2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠰᠠᠨᠠᠭᠤᠯᠭ᠎ᠠ

2025-03-08 11:33:37

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3


ᠯᠢᠦ ᠶᠠᠨ ᠪᠢᠩ᠄ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠦᠯᠦᠭᠡᠯᠡᠭᠴᠢ᠂ ᠥᠪᠥᠷ ᠮᠣᠩᠭᠣᠯ ᠤ᠋ᠨ ᠤᠮᠠᠷᠠᠲᠤ ᠶ᠋ᠢᠨ ᠬᠦᠨᠳᠦ ᠠᠵᠤ ᠦᠢᠯᠡᠳᠪᠦᠷᠢ ᠵᠢᠨ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠵᠢᠨ ᠠᠵᠢᠯᠴᠢᠨ


QQ20250308-105306.png


ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ 《ᠱᠢᠨ᠎ᠡ ᠴᠠᠭ ᠦᠶ᠎ᠡ ᠵᠢᠨ 〈ᠹᠸᠩᠴᠢᠶᠣᠤ ᠵᠢᠨ ᠲᠤᠷᠱᠢᠯᠭ᠎ᠠ〉 ᠵᠢ ᠪᠠᠷᠢᠮᠲᠠᠯᠠᠨ ᠬᠥᠭ᠌ᠵᠢᠭᠦᠯᠵᠦ᠍᠂ ᠦᠨᠳᠦᠰᠦᠨ ᠱᠠᠲᠤᠨ ᠤ᠋ ᠶᠡᠷᠦᠩᠬᠡᠢᠯᠡᠨ ᠵᠠᠰᠠᠬᠤ ᠲᠥᠪ ᠤ᠋ᠨ ᠵᠢᠷᠤᠮᠵᠢᠭ᠍ᠰᠠᠨ ᠪᠠᠢᠭᠤᠯᠤᠯᠲᠠ ᠶ᠋ᠢ ᠠᠬᠢᠭᠤᠯᠵᠤ᠂ ᠵᠠᠬᠢᠳᠠᠯ ᠰᠤᠷᠪᠤᠯᠵᠢᠯᠠᠯ ᠤ᠋ᠨ ᠠᠵᠢᠯ ᠢ᠋ ᠬᠠᠤᠯᠢᠵᠢᠭᠤᠯᠬᠤ ᠵᠢ ᠦᠷᠭᠦᠯᠵᠢᠯᠡᠨ ᠠᠬᠢᠭᠤᠯᠵᠤ᠂ ᠵᠥᠷᠢᠴᠡᠯ ᠵᠠᠭᠤᠷᠠᠯᠳᠤᠭᠠᠨ ᠢ᠋ ᠦᠨᠳᠦᠰᠦᠨ ᠱᠠᠲᠤᠨ ᠳ᠋ᠤᠨᠢ ᠱᠢᠢᠳᠪᠦᠷᠢᠯᠡᠵᠦ᠍᠂ ᠵᠦᠷᠢᠴᠡᠯ ᠢ᠋ ᠴᠤᠬᠤᠢᠬᠤ ᠳ᠋ᠤᠨᠢ ᠲᠠᠷᠤᠢ ᠱᠢᠢᠳᠪᠦᠷᠢᠯᠡᠨ᠎ᠡ》 ᠭᠡᠵᠦ᠍ ᠳᠤᠷᠠᠳᠴᠠᠢ᠂ ᠡᠨᠡ ᠨᠢ ᠮᠠᠨ ᠤ᠋ ᠣᠷᠣᠨ ᠤ᠋ ᠡᠬᠡ ᠤᠯᠤᠰ ᠤ᠋ᠨ ᠤᠮᠠᠷᠠᠲᠤ ᠵᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠶ᠋ᠢᠨ ᠪᠠᠢᠭᠤᠯᠤᠯᠳᠠ ᠵᠢ ᠱᠢᠰᠲᠸᠮ ᠲᠠᠢ ᠦᠨᠳᠤᠷ ᠦᠷ᠎ᠠ ᠪᠦᠳᠦᠮᠵᠢ ᠲᠠᠢ ᠪᠡᠷ ᠠᠬᠢᠭᠤᠯᠬᠤ ᠳ᠋ᠤ ᠳᠠᠬᠢᠨᠲᠠ ᠴᠢᠭ᠌ᠯᠡᠯ ᠢ᠋ ᠲᠣᠳᠣᠷᠬᠠᠢᠯᠠᠵᠤ ᠥᠭ᠌ᠴᠡᠢ ᠃

ᠪᠢ ᠪᠠᠢᠴᠠᠭᠠᠨ ᠰᠤᠳᠤᠯᠬᠤ ᠶᠠᠪᠤᠴᠠ ᠳ᠋ᠤ ᠦᠢᠯᠠᠭᠠᠬᠰᠠᠨ ᠵᠢᠡᠷ᠂ ᠮᠠᠨ ᠤ᠋ ᠣᠷᠣᠨ ᠵᠥᠷᠢᠴᠡᠯ ᠵᠠᠭᠤᠷᠠᠯᠳᠤᠭᠠᠨ ᠢ᠋ ᠣᠯᠠᠨ ᠡᠱᠢᠴᠢᠯᠡᠨ ᠰᠢᠢᠳᠪᠤᠷᠢᠯᠡᠬᠦ ᠲᠦᠷᠢᠮ ᠢ᠋ ᠨᠡᠢᠲᠡᠯᠡᠨ᠂ 《ᠴᠢᠨᠠᠷ ᠰᠠᠢᠲᠠᠶ ᠡᠶᠡᠳᠡᠭᠦᠯᠬᠡ ᠵᠢᠨ ᠣᠨ》 ᠤ᠋ ᠲᠤᠰᠭᠠᠶ ᠠᠵᠢᠯᠯᠠᠭ᠎ᠠ ᠥᠷᠨᠢᠭᠦᠯᠵᠦ᠍᠂ 《ᠮᠢᠩᠭᠠᠨ ᠺᠠᠳ᠋ᠷ ᠴᠠᠭ᠍ᠳᠠᠭ᠎ᠠ ᠦᠨᠳᠦᠰᠦᠨ ᠱᠠᠲᠤᠨ ᠳ᠋ᠤ ᠪᠠᠭᠤᠬᠤ》ᠠᠵᠢᠯᠯᠠᠭ᠎ᠠ ᠶ᠋ᠢ ᠦᠷᠭᠦᠯᠵᠢᠯᠡᠨ ᠠᠬᠢᠭᠤᠯᠵᠤ᠂ 《ᠲᠥᠯᠥᠭᠡᠯᠡᠭ᠌ᠴᠢ ᠭᠡᠱᠢᠭᠦᠨ + ᠱᠢᠭᠦᠬᠦ᠌ ᠬᠣᠷᠢᠶ᠎ᠠ》 ᠵᠢᠨ ᠣᠯᠠᠨ ᠡᠱᠢᠴᠢᠯᠡᠨ ᠱᠢᠶ᠋ᠳᠪᠦᠷᠢᠯᠡᠬᠦ᠌ ᠲᠣᠭ᠍ᠲᠠᠴᠠ ᠵᠡᠷᠭᠡ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠶ᠋ᠢ ᠬᠦᠴᠦᠯᠡᠨ ᠭᠦᠨᠵᠡᠭᠡᠢᠷᠡᠭᠦᠯᠵᠦ᠍᠂ ᠵᠥᠷᠢᠴᠡᠯ ᠵᠠᠭᠤᠷᠠᠯᠳᠤᠭᠠᠨ ᠢ᠋ ᠦᠨᠡᠨ ᠬᠦ᠌ ᠦᠨᠳᠦᠰᠦᠨ ᠱᠠᠲᠤᠨ ᠳ᠋ᠤ ᠱᠢᠶ᠋ᠳᠪᠦᠷᠢᠯᠡᠵᠤ ᠪᠠᠢᠨ᠎ᠠ᠃ ᠡᠳᠡᠬᠡᠷ ᠠᠵᠢᠯ ᠨᠢ ᠨᠡᠢᠭᠡᠮ ᠤ᠋ᠨ ᠶᠡᠬᠡ ᠲᠠᠯ᠎ᠠ ᠵᠢᠨ ᠡᠶ᠎ᠡ ᠵᠣᠬᠢᠴᠠᠩᠭᠤᠢ ᠲᠣᠭ᠍ᠲᠠᠭᠤᠨ ᠢ᠋ ᠬᠠᠮᠠᠭᠠᠯᠠᠬᠤ᠂ ᠡᠬᠡ ᠤᠯᠤᠰ ᠤ᠋ᠨ ᠤᠮᠠᠷᠠᠲᠤ ᠵᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠶ᠋ᠢ ᠪᠠᠲᠤ ᠴᠣᠭ᠍ᠴᠠᠯᠠᠬᠤ ᠳ᠋ᠤ ᠢᠳᠡᠪᠬᠢ ᠦᠢᠯᠡᠳᠦᠯ ᠲᠡᠶ ᠶᠤᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面