2025-03-09 14:30:45
ᠡᠦ ᠶᠢᠩ᠄ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠨᠡᠭᠦᠷᠡᠰᠦ ᠬᠡᠸ᠋ᠷᠱᠢᠭᠦᠯᠬᠦ᠌ ᠬᠢᠵᠠᠭᠠᠷᠲᠤ ᠺᠣᠮᠫᠠᠨᠢ᠎ᠶ᠋ᠢᠨ ᠰᠢ ᠯᠠᠶ ᠹᠸᠩ ᠬᠤᠪᠢᠶᠠᠷᠢ ᠺᠣᠮᠫᠠᠨᠢ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠬᠡᠯᠲᠡᠰ᠎ᠦᠨ ᠭᠤᠤᠯᠯᠠᠨ ᠬᠠᠮᠢᠶᠠᠷᠤᠭ᠍ᠴᠢ

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠱᠢᠨ᠎ᠡ ᠬᠥᠳᠡᠯᠭᠡᠬᠦ᠌ ᠡᠨᠧᠷᠭᠢ᠎ᠵᠢ ᠬᠤᠷᠠᠮᠳᠤᠭᠤᠯᠵᠦ ᠤᠯᠠᠮᠵᠢᠯᠠᠯᠲᠤ ᠬᠥᠳᠡᠯᠭᠡᠬᠦ᠌ ᠡᠨᠧᠷᠭᠢ᠎ᠶ᠋ᠢᠨ ᠲᠡᠰ ᠳᠡᠪᠱᠢᠬᠦ᠌᠎ᠶ᠋ᠢ ᠠᠬᠢᠭᠤᠯᠤᠨ᠎ᠠ》 ᠭᠡᠵᠦ᠍ ᠳᠤᠷᠠᠳᠴᠠᠢ᠂ ᠡᠨᠡ ᠨᠢ ᠡᠨᠧᠷᠭᠢ᠎ᠶ᠋ᠢᠨ ᠠᠵᠤ ᠠᠬᠤᠢᠯᠠᠯ᠎ᠳ᠋ᠤ ᠬᠥᠭ᠌ᠵᠢᠯᠲᠡ ᠵᠢᠨ ᠴᠢᠭ᠌ᠯᠡᠯ᠎ᠢ ᠲᠣᠳᠣᠷᠬᠠᠢ ᠵᠢᠭᠠᠵᠤ᠂ ᠪᠢᠳᠡᠨ᠎ᠦ ᠱᠢᠨ᠎ᠡ ᠴᠠᠭ ᠦᠶ᠎ᠡ ᠱᠢᠨ᠎ᠡ ᠠᠶᠠᠨ᠎ᠳᠤ ᠵᠠᠮ ᠨᠡᠭᠡᠭᠡᠨ ᠤᠷᠤᠭ᠍ᠰᠢᠯᠠᠬᠤ᠂ ᠬᠦᠴᠢᠷ ᠪᠡᠷᠭᠡᠰᠢᠶᠡᠯ᠎ᠢ ᠢᠯᠠᠨ ᠳᠠᠪᠠᠬᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢ ᠠᠬᠢᠭᠤᠯᠬᠤ ᠢᠲᠡᠭᠡᠯ ᠵᠣᠷᠢᠭ᠎ᠢ ᠨᠡᠩ ᠪᠠᠲᠤᠳᠭᠠᠵᠠᠢ᠃
ᠮᠢᠨᠦ᠍ ᠲᠦᠷᠦᠭᠰᠡᠨ ᠨᠤᠲᠤᠭ ᠦᠬᠠᠶ ᠬᠣᠲᠠ ᠪᠤᠰᠤᠳ ᠡᠬᠢ ᠪᠠᠶᠠᠯᠢᠭ᠎ᠤᠨ ᠬᠡᠯᠪᠡᠷᠢ᠎ᠶ᠋ᠢᠨ ᠬᠣᠲᠠ᠎ᠲᠠᠶ ᠠᠳᠠᠯᠢ᠎ᠪᠠᠷ ᠨᠡᠭᠦᠷᠡᠰᠦᠨ᠎ᠤ ᠡᠬᠢ ᠪᠠᠶᠠᠯᠢᠭ ᠲᠸ᠋ ᠰᠠᠭᠤᠷᠢᠯᠠᠨ ᠬᠥᠭ᠌ᠵᠢᠵᠦ᠍ ᠪᠤᠢ᠃ ᠦᠬᠠᠶ ᠬᠣᠲᠠ ᠨᠢᠭᠡ ᠲᠠᠯ᠎ᠠ᠎ᠪᠠᠷ ᠤᠯᠠᠮᠵᠢᠯᠠᠯᠲᠤ ᠠᠵᠤ ᠦᠶ᠋ᠯᠡᠰ᠎ᠢ ᠥᠭᠡᠷᠡᠴᠢᠯᠡᠨ ᠲᠠᠰ ᠳᠡᠪᠱᠢᠭᠦᠯᠬᠦ᠌᠎ᠶ᠋ᠢ ᠲᠦᠷᠭᠡᠳᠭᠡᠵᠦ᠍᠂ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠨ ᠭᠠᠮᠨᠠᠵᠤ ᠥᠨᠳᠥᠷ ᠪᠦᠲᠦᠮᠵᠢᠲᠡᠶ᠎ᠪᠡᠷ ᠠᠱᠢᠭ᠍ᠯᠠᠬᠤ᠎ᠶ᠋ᠢ ᠳᠥᠯᠭᠢᠨ ᠠᠬᠢᠭᠤᠯᠵᠤ᠂ ᠨᠥᠭᠥᠭᠡ ᠲᠠᠯ᠎ᠠ᠎ᠪᠠᠷ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠶ᠋ᠯᠡᠰ᠎ᠢ ᠶᠡᠬᠡᠪᠡᠷ ᠪᠣᠢᠵᠢᠭᠤᠯᠵᠤ᠂ ᠡᠬᠢ ᠪᠠᠶᠠᠯᠢᠭ᠎ᠤᠨ ᠲᠠᠪᠠᠭᠤᠯᠢᠭ ᠪᠠ ᠠᠵᠤ ᠦᠶ᠋ᠯᠡᠰ᠎ᠦᠨ ᠰᠠᠭᠤᠷᠢ᠎ᠳᠤ ᠲᠦᠱᠢᠭ᠌ᠯᠡᠨ᠂ BDO᠎ᠶ᠋ᠢ ᠨᠢᠭᠡ ᠴᠣᠭ᠍ᠴᠠᠵᠢᠭᠤᠯᠬᠤ᠂ ᠬᠠᠲᠠᠭᠤ ᠲᠦᠯᠦᠪᠳᠦ ᠳ᠋ᠢᠶᠠᠨ ᡂᠢ᠎ᠶ᠋ᠢ ᠨᠢᠭᠡ ᠴᠣᠭ᠍ᠴᠠᠵᠢᠭᠤᠯᠬᠤ᠂ ᠨᠡᠭᠦᠷᠡᠰᠦ᠎ᠶ᠋ᠢ ᠬᠡᠦᠷᠱᠢᠭᠦᠯᠬᠦ᠌᠎ᠶ᠋ᠢ ᠨᠢᠭᠡ ᠴᠣᠭ᠍ᠴᠠᠵᠢᠭᠤᠯᠬᠤ᠂ ᠴᠠᠬᠢᠭᠤᠷᠲᠤ ᠱᠢᠨ᠎ᠡ ᠮᠠᠲ᠋ᠧᠷᠢᠶᠠᠯ᠎ᠢ ᠨᠢᠭᠡ ᠴᠣᠭ᠍ᠴᠠᠵᠢᠭᠤᠯᠬᠤ 4 ᠵᠤᠷᠪᠤᠰ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢ ᠪᠦᠷᠢᠯᠳᠦᠭᠦᠯᠵᠦ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠪᠣᠬᠢᠷᠲᠤᠯ ᠥᠬᠡᠶ ᠪᠣᠯᠭᠠᠬᠤ᠂ ᠳᠡᠭᠡᠳᠦ ᠲᠠᠰᠵᠢᠬᠦᠯᠦᠨ ᠤᠷᠲᠤᠳᠭᠠᠬᠤ᠎ᠶ᠋ᠢ ᠠᠬᠢᠭᠤᠯᠪᠠ᠃
ᠣᠳᠣᠬᠠᠨ᠎ᠳᠤ᠂ ᠦᠬᠠᠶ ᠬᠣᠲᠠ ᠶᠠᠭ ᠰᠠᠢᠬᠠᠨ ᠪᠥᠬᠥ᠌ ᠤᠯᠤᠰ᠎ᠤᠨ ᠨᠡᠭᠦᠷᠡᠰᠦ ᠪᠡᠷ ᠰᠠᠭᠤᠷᠢ ᠪᠤᠯᠭᠠᠭᠰᠠᠨ ᠠᠮᠢᠳᠤ ᠪᠣᠳᠠᠰ᠎ᠤᠨ ᠵᠠᠳᠠᠷᠠᠵᠤ ᠪᠣᠯᠬᠤᠢᠴᠠ ᠰᠦᠯᠢᠶᠣᠣ᠎ᠶ᠋ᠢᠨ ᠦᠶ᠋ᠯᠡᠳᠪᠦᠷᠢᠯᠡᠯ᠎ᠦᠨ ᠴᠢᠬᠤᠯᠠ ᠰᠠᠭᠤᠷᠢᠨ᠎ᠢ ᠪᠥᠬᠥ᠌ ᠬᠦᠴᠦ᠍᠎ᠪᠡᠷ᠎ᠢᠶᠡᠨ ᠪᠠᠢᠭᠤᠯᠵᠤ ᠪᠠᠢᠨ᠎ᠠ᠃ ᠨᠠᠩ ᠣᠯᠠᠨ ᠣᠯᠠᠨ ᠨᠡᠢᠲᠡ᠎ᠶ᠋ᠢᠨ ᠲᠠᠯᠠᠪᠤᠷ ᠪᠠ ᠲᠠᠷᠢᠶᠠᠨ ᠭᠠᠵᠠᠷ᠎ᠲᠤ ᠠᠮᠢᠳᠤ ᠪᠣᠳᠠᠰ᠎ᠤᠨ ᠵᠠᠳᠠᠷᠠᠵᠤ ᠪᠣᠯᠬᠤ ᠪᠦᠲᠦᠭᠡᠭ᠌ᠳᠡᠬᠦᠨ᠎ᠢ ᠳᠡᠯᠭᠡᠷᠡᠭᠦᠯᠦᠨ ᠬᠡᠷᠡᠭ᠌ᠯᠡᠵᠦ᠍᠂ ᠪᠥᠬᠥ᠌ ᠪᠥᠮᠪᠥᠷᠴᠡᠭ᠎ᠦᠨ 《ᠴᠠᠭᠠᠨ ᠪᠣᠬᠢᠷᠲᠤᠯ》 ᠢ᠋ ᠱᠢᠶ᠋ᠳᠪᠦᠷᠢᠯᠡᠬᠦ᠌᠎ᠳᠦ ᠨᠢᠭᠡ ᠬᠤᠪᠢ ᠵᠢᠨ ᠬᠦᠴᠦᠨ ᠴᠢᠳᠠᠯ᠎ᠢᠶᠠᠨ ᠡᠷᠭᠦᠬᠦ᠌᠎ᠶ᠋ᠢᠨ ᠬᠠᠮᠲᠤ ᠪᠠᠰᠠ ᠦᠬᠠᠶ ᠬᠣᠲᠠ ᠵᠢᠨ ᠡᠬᠢ ᠪᠠᠶᠠᠯᠢᠭ᠎ᠤᠨ ᠬᠡᠯᠪᠡᠷᠢ᠎ᠶ᠋ᠢᠨ ᠬᠣᠲᠠ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠨ ᠴᠢᠳᠠᠯ ᠵᠢᠡᠨ ᠡᠷᠬᠦᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃