2025-03-09 13:57:02
ᠵᠢᠨ ᡁᠢ ᠵᠢᠶᠦ᠋ᠨ᠄ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ᠂ ᠪᠡᠭᠡᠵᠢᠩ ᠶᠡᠬᠡ ᠰᠤᠷᠭᠠᠭᠤᠯᠢ᠎ᠶᠢᠨ ᠡᠨᠧᠷᠭᠢ᠎ᠶᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ᠂ ᠪᠡᠭᠡᠵᠢᠩ ᠶᠡᠬᠡ ᠰᠤᠷᠭᠠᠭᠤᠯᠢ ᠵᠢᠨ ᠤᠷᠳᠤᠰ᠎ᠤᠨ ᠡᠨᠧᠷᠬᠢ ᠵᠢᠨ ᠰᠤᠳᠤᠯᠭᠠᠨ᠎ᠤ ᠬᠦᠷᠢᠶᠡᠯᠡᠩ᠎ᠤᠨ ᠳᠠᠷᠤᠭ᠎ᠠ

《ᠲᠡᠷᠢᠬᠥᠨ ᠳᠡᠬᠡᠷ᠎ᠠ ᠪᠠᠨ ᠰᠠᠯᠬᠢ ᠬᠡᠷᠡᠯ᠎ᠤᠨ ᠡᠨᠧᠷᠬᠢ ᠲᠠᠢ᠂ ᠬᠥᠯ ᠳᠣᠣᠷ᠎ᠠ ᠡᠴᠡ ᠨᠡᠭᠦᠷᠡᠰᠤᠨᠤ ᠪᠤᠯᠠᠬᠲᠠᠴᠠ ᠲᠠᠢ᠂ ᠭᠠᠷ᠎ᠲᠠᠭᠠᠨ ᠴᠠᠬᠢᠯᠭᠠᠨᠲᠣᠣᠷᠲᠠᠢ》᠃ ᠡᠨᠡ ᠨᠢ ᠥᠪᠥᠷ ᠮᠣᠩᠭᠣᠯ᠎ᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ ᠪᠠᠲᠤ ᠪᠡᠬᠢ ᠰᠠᠭᠤᠷᠢ᠎ᠶᠢ ᠬᠠᠩᠭᠠᠵᠠᠢ᠃ ᠨᠢᠭᠡ ᠲᠠᠯ᠎ᠠ᠎ᠪᠠᠷ᠂ ᠡᠯᠪᠡᠭ ᠪᠠᠶᠠᠯᠢᠭ ᠨᠡᠭᠦᠷᠡᠰᠦ᠂ ᠪᠠᠢᠭᠠᠯᠢ᠎ᠶᠢᠨ ᠰᠢᠲᠠᠮᠠᠬᠠᠢ ᠬᠡᠢ᠎ᠶᠢᠨ ᠡᠬᠢ ᠪᠠᠶᠠᠯᠢᠭ᠋ ᠨᠢ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠎ᠳᠦ ᠡᠨᠧᠷᠭᠢ᠎ᠶᠢᠨ ᠪᠠᠲᠤᠯᠠᠭ᠎ᠠ ᠬᠠᠩᠭᠠᠪᠠ᠃ ᠨᠥᠭᠥᠭᠡ ᠲᠠᠯ᠎ᠠ᠎ᠪᠠᠷ᠂ ᠰᠠᠯᠬᠢᠨ᠎ᠤ ᠡᠨᠧᠷᠭᠢ᠂ ᠨᠡᠷᠡᠨ᠎ᠦ ᠡᠨᠧᠷᠭᠢ ᠵᠡᠷᠭᠡ ᠳᠠᠬᠢᠨ ᠡᠬᠦᠰᠴᠦ ᠪᠣᠯᠬᠤ ᠡᠨᠧᠷᠭᠢ᠎ᠶᠢ ᠶᠡᠬᠡᠪᠡᠷ ᠬᠥᠭᠵᠢᠭᠦᠯᠵᠦ᠂ ᠡᠨᠧᠷᠭᠢ᠎ᠶᠢᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠬᠡᠷᠡᠭᠯᠡᠬᠦ᠎ᠳᠦ ᠥᠷᠭᠡᠨ ᠳᠡᠯᠬᠡᠷ ᠣᠷᠣᠨ ᠵᠠᠢ ᠬᠠᠩᠭᠠᠵᠤ᠂ ᠥᠪᠥᠷ ᠮᠣᠩᠭᠣᠯ᠎ᠤᠨ ᠠᠵᠤ ᠠᠬᠤᠢ᠎ᠶᠢᠨ ᠨᠡᠮᠡᠭᠳᠡᠯ᠎ᠢ ᠳᠠᠢᠴᠢᠯᠠᠭᠰᠠᠨ᠎ᠢᠶᠠᠷ ᠪᠠᠷᠠᠬᠤ ᠦᠭᠡᠢ ᠪᠠᠰᠠ ᠶᠡᠬᠡ ᠬᠡᠮᠵᠢᠶᠡᠨ᠎ᠦ ᠠᠵᠢᠯ ᠣᠯᠭᠣᠯᠲᠠ᠎ᠶᠢᠨ ᠲᠣᠬᠢᠶᠠᠯ᠎ᠢ ᠡᠭᠦᠳᠴᠦ᠂ ᠣᠷᠣᠨ ᠪᠦᠰᠡ᠎ᠶᠢᠨ ᠠᠵᠤ ᠠᠬᠤᠢ᠎ᠶᠢᠨ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠣᠷᠣᠨ ᠪᠦᠰᠡ᠎ᠶᠢᠨ ᠵᠣᠬᠢᠴᠠᠩᠭᠤᠢ ᠬᠥᠭᠵᠢᠯᠲᠡ᠎ᠶᠢ ᠠᠬᠢᠭᠤᠯᠵᠠᠢ᠃
ᠥᠪᠥᠷ ᠮᠣᠩᠭᠣᠯ᠎ᠤᠨ ᠡᠨᠧᠷᠭᠢ᠎ᠶᠢᠨ ᠲᠠᠯᠳᠠ ᠬᠦᠴᠦᠨ᠎ᠢ ᠭᠦᠢᠴᠡᠳ ᠠᠭᠤᠳᠠᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ ᠳᠤᠬᠠᠢ ᠮᠢᠨᠦ ᠰᠠᠨᠠᠭᠤᠯᠭ᠎ᠠ ᠪᠤᠯ ᠰᠠᠯᠬᠢᠨ ᠬᠦᠴᠦᠨ᠎ᠦ ᠴᠠᠬᠢᠯᠭᠠᠨ᠂ ᠭᠡᠷᠡᠯᠴᠢ ᠴᠡᠨᠡᠭ ᠵᠡᠷᠭᠡ ᠲᠠᠬᠢᠨ ᠡᠭᠦᠰᠴᠦ ᠪᠣᠯᠬᠤ ᠡᠨᠧᠷᠭᠢ᠎ᠶᠢ ᠶᠡᠬᠡ ᠪᠡᠷ ᠬᠥᠭᠵᠢᠭᠦᠯᠵᠦ᠂ ᠤᠯᠠᠮᠵᠢᠯᠠᠯᠲᠤ ᠴᠢᠯᠠᠭᠤᠵᠢᠮᠠᠯ᠎ᠤᠨ ᠡᠨᠧᠷᠭᠢ᠎ᠳᠤ ᠲᠦᠰᠢᠭᠯᠡᠬᠦ᠎ᠶᠢ ᠪᠠᠭᠠᠰᠬᠠᠪᠠᠯ ᠵᠤᠬᠢᠨ᠎ᠠ᠃ ᠨᠡᠭᠦᠷᠡᠰᠦ ᠵᠡᠷᠭᠡ ᠤᠯᠠᠮᠵᠢᠯᠠᠯᠲᠤ ᠡᠨᠧᠷᠭᠢ᠎ᠵᠢᠨ ᠬᠦᠷᠢᠶᠡᠨ᠎ᠳᠦ᠂ ᠠᠷᠢᠭᠤᠨ ᠴᠡᠪᠡᠷ ᠥᠨᠳᠥᠷ ᠪᠦᠲᠦᠮᠵᠢᠲᠡᠶ᠎ᠪᠡᠷ ᠠᠰᠢᠭ᠍ᠯᠠᠬᠤ᠎ᠶᠢ ᠠᠬᠢᠭᠤᠯᠵᠤ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠲᠠ᠎ᠶᠢ ᠪᠠᠭᠠᠰᠬᠠᠵᠤ᠂ ᠡᠨᠧᠷᠭᠢ᠎ᠶᠢᠨ ᠠᠰᠢᠭ᠍ᠯᠠᠯᠲᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠪᠠᠯ ᠵᠤᠬᠢᠨ᠎ᠠ; ᠲᠣᠮᠣ᠌ ᠳ᠋ᠠᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠮᠡᠷᠭᠡᠵᠢᠯ᠎ᠢ ᠠᠰᠢᠭ᠍ᠯᠠᠵᠤ᠂ ᠡᠨᠧᠷᠭᠢ᠎ᠶᠢᠨ ᠦᠢᠯᠡᠳᠪᠦᠷᠢᠯᠡᠯ ᠪᠠ ᠬᠠᠮᠢᠶᠠᠷᠤᠯᠲᠠ᠎ᠶᠢᠨ ᠣᠶᠤᠨᠴᠢᠯᠠᠭᠰᠠᠨ ᠲᠦᠪᠰᠢᠨ᠎ᠢ ᠳᠡᠭᠡᠭᠰᠢᠯᠡᠭᠦᠯᠵᠦ᠂ ᠡᠨᠧᠷᠭᠢ ᠶᠢᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢ ᠰᠢᠯᠢᠳᠡᠭᠵᠢᠭᠦᠯᠪᠡᠯ ᠵᠤᠬᠢᠨ᠎ᠠ; ᠰᠢᠨ᠎ᠡ ᠡᠨᠧᠷᠭᠢ᠎ᠶᠢᠨ ᠮᠡᠷᠭᠡᠵᠢᠯ᠎ᠢ ᠰᠤᠳᠤᠯᠤᠨ ᠨᠡᠭᠡᠭᠡᠬᠦ ᠣᠷᠣᠭᠤᠯᠤᠯᠲᠠ᠎ᠶᠢ ᠨᠡᠮᠡᠭᠳᠡᠭᠦᠯᠵᠦ᠂ ᠡᠨᠧᠷᠭᠢ ᠬᠠᠳᠠᠭᠠᠯᠠᠬᠤ ᠮᠡᠷᠭᠡᠵᠢᠯ᠂ ᠣᠶᠤᠨᠲᠤ ᠴᠠᠬᠢᠯᠭᠠᠨ ᠲᠣᠣᠷ᠂ ᠤᠰᠤᠲᠥ᠋ᠷᠥᠭᠴᠢ ᠡᠨᠧᠷᠭᠢ ᠵᠡᠷᠭᠡ ᠬᠣᠰᠢᠭᠤᠷᠠᠯ ᠮᠡᠷᠭᠡᠵᠢᠯ᠎ᠦᠨ ᠰᠢᠪᠲᠤᠯᠤᠯᠲᠠ ᠪᠠ ᠬᠡᠷᠡᠭᠯᠡᠯᠲᠡ᠎ᠶᠢ ᠠᠬᠢᠭᠤᠯᠪᠠᠯ ᠵᠤᠬᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃