ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2022-01-13 09:20:28

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠲᠦᠷᠦᠭᠦᠭᠡᠨ᠂\nᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ\nᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ\nᠪᠦᠯᠬᠦᠮ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ᠎ᠳᠤ ᠤᠬᠠᠭᠤᠯᠤᠨ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ ᠪᠦᠯᠬᠦᠮ ᠎ᠦᠨ ᠬᠢᠨ 《ᠪᠦᠬᠦ᠌ ᠲᠠᠯ᠎ᠠ ᠵᠢᠨ ᠪᠠ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ\nᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠶ᠎ᠡ》᠂ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ\nᠵᠢᠨ ᠵᠢᠷᠭᠤᠳᠤᠭᠠᠷ ᠪᠦᠬᠦᠳᠡ ᠬᠤᠷᠠᠯ ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠬᠤᠨ ᠪᠠ ᠭᠣᠣᠯ ᠴᠢᠬᠤᠯᠠ\nᠠᠭᠤᠯᠭ᠎ᠠ᠎ᠶ᠋ᠢ ᠭᠦᠨᠵᠡᠭᠡᠢ ᠣᠢᠯᠠᠭᠠᠶ᠎ᠠ》᠂ 《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ\nᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠠᠷᠪᠠ ᠶᠢᠰᠦᠳᠦᠭᠡᠷ\nᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ\nᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠤᠶ᠎ᠠ》 ᠵᠡᠷᠭᠡ ᠭᠤᠷᠪᠠᠨ ᠲᠠᠯ᠎ᠠ᠎ᠪᠠᠷ\nᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ\nᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ\nᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠤᠬᠠᠭᠤᠯᠤᠨ ᠲᠠᠢᠯᠪᠤᠷᠢᠯᠠᠪᠠ᠃

ᠦᠪᠡᠷᠲᠡᠭᠡᠨ ᠵᠠᠰᠠᠬᠤ ᠤᠷᠤᠨ᠎ᠤ ᠡᠪᠯᠡᠯ᠎ᠦᠨ ᠬᠣᠷᠢᠶ᠎ᠠ ᠵᠢᠨ ᠬᠠᠮᠢᠶ᠎ᠠ ᠪᠦᠬᠦᠢ\nᠬᠠᠷᠢᠭᠤᠴᠠᠯᠭᠠᠲᠠᠨ ᠡᠴᠡ᠂ ᠤᠬᠠᠭᠤᠯᠤᠨ ᠲᠠᠢᠯᠪᠤᠷᠢᠯᠠᠯᠲᠠ᠎ᠨᠢ ᠭᠦᠨᠵᠡᠭᠡᠢ ᠪᠥᠭᠡᠳ ᠣᠢᠯᠠᠭᠠᠮᠵᠢᠲᠠᠢ᠂ ᠦᠵᠡᠯ\nᠰᠠᠨᠠᠭᠠᠨ᠎ᠤ ᠦᠨᠳᠦᠷᠴᠡ᠂ ᠤᠨᠤᠯ᠎ᠤᠨ ᠭᠦᠨᠴᠡ᠎ᠲᠡᠶ ᠪᠥᠭᠡᠳ ᠪᠠᠰᠠ ᠮᠠᠰᠢ ᠴᠢᠩᠭ᠎ᠠ ᠬᠠᠨᠳᠤᠯᠭᠠᠲᠤ ᠴᠢᠨᠠᠷ ᠪᠠ\nᠨᠥᠯᠥᠭᠡᠯᠡᠬᠦ᠌ ᠬᠦᠴᠦᠨ᠎ᠲᠡᠶ ᠪᠠᠢᠵᠤ᠂ ᠪᠦᠬᠦᠳᠡ ᠬᠤᠷᠠᠯ᠎ᠤᠨ\nᠵᠣᠷᠢᠭ ᠰᠠᠨᠠᠭ᠎ᠠ ᠪᠠ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ\nᠣᠢᠯᠠᠭᠠᠵᠤ᠂ ᠪᠦᠬᠦ᠌ ᠲᠠᠯ᠎ᠠ᠎ᠪᠠᠷ ᠡᠵᠡᠮᠱᠢᠬᠦ᠌᠎ᠳᠦ ᠴᠢᠬᠤᠯᠠ ᠬᠠᠪᠰᠤᠷᠤᠨ ᠵᠢᠯᠣᠭᠣᠳᠭᠤ ᠦᠢᠯᠡᠳᠦᠯ᠎ᠲᠡᠶ᠃ ᠪᠦᠬᠦ᠌ ᠣᠷᠣᠨ᠎ᠤ ᠡᠯ᠎ᠡ ᠱᠠᠲᠤᠨ᠎ᠤ ᠡᠪᠯᠡᠯ᠎ᠦᠨ ᠺᠠᠳ᠋ᠷ᠂ ᠵᠠᠯᠠᠭᠤᠴᠤᠳ᠎ᠤᠨ᠎ᠯᠧᠺᠲ᠋ᠣᠷ᠎ᠤᠨ ᠪᠦᠯᠬᠦᠮ᠎ᠦᠨ ᠪᠦᠷᠢᠯᠳᠦᠬᠦᠨ᠂ ᠵᠠᠯᠠᠭᠤᠴᠤᠳ᠎ᠤᠨ ᠬᠣᠯᠪᠣᠭ᠎ᠠ᠎ᠶ᠋ᠢᠨ ᠭᠡᠱᠢᠭᠦᠨ᠂ ᠤᠯᠠᠭᠠᠨ ᠪᠥᠴᠡᠲᠡᠨ᠎ᠦ\nᠲᠣᠭᠣᠷᠢᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠎ᠨᠡᠷ ᠡᠪᠯᠡᠯ᠎ᠦᠨ ᠭᠡᠱᠢᠭᠦᠨ ᠵᠠᠯᠠᠭᠤᠴᠤᠳ᠂ ᠪᠠᠭᠠᠴᠤᠳ᠎ᠤᠨ\nᠬᠣᠱᠢᠭᠤᠴᠢ ᠠᠩᠬᠢ᠎ᠶ᠋ᠢᠨ ᠭᠡᠱᠢᠭᠦᠳ᠎ᠲᠦ ᠬᠠᠨᠳᠤᠭᠤᠯᠤᠨ᠂ ᠥᠷᠭᠡᠨ ᠳᠡᠯᠭᠡᠷᠡᠩᠭᠦᠶ ᠴᠢᠨᠠᠷᠲᠠᠶ᠂ ᠤᠯᠠᠨ ᠲᠦᠮᠡᠨᠴᠢᠯᠡᠭ᠌ᠰᠡᠨ᠂\nᠬᠠᠷᠢᠯᠴᠠᠨ ᠬᠥᠳᠡᠯᠦᠯᠴᠡᠬᠦ᠌ ᠮᠠᠶᠢᠭ᠎ᠤᠨ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ᠎ᠶ᠋ᠢ ᠠᠮᠢᠳᠤᠯᠢᠭ ᠵᠢᠡᠷ \nᠥᠷᠨᠢᠭᠦᠯᠵᠦ᠍᠂ ᠴᠢᠬᠤᠯᠠ ᠶᠡᠬᠡ ᠦᠵᠡᠯᠲᠡ᠎ᠶ᠋ᠢ ᠲᠣᠳᠣᠷᠬᠠᠶ ᠶᠠᠷᠢᠵᠤ᠂ ᠦᠵᠡᠯ ᠰᠠᠨᠠᠭ᠎ᠠ ᠲᠠᠨᠢᠯᠲᠠ᠎ᠪᠠᠨ\nᠨᠢᠭᠡᠳᠭᠡᠨ᠂ ᠬᠤᠷᠠᠯ᠎ᠤᠨ᠎ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢ ᠣᠨᠣᠪᠴᠢᠲᠠᠶ ᠪᠥᠭᠡᠳ ᠠᠮᠢᠳᠤᠯᠢᠭ᠎ᠢᠶᠠᠷ\nᠰᠠᠢᠲᠤᠷ ᠬᠢᠬᠦ᠌ ᠬᠡᠷᠡᠭ᠌ᠲᠡᠶ᠃ ᠦᠷᠭᠡᠨ ᠤᠯᠠᠨ ᠡᠪᠯᠡᠯ᠎ᠦᠨ ᠭᠡᠱᠢᠭᠦᠨ ᠵᠠᠯᠠᠭᠤᠴᠤᠳ᠎ᠨᠠᠮ᠎ᠢᠶᠠᠨ ᠳᠠᠭᠠᠵᠤ ᠳᠤᠮᠳᠠᠳᠤ\nᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠵᠠᠮ᠎ᠢᠶᠠᠷ ᠵᠠᠮᠨᠠᠬᠤ ᠢᠲᠡᠭᠡᠯ ᠵᠣᠷᠢᠭ᠎ᠢᠶᠠᠨ ᠲᠠᠰᠤᠷᠠᠯᠲᠠ ᠦᠭᠡᠶ ᠪᠠᠲᠤᠳᠭᠠᠵᠤ᠂ ᠰᠢ᠎ᠶ᠋ᠢᠨ ᠫᠢᠩ᠎ᠦᠨ\nᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠡᠷᠡᠰ\nᠪᠠᠲᠤ ᠬᠦᠷᠢᠶᠡᠯᠡᠭᠴᠢ ᠪᠠ ᠦᠨᠡᠨᠴᠢ ᠱᠢᠳᠤᠷᠭᠤ ᠦᠢᠯᠡᠳᠦᠯᠭᠡᠵᠢᠭᠦᠯᠦᠭ᠌ᠴᠢ\nᠪᠣᠯᠬᠤ᠎ᠪᠠᠷ ᠴᠢᠷᠮᠠᠢᠵᠤ᠂ ᠡᠷᠡᠮᠡᠭᠡᠢᠯᠡᠨ ᠤᠷᠤᠭ᠍ᠰᠢᠯᠠᠬᠤ ᠲᠡᠦᠬᠡ᠎ᠶ᠋ᠢᠨ ᠰᠢᠨ᠎ᠡ ᠠᠶᠠᠨ᠎ᠳᠤ 《ᠨᠠᠮ ᠮᠢᠨᠢ ᠰᠠᠨᠠᠭ᠎ᠠ ᠠᠮᠤᠷ ᠪᠠᠢᠭᠠᠷᠠᠢ᠂ ᠤᠯᠤᠰ᠎ᠢᠶᠠᠨ ᠬᠦᠴᠦᠷᠬᠡᠭ᠌ᠵᠢᠭᠦᠯᠬᠦ᠌᠎ᠳᠦ ᠪᠢᠳᠡ\nᠪᠠᠢᠨ᠎ᠠ》 ᠭᠡᠬᠦ᠌ ᠵᠠᠯᠠᠭᠤ ᠨᠠᠰᠤᠨ᠎ᠤ ᠬᠠᠭᠤᠳᠠᠰᠤ᠎ᠶ᠋ᠢ ᠪᠢᠴᠢᠭ᠌ᠯᠡᠵᠦ᠍᠂\nᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠬᠡᠷᠡᠭ᠌ᠲᠡᠢ ᠬᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面