᠨᠣᠴᠢᠲᠠᠶ ᠪᠠᠢᠨ᠎ᠠ᠃ ᠮᠢᠨᠦ᠍ ᠦᠵᠡᠬᠦ᠌᠎ᠪᠡᠷ ᠨᠢᠭᠡ᠎ᠳᠦ᠂ ᠱᠢᠨᠵᠢᠯᠡᠬᠦ᠌ ᠤᠬᠠᠭᠠᠨᠴᠢ᠎ᠪᠠᠷ ᠡᠯᠡᠰᠦᠷᠬᠡᠭ᠌ᠵᠢᠯ᠎ᠢ ᠵᠠᠰᠠᠬᠤ᠎ᠶ᠋ᠢ ᠪᠠᠷᠢᠮᠲᠠᠯᠠᠵᠤ᠂ ᠡᠯᠡᠰᠦ ᠮᠠᠩᠬᠠᠨ᠎ᠤ ᠠᠮᠢ ᠠᠬᠤᠢ᠎ᠶ᠋ᠢᠨ ᠱᠢᠰᠲ᠋ᠧᠮ᠎ᠦᠨ ᠳᠣᠲᠣᠭᠠᠳᠤ ᠵᠢᠮ᠎ᠡ ᠶᠣᠰᠣ᠎ᠶ᠋ᠢ ᠵᠢᠷᠤᠮᠯᠠᠠ᠂ ᠬᠠᠳᠤᠨ ᠭᠣᠣᠯ᠎ᠤᠨ ᠬᠠᠯᠢᠶ᠎ᠠ ᠵᠢᠨ ᠤᠰᠤᠨ᠎ᠤ ᠡᠬᠢ ᠪᠠᠶᠠᠯᠢᠭ ᠎ᠢ ᠭᠦᠢᠴᠡᠳ ᠠᠱᠢᠭ᠍ᠯᠠᠵᠤ᠂ ᠠᠮᠢ ᠠᠬᠤᠢ᠎ᠶ᠋ᠢᠨ ᠤᠰᠤ ᠬᠡᠷᠡᠭ᠌ᠯᠡᠬᠦ᠌ ᠵᠢ ᠪᠠᠳᠤᠯᠠᠵᠤ᠂ ᠳᠤᠷᠤᠭ ᠪᠤᠳᠠ ᠡᠪᠡᠰᠦᠯᠢᠭ ᠤᠷᠭᠤᠮᠠᠯ ᠎ᠢ ᠵᠣᠬᠢᠰᠲᠠᠢ ᠭᠠᠵᠠᠷ ᠲᠤᠨᠢ ᠲᠤᠬᠢᠷᠠᠭᠤᠯᠤᠨ᠂ ᠡᠯᠡᠰᠦᠷᠬᠡᠭ ᠣᠷᠣᠨ᠎ᠤ ᠠᠮᠢ ᠠᠬᠤᠢ᠎ᠶ᠋ᠢ ᠰᠡᠷᠭᠦᠭᠡᠬᠦ᠌᠂ ᠡᠪᠡᠰᠦ ᠮᠤᠳᠤ ᠲᠠᠷᠢᠵᠤ ᠡᠯᠡᠰᠦ ᠵᠢ ᠨᠤᠭᠳᠤᠯᠬᠤ ᠲᠦᠷᠦᠯ ᠵᠦᠢᠯ ᠎ᠢ ᠬᠡᠷᠡᠭ᠌ᠵᠢᠭᠦᠯᠵᠦ᠍᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠡᠯᠡᠰᠦ ᠮᠠᠩᠬ᠎ᠠ ᠵᠢ ᠱᠢᠰᠲ᠋ᠸᠮ ᠲᠠᠢ ᠪᠡᠷ ᠵᠠᠰᠠᠬᠤ ᠶ᠋ᠢ ᠨᠢᠭᠡᠳᠦᠯᠲᠡᠢ ᠲᠥᠯᠥᠪᠵᠢᠭᠦᠯᠤᠨ᠂ ᠭᠣᠣᠯᠳᠠᠯᠭ᠎ᠠ᠎ᠲᠠᠶ ᠠᠮᠢ ᠠᠬᠤᠢ᠎ᠶ᠋ᠢᠨ ᠢᠨᠵᠧᠨᠧᠷᠢᠩ᠎ᠦᠨ ᠪᠦᠳᠦᠭᠡᠨ ᠪᠠᠢᠭᠤᠯᠤᠯᠲᠠ᠎ᠶ᠋ᠢ ᠯᠠᠪᠳᠠᠭᠤᠨ᠎ᠢᠶᠠᠷ ᠠᠬᠢᠭᠤᠯᠬᠤ ᠬᠡᠷᠡᠭ᠌ᠲᠡᠢ᠃ ᠬᠣᠶᠠᠷ᠎ᠲᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠠᠮᠢ ᠠᠬᠤᠢ᠎ᠶ᠋ᠢᠨ ᠠᠵᠤ ᠦᠢᠯᠡᠰᠵᠢᠯᠲᠡ᠎ᠶ᠋ᠢ ᠠᠬᠢᠭᠤᠯᠵᠤ᠂ ᠡᠯᠡᠰᠦᠷᠬᠡᠭ᠌ᠵᠢᠯ ᠎ᠢ ᠰᠡᠷᠭᠡᠢᠯᠡᠨ ᠡᠯᠡᠰᠦ᠎ᠶᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ ᠎ᠢ ᠨᠢᠭᠡ ᠴᠤᠬ᠍ᠴᠠᠵᠢᠭᠤᠯᠬᠤ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂《ᠡᠯᠡᠰᠦ ᠭᠤᠪᠢ ᠴᠦᠯ 》 ᠤ᠋ᠨ ᠭᠡᠷᠡᠯ ᠢᠯᠴᠢ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ᠂ ᠡᠯᠡᠰᠦᠷᠬᠡᠭ ᠣᠷᠣᠨ᠎ᠤ ᠠᠮᠢ ᠠᠬᠤᠢ᠎ᠶ᠋ᠢᠨ ᠠᠵᠤ ᠦᠢᠯᠡᠰ ᠪᠠ ᠴᠡᠪᠡᠷ ᠡᠨᠧᠷᠭᠢ᠎ᠶ᠋ᠢᠨ ᠠᠵᠤ ᠦᠢᠯᠡᠰ ᠎ᠦᠨ ᠠᠭᠤᠰᠤᠯᠴᠠᠯ ᠎ᠢ ᠠᠬᠢᠭᠤᠯᠵᠤ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ᠎ᠤᠨ ᠬᠠᠮᠵᠢᠯᠴᠠᠨ ᠬᠦᠭᠵᠢᠬᠦ ᠵᠢ ᠪᠡᠶᠡᠯᠡᠭᠦᠯᠵᠦ᠍᠂ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠢ ᠳᠠᠢᠯᠠᠯᠳᠤᠭᠠᠨ ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠬᠦ᠌ ᠬᠡᠷᠡᠭ᠌ᠲᠡᠢ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面