2025-03-09 14:37:36
ᠡᠦ ᠴᠢᠶᠠᠩ᠄ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ᠂ ᠳᠤᠮᠳᠠᠳᠤ ᠤᠯᠤᠰ᠎ᠤᠨ ᠠᠭᠤᠷᠬᠠᠢ᠎ᠶᠢᠨ ᠦᠢᠯᠡᠰ᠎ᠦᠨ ᠶᠡᠬᠡ ᠰᠤᠷᠭᠠᠭᠤᠯᠢ᠎ᠶᠢᠨ ᠥᠪᠥᠷ ᠮᠣᠩᠭᠣᠯ᠎ᠳᠠᠬᠢ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ

ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ 《ᠡᠬᠢ ᠪᠠᠶᠠᠯᠢᠭ᠋᠎ᠤᠨ ᠬᠡᠯᠪᠡᠷᠢ᠎ᠶᠢᠨ ᠭᠠᠵᠠᠷ ᠣᠷᠣᠨ᠎ᠤ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠨ᠎ᠡ》 ᠭᠡᠵᠦ ᠳᠤᠷᠠᠳᠤᠭᠰᠠᠨ ᠨᠢ ᠨᠠᠳᠠ᠎ᠳᠤ ᠭᠦᠨ ᠰᠠᠭᠤᠭᠳᠠᠯ ᠦᠯᠡᠳᠡᠭᠡᠵᠡᠢ᠃ 2024 ᠣᠨ᠎ᠳᠤ ᠥᠪᠥᠷ ᠮᠣᠩᠭᠣᠯ᠎ᠤᠨ ᠡᠨᠧᠷᠭᠢ᠎ᠶᠢᠨ ᠬᠦᠷᠢᠶᠡᠨ᠎ᠳᠦ 15 ᠪᠥᠬᠥ ᠤᠯᠤᠰ᠎ᠤᠨ ᠲᠡᠷᠢᠭᠦᠨ᠎ᠢ ᠡᠭᠦᠳᠴᠦ᠂ ᠥᠪᠥᠷ ᠮᠣᠩᠭᠣᠯ᠎ᠤᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠢ ᠪᠠᠲᠤᠯᠠᠬᠤ ᠪᠠᠢᠯᠳᠤᠬᠤ ᠪᠣᠳᠣᠯᠭ᠎ᠠ᠎ᠶᠢᠨ ᠪᠠᠢᠷᠢ ᠰᠠᠭᠤᠷᠢ ᠮᠠᠰᠢ ᠲᠣᠪᠣᠢᠮ᠎ᠠ ᠪᠠᠢᠬᠤ᠎ᠶᠢ ᠢᠯᠡᠷᠡᠭᠦᠯᠪᠡ᠃ ᠡᠨᠡ ᠬᠦ᠌ ᠡᠬᠢ ᠪᠠᠶᠠᠯᠢᠭ᠋᠎ᠤᠨ ᠳᠠᠪᠠᠭᠤᠯᠢᠭ᠋᠎ᠢ ᠠᠵᠤ ᠠᠬᠤᠢ᠎ᠶᠢᠨ ᠳᠠᠪᠠᠭᠤᠯᠢᠭ᠋ ᠪᠣᠯᠭᠠᠨ ᠦᠨᠡᠨ ᠬᠦ᠌ ᠬᠤᠪᠢᠷᠠᠭᠤᠯᠬᠤ ᠭᠡᠪᠡᠯ ᠮᠢᠨᠤ ᠦᠵᠡᠬᠦ ᠪᠡᠷ ᠭᠤᠷᠪᠠᠨ ᠲᠠᠯ᠎ᠠ᠎ᠪᠠᠷ ᠬᠦᠴᠦᠯᠡᠪᠠᠯ ᠵᠤᠬᠢᠨ᠎ᠠ᠃
ᠨᠢᠭᠡ᠎ᠳᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠬᠡᠷᠡᠭᠯᠡᠭᠡᠨ᠎ᠦ ᠬᠡᠪᠴᠢᠶᠡᠵᠢᠯᠲᠡ᠂ ᠤᠯᠠᠨ ᠡᠰᠢᠵᠢᠯᠲᠡ ᠶ᠋ᠢ ᠢᠳᠡᠪᠬᠢᠲᠡᠢ ᠰᠦᠪᠡᠭᠴᠢᠯᠡᠵᠦ᠂ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ ᠪᠣᠯᠣᠨ ᠡᠨᠧᠷᠭᠢ᠎ᠶᠢᠨ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ᠃ ᠬᠣᠶᠠᠷ᠎ᠲᠤ᠂ ᠴᠢᠳᠠᠪᠤᠷᠢᠲᠠᠨ᠎ᠢ ᠤᠷᠢᠨ ᠠᠪᠴᠢᠷᠠᠬᠤ ᠬᠦᠮᠦᠵᠢᠭᠦᠯᠬᠦ ᠡᠷᠴᠢᠮ᠎ᠢᠶᠡᠨ ᠴᠢᠩᠭᠠᠷᠠᠭᠤᠯᠵᠤ᠂ ᠴᠢᠳᠠᠪᠤᠷᠢᠲᠠᠨ᠎ᠢ ᠬᠥᠮᠥᠵᠢᠭᠦᠯᠬᠦ ᠪᠠ ᠡᠩᠨᠡᠭᠡᠨ᠎ᠦ ᠪᠠᠢᠭᠤᠯᠤᠯᠲᠠ᠎ᠶᠢ ᠬᠠᠨᠳᠤᠯᠭᠠᠲᠤ ᠴᠢᠨᠠᠷᠲᠠᠢ᠎ᠪᠠᠷ ᠰᠠᠢᠲᠤᠷ ᠬᠢᠵᠦ᠂ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠳᠦ ᠣᠶᠤᠨ᠎ᠤ ᠳᠡᠮᠵᠢᠯᠭᠡ ᠬᠠᠩᠭᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠬᠦᠴᠦᠨ ᠨᠡᠮᠡᠷᠢᠯᠡᠬᠦ ᠬᠡᠷᠡᠭᠲᠡᠢ᠃ ᠭᠤᠷᠪᠠ᠎ᠳᠤ᠂ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠪᠡᠷ ᠳᠠᠮᠵᠢᠨ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ᠂ 《ᠨᠡᠭᠦᠷᠡᠰᠦ ᠨᠢ ᠡᠬᠢᠨ᠎ᠳᠤ ᠬᠢᠮᠢ ᠵᠢᠨ ᠪᠦᠲᠦᠭᠡᠭᠳᠡᠭᠦᠨ ᠨᠢ ᠰᠡᠭᠦᠯ᠎ᠳᠤ》᠂ 《ᠰᠠᠯᠬᠢᠭᠡᠷᠡᠯᠤᠨ ᠡᠨᠧᠷᠬᠢ ᠵᠢ ᠴᠢᠬᠤᠯᠠᠴᠢᠯᠠᠬᠤ》 ᠠᠵᠢᠯ᠎ᠢ ᠰᠠᠢᠲᠤᠷ ᠬᠢᠵᠦ᠂ ᠡᠷᠬᠢᠯᠳᠡᠳᠦ ᠠᠵᠤ ᠠᠬᠤᠢ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠬᠠᠢᠨ ᠰᠦᠪᠡᠭᠴᠢᠯᠡᠵᠦ᠂ ᠡᠨᠧᠷᠭᠢ᠎ᠶᠢᠨ ᠠᠵᠤ ᠦᠢᠯᠡᠰ᠎ᠦᠨ 《ᠰᠢᠨ᠎ᠡ》 ᠵᠢ ᠡᠷᠬᠢᠮᠯᠡᠵᠦ 《ᠴᠢᠨᠠᠷ》 ᠢ᠋ ᠳᠡᠭᠡᠭᠰᠢᠯᠡᠭᠦᠯᠬᠦ ᠬᠡᠷᠡᠭᠲᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃