2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠰᠠᠨᠠᠭᠤᠯᠭ᠎ᠠ

2025-03-07 16:43:00

ᠵᠣᠬᠢᠶᠠᠭ᠍ᠴᠢ᠄ ᠶᠠᠩ ᠯᠢᠦ ᠣᠩᠱᠢᠭ᠍ᠰᠠᠨ ᠣᠳᠠᠭ᠎ᠠ᠄ 3


ᠯᠦ᠍ ᠴᠢᠤᠸᠠᠨ ᠵᠦᠩ᠄ ᠪᠦᠬᠦ᠌ ᠤᠯᠤᠰ ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ ᠎ᠤᠨ ᠠᠮᠢ ᠠᠬᠤᠢ ᠣᠷᠴᠢᠨ ᠲᠣᠭᠣᠷᠢᠨ᠎ᠤ ᠱᠢᠨᠵᠢᠯᠡᠬᠦ᠌ ᠤᠬᠠᠭᠠᠨ ᠎ᠤ ᠰᠤᠳᠤᠯᠭᠠᠨ᠎ᠤ ᠬᠦᠷᠢᠶᠡᠯᠡᠩ᠎ᠦᠨ ᠳᠡᠭᠡᠳᠦ ᠵᠡᠷᠭᠡ᠎ᠶ᠋ᠢᠨ ᠢᠨᠵᠧᠨᠧᠷ


QQ20250307-164222.png


ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠨᠢᠭᠡ ᠵᠦᠢᠯ᠎ᠦᠨ ᠱᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ ᠪᠦᠳᠦᠭᠡᠨ ᠪᠠᠢᠭᠤᠯᠤᠯᠲᠠ᠎ᠶ᠋ᠢᠨ ᠭᠣᠣᠯᠳᠠᠯᠭ᠎ᠠ᠎ᠲᠠᠶ ᠡᠭᠦᠷᠭᠡ᠂ ᠬᠠᠷᠠᠯᠲᠠ ᠪᠣᠯᠤᠨ ᠬᠢᠨᠠᠨ ᠱᠢᠯᠭᠠᠵᠤ ᠦᠨᠡᠯᠡᠬᠦ᠌ ᠭᠦᠢᠴᠡᠳᠭᠡᠯ ᠲᠣᠭ᠎ᠠ᠎ᠶ᠋ᠢ ᠲᠣᠳᠣᠷᠬᠠᠢᠯᠠᠵᠤ᠂ ᠪᠦᠬᠦ᠌ ᠲᠠᠯ᠎ᠠ᠂ ᠪᠦᠬᠦ᠌ ᠣᠷᠣᠨ ᠪᠦᠰᠡ᠂ ᠪᠦᠬᠦ᠌ ᠶᠠᠪᠤᠴᠠ᠎ᠪᠡᠷ ᠠᠮᠢ ᠠᠬᠤᠢ᠎ᠶ᠋ᠢᠨ ᠬᠠᠮᠠᠭᠠᠯᠠᠯᠳᠠ ᠪᠠ ᠵᠠᠰᠠᠨ ᠰᠡᠷᠬᠦᠭᠡᠯᠳᠡ ᠶ᠋ᠢ ᠵᠢᠯᠣᠭᠣᠳᠴᠤ᠌᠂ ᠡᠷᠡᠭᠦᠯ ᠲᠣᠭ᠍ᠲᠠᠭᠤᠨ᠂ ᠴᠢᠳᠠᠮᠵᠢ ᠪᠦᠷᠢᠨ ᠲᠡᠭᠦᠯᠳᠡᠷ ᠠᠮᠢ ᠠᠬᠤᠢ᠎ᠶ᠋ᠢᠨ ᠱᠢᠰᠲ᠋ᠧᠮ᠎ᠢ ᠬᠦᠴᠦᠯᠡᠨ ᠪᠠᠢᠭᠤᠯᠵᠤ ᠪᠣᠢᠵᠢᠭᠤᠯᠬᠤ ᠬᠡᠷᠡᠭᠳᠠᠢ᠃

ᠪᠢᠳᠡ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭ᠌ᠵᠢᠯᠳᠡ ᠶ᠋ᠢ ᠢᠮᠠᠭ᠍ᠲᠠ ᠪᠠᠷᠢᠮᠲᠠᠯᠠᠵᠤ᠂ ᠥᠨᠳᠥᠷ ᠲᠦᠪᠱᠢᠨ ᠪᠥᠬᠥᠶ ᠬᠠᠮᠠᠭᠠᠯᠠᠯᠲᠠ᠎ᠪᠠᠷ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠶ᠃ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠠᠮᠢ ᠠᠬᠤᠶ᠎ᠶ᠋ᠢᠨ ᠬᠡᠷᠡᠭ᠌ᠯᠡᠬᠦ᠌ ᠤᠰᠤ᠎ᠶ᠋ᠢ ᠪᠠᠲᠤᠯᠠᠵᠤ᠂ ᠤᠰᠤᠨ᠎ᠤ ᠡᠬᠢ ᠪᠠᠶᠠᠯᠢᠭ ᠎ᠢ ᠬᠡᠲᠦᠷᠡᠲᠡᠯ᠎ᠡ ᠨᠡᠭᠡᠭᠡᠨ ᠠᠱᠢᠭ᠍ᠯᠠᠬᠤ᠎ᠠᠴᠠ ᠪᠣᠯᠵᠣ ᠠᠮᠢ ᠠᠬᠤᠶ᠎ᠶ᠋ᠢ ᠬᠣᠶᠠᠳᠠᠬᠢ ᠤᠳᠠᠭ᠎ᠠ ᠡᠪᠳᠡᠬᠦ᠌ ᠎ᠡᠴᠡ ᠵᠠᠢᠯᠠᠰᠭᠢᠬᠦ ᠬᠡᠷᠡᠭᠳᠡᠢ; ᠣᠯᠠᠨ ᠡᠱᠢᠲᠦ ᠪᠡᠯᠡ ᠣᠷᠣᠭᠤᠯᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠡᠳ᠋᠎ᠦᠨ ᠵᠠᠰᠠᠭ᠎ᠤᠨ ᠳᠡᠮᠵᠢᠯᠭᠡ᠎ᠶ᠋ᠢᠨ ᠡᠷᠴᠢᠮ᠎ᠢ ᠴᠢᠩᠭᠠᠷᠠᠭᠤᠯᠤᠨ᠂ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠪᠡᠯᠡ ᠮᠥᠩᠭᠥ᠎ᠶ᠋ᠢᠨ ᠢᠷᠡᠯᠲᠡ᠎ᠶ᠋ᠢ ᠥᠷᠭᠡᠳᠭᠡᠬᠦ ᠬᠡᠷᠡᠭᠳᠡᠢ; ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠨᠥᠬᠥᠪᠥᠷᠢ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠬᠠᠮᠠᠭᠠᠯᠠᠯᠲᠠ ᠪᠠ ᠬᠥᠭ᠌ᠵᠢᠯᠲᠡ᠎ᠶ᠋ᠢᠨ ᠬᠠᠷᠢᠴᠠᠭ᠎ᠠ ᠎ᠶ᠋ᠢ ᠰᠠᠢᠲᠤᠷ ᠱᠢᠢᠳᠪᠦᠷᠢᠯᠡᠬᠦ ᠬᠡᠷᠡᠭᠳᠡᠢ; ᠬᠠᠮᠢᠶ᠎ᠠ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠬᠢ ᠪᠠᠶᠠᠯᠢᠭ᠎ᠢ ᠨᠡᠢᠳᠭᠡᠵᠦ᠍᠂ ᠠᠮᠢ ᠠᠬᠤᠢ᠎ᠶ᠋ᠢᠨ ᠬᠠᠮᠠᠭᠠᠯᠠᠯᠲᠠ ᠳᠤᠮᠳᠠᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠭᠠᠬᠤ ᠬᠡᠷᠡᠭᠳᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面