2025ᠤᠨ᠎ᠤ᠋ ᠪᠦᠬᠦ ᠤᠯᠤᠰ᠎ᠤ᠋ᠨ ᠬᠣᠶᠠᠷ ᠬᠤᠷᠠᠯ > ᠰᠠᠨᠠᠯ ᠰᠠᠨᠠᠭᠤᠯᠭ᠎ᠠ

2025-03-09 14:44:04

ᠵᠣᠬᠢᠶᠠᠭ᠍ᠴᠢ᠄ ᠶᠠᠩ ᠯᠢᠦ ᠸᠠᠩ ᠫᠧᠩ ᠣᠩᠱᠢᠭ᠍ᠰᠠᠨ ᠣᠳᠠᠭ᠎ᠠ᠄ 3

ᠯᠢ ᠪᠦᠦ ᠴᠢᠤᠸᠠᠨ᠄ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠪᠤᠭᠤᠲᠤ᠎ᠶᠢᠨ ᠬᠣᠪᠣᠷ ᠰᠢᠷᠣᠢ᠎ᠶᠢᠨ ᠰᠤᠳᠤᠯᠭᠠᠨ᠎ᠤ ᠬᠦᠷᠢᠶᠡᠯᠡᠩ᠎ᠦᠨ ᠬᠣᠪᠣᠷ ᠰᠢᠷᠣᠢ᠎ᠶᠢᠨ ᠴᠢᠳᠠᠮᠵᠢᠲᠤ ᠮᠠᠲᠧᠷᠢᠶᠠᠯ᠎ᠤᠨ ᠤᠰᠤᠲᠥ᠋ᠷᠥᠭᠴᠢ ᠬᠠᠳᠠᠭᠠᠯᠠᠬᠤ ᠮᠠᠲᠧᠷᠢᠶᠠᠯ᠎ᠤᠨ ᠲᠠᠰᠤᠭ᠎ᠤᠨ ᠳᠠᠭᠠᠭᠤᠯᠤᠭ᠍ᠴᠢ


QQ截图20240904155222.png


ᠥᠪᠥᠷ ᠮᠣᠩᠭᠣᠯ᠎ᠳᠤ ᠡᠯᠪᠡᠭ ᠪᠠᠶᠠᠯᠢᠭ᠋ ᠰᠠᠯᠬᠢᠨ᠎ᠤ ᠡᠨᠧᠷᠭᠢ᠂ ᠨᠡᠷᠡᠨ᠎ᠦ ᠡᠨᠧᠷᠭᠢ ᠵᠡᠷᠭᠡ ᠡᠬᠢ ᠪᠠᠶᠠᠯᠢᠭ᠋᠎ᠲᠠᠢ ᠪᠠᠢᠵᠤ᠂ ᠪᠣᠬᠢᠷᠲᠤᠯ ᠦᠭᠡᠢ ᠴᠠᠬᠢᠯᠭᠠᠨ ᠪᠤᠬᠢᠷᠳᠤᠯ ᠦᠬᠡᠢ ᠤᠰᠤᠲᠥ᠋ᠷᠥᠭᠴᠢ᠎ᠶᠢᠨ ᠠᠵᠤ ᠦᠢᠯᠡᠰ᠎ᠢ ᠬᠥᠭᠵᠢᠭᠦᠯᠬᠦ ᠳᠠᠯᠳᠠ ᠬᠦᠴᠦᠨ ᠯᠤᠲᠤ ᠶᠡᠬᠡ ᠪᠠᠢᠭ᠎ᠠ ᠪᠣᠯᠪᠠᠴᠤ ᠪᠣᠬᠢᠷᠲᠤᠯ ᠦᠭᠡᠢ ᠴᠠᠬᠢᠯᠭᠠᠨ᠎ᠢ ᠰᠢᠩᠭᠡᠭᠡᠬᠦ ᠨᠣᠷᠮ᠎ᠠ ᠳᠣᠣᠷ᠎ᠠ᠂ ᠪᠣᠬᠢᠷᠲᠤᠯ ᠦᠭᠡᠢ ᠴᠠᠬᠢᠯᠭᠠᠨ᠎ᠤ ᠠᠷᠠᠯᠵᠢᠶᠠᠨ᠎ᠤ ᠵᠠᠬ᠎ᠠ ᠳᠡᠯᠭᠡᠭᠦᠷ᠎ᠢ ᠴᠢᠨᠠᠭᠰᠢᠳᠠ ᠲᠡᠭᠦᠯᠳᠡᠷᠵᠢᠭᠦᠯᠬᠦ᠂ ᠶᠡᠬᠡ ᠬᠡᠪᠴᠢᠶᠡᠨ᠎ᠦ ᠪᠣᠬᠢᠷᠲᠤᠯ ᠦᠭᠡᠢ ᠴᠠᠬᠢᠯᠭᠠᠨ᠎ᠢ ᠬᠠᠳᠠᠭᠠᠯᠠᠬᠤ ᠬᠡᠷᠡᠭᠴᠡᠭᠡ᠎ᠶᠢ ᠦᠯᠦ ᠬᠠᠩᠭᠠᠵᠤ ᠳᠡᠶ᠋ᠢᠯᠬᠦ᠂ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠴᠢᠳᠠᠪᠤᠷᠢᠲᠠᠨ ᠳᠤᠲᠠᠭᠳᠠᠵᠤ ᠪᠠᠢᠬᠤ ᠵᠡᠷᠭᠡ ᠥᠷᠢᠰᠦᠯᠳᠦᠭᠡᠨ᠎ᠳᠦ ᠲᠤᠯᠭᠠᠷᠠᠵᠤ ᠪᠠᠢᠨ᠎ᠠ᠃

ᠡᠨᠧᠷᠭᠢ᠎ᠶᠢᠨ ᠪᠠᠲᠤᠯᠠᠭ᠎ᠠ ᠪᠠ ᠠᠮᠤᠷ ᠲᠦᠪᠰᠢᠨ ᠨᠢ ᠤᠯᠤᠰ᠎ᠤᠨ ᠠᠵᠤ ᠠᠬᠤᠢ ᠠᠷᠠᠳ᠎ᠤᠨ ᠠᠮᠢᠳᠤᠷᠠᠯ᠎ᠳᠤ ᠬᠣᠯᠪᠣᠭᠳᠠᠨ᠎ᠠ᠃ ᠮᠢᠨᠤ ᠦᠵᠡᠬᠦ ᠪᠡᠷ ᠠᠵᠤ ᠦᠢᠯᠡᠳᠪᠦᠷᠢ ᠠᠵᠤ ᠠᠬᠤᠢᠯᠠᠯ᠎ᠤᠨ ᠲᠤᠬᠠᠢ᠎ᠶᠢᠨ ᠭᠠᠵᠠᠷ ᠲᠠᠭᠠᠨ ᠰᠢᠨ᠎ᠡ ᠡᠨᠧᠷᠭᠢ᠎ᠶᠢ ᠨᠡᠭᠡᠭᠡᠨ ᠠᠰᠢᠭ᠍ᠯᠠᠬᠤ᠎ᠶᠢ ᠵᠣᠷᠢᠭ᠍ᠵᠢᠭᠤᠯᠵᠤ᠂ ᠲᠤᠬᠠᠢ᠎ᠶᠢᠨ ᠭᠠᠵᠠᠷ ᠲᠤᠨᠢ ᠲᠣᠬᠢᠷᠠᠭᠤᠯᠤᠨ ᠪᠣᠬᠢᠷᠲᠤᠯ ᠦᠭᠡᠢ ᠴᠠᠬᠢᠯᠭᠠᠨ᠎ᠤ ᠲᠤᠰᠬᠠᠢ ᠱᠤᠭᠤᠮ᠎ᠢ ᠪᠠᠢᠭᠤᠯᠵᠤ᠂ ᠪᠣᠬᠢᠷᠲᠤᠯ ᠦᠭᠡᠢ ᠴᠠᠬᠢᠯᠭᠠᠨ᠎ᠢ ᠲᠤᠬᠠᠢ᠎ᠶᠢᠨ ᠭᠠᠵᠠᠷ ᠲᠤᠨᠢ ᠰᠢᠩᠭᠡᠬᠡᠨ ᠠᠪᠬᠤ ᠬᠠᠷᠢᠴᠠᠯ᠎ᠢ ᠳᠡᠭᠡᠭᠰᠢᠯᠡᠭᠦᠯᠪᠡᠯ ᠵᠤᠬᠢᠨ᠎ᠠ᠃ ᠪᠣᠬᠢᠷᠲᠤᠯ ᠦᠭᠡᠢ ᠴᠠᠬᠢᠯᠭᠠᠨ᠎ᠤ ᠠᠷᠠᠯᠵᠢᠶ᠎ᠠ᠎ᠶᠢᠨ ᠦᠨ᠎ᠡ ᠬᠠᠩᠰᠢ᠎ᠶᠢᠨ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠪᠣᠬᠢᠷᠲᠤᠯ ᠦᠭᠡᠢ ᠴᠠᠬᠢᠯᠭᠠᠨ᠎ᠤ ᠠᠷᠠᠯᠵᠢᠶ᠎ᠠ ᠬᠢᠭᠡᠳ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠎ᠶᠢᠨ ᠠᠷᠠᠯᠵᠢᠶ᠎ᠠ᠂ ᠳᠠᠬᠢᠨ ᠠᠰᠢᠬᠯᠠᠵᠤ ᠪᠣᠯᠬᠤ ᠡᠨᠧᠷᠭᠢ᠎ᠶᠢᠨ ᠨᠥᠬᠥᠪᠦᠷᠢ ᠵᠡᠷᠭᠡ ᠲᠥᠷᠥ᠎ᠶᠢᠨ ᠪᠣᠳᠣᠯᠭ᠎ᠠ᠎ᠶᠢᠨ ᠬᠠᠮᠵᠢᠯᠴᠠᠭ᠎ᠠ᠎ᠶᠢ ᠴᠢᠩᠭᠠᠳᠬᠠᠪᠠᠯ ᠵᠤᠬᠢᠨ᠎ᠠ᠃ ᠥᠪᠥᠷ ᠮᠣᠩᠭᠣᠯ᠎ᠤᠨ ᠲᠣᠰ ᠭᠠᠵᠠᠷ᠎ᠤᠨ ᠶᠡᠬᠡ ᠳᠡᠭᠡᠳᠦ ᠰᠤᠷᠭᠠᠭᠤᠯᠢ ᠪᠣᠯᠣᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠨᠤᠭᠤᠳ᠎ᠤᠨ ᠪᠣᠬᠢᠷᠲᠤᠯ ᠦᠭᠡᠢ ᠴᠠᠬᠢᠯᠭᠠᠨ ᠪᠤᠬᠢᠷᠳᠤᠯ ᠦᠬᠡᠢ ᠤᠰᠤᠲᠥ᠋ᠷᠥᠭᠴᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠨ᠂ ᠰᠢᠨ᠎ᠡ ᠡᠨᠧᠷᠭᠢ᠂ ᠤᠰᠤᠲᠥ᠋ᠷᠥᠭᠴᠢ ᠡᠨᠧᠷᠭᠢ᠎ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠦᠨ ᠪᠠᠢᠭᠤᠯᠤᠯᠲᠠ᠎ᠶᠢ ᠴᠢᠩᠭᠠᠳᠬᠠᠨ᠂ ᠠᠵᠤ ᠦᠢᠯᠡᠰ᠎ᠦᠨ ᠬᠥᠭᠵᠢᠯᠲᠡ᠎ᠳᠦ ᠵᠣᠬᠢᠴᠠᠭᠰᠠᠨ ᠥᠨᠳᠥᠷ ᠬᠡᠪ ᠪᠣᠯᠪᠠᠰᠤᠷᠠᠯ᠎ᠲᠠᠢ ᠤᠷ᠎ᠠ ᠮᠡᠷᠭᠡᠵᠢᠯ᠎ᠦᠨ ᠬᠡᠯᠪᠡᠷᠢ᠎ᠶᠢᠨ ᠴᠢᠳᠠᠪᠤᠷᠢᠲᠠᠨ᠎ᠢ ᠬᠥᠮᠥᠵᠢᠭᠦᠯᠪᠡᠯ ᠵᠤᠬᠢᠨ᠎ᠠ᠃ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠪᠣᠯᠤᠭᠰᠠᠨ᠎ᠤ ᠬᠤᠪᠢ᠎ᠳᠤ ᠪᠢ ᠲᠤᠬᠠᠢᠯᠠᠭᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠢᠳᠡᠪᠬᠢᠲᠡᠢ᠎ᠪᠡᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠮᠠᠨ᠎ᠤ ᠤᠯᠤᠰ᠎ᠤᠨ ᠡᠨᠧᠷᠭᠢ᠎ᠶᠢᠨ ᠬᠡᠯᠪᠡᠷᠢ᠎ᠪᠠᠨ ᠬᠤᠪᠢᠷᠠᠭᠤᠯᠬᠤ᠂ ᠪᠣᠬᠢᠷᠲᠤᠯ ᠦᠭᠡᠢ ᠬᠥᠭᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面