ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-11-19 10:01:39

ᠵᠣᠬᠢᠶᠠᠭ᠍ᠴᠢ᠄ ​ ᠯᠢ ᠬᠠᠨ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 18 ᠤ᠋ ᠡᠳᠦᠷ᠂ ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ ᠲᠤᠰᠭᠠᠢ ᠰᠡᠳᠦᠪᠲᠦ ᠨᠠᠮ᠎ᠤᠨ ᠬᠢᠴᠢᠶᠡᠯ᠎ᠦᠨ ᠬᠡᠯᠪᠡᠷᠢ᠎ᠪᠡᠷ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠪᠠ᠃᠎ᠡᠯ᠎ᠡ᠎ᠴᠡᠷᠢᠭ᠎ᠦᠨ᠎ᠬᠤᠪᠢᠶᠠᠷᠢ᠎ᠲᠣᠭᠣᠷᠢᠭ ( ᠰᠡᠷᠭᠡᠢᠯᠡᠯᠲᠡ᠎ᠶ᠋ᠢᠨ ᠲᠣᠭᠣᠷᠢᠭ)᠂ ᠠᠷᠠᠳ᠎ᠤᠨ ᠵᠡᠪᠰᠡᠭ᠌ᠲᠦ ᠬᠦᠴᠦᠨ᠎ᠦ ᠬᠡᠯᠲᠡᠰ᠂ ᠺᠠᠳ᠋ᠷ᠎ᠤᠨ ᠠᠮᠠᠷᠠᠨ ᠰᠤᠪᠢᠯᠠᠬᠤ ᠭᠠᠵᠠᠷ ᠸᠢᠳᠢᠣ᠋ ᠬᠤᠷᠠᠯ᠎ᠤᠨ ᠱᠢᠰᠲ᠋ᠧᠮ᠎ᠢᠶᠡᠷ ᠣᠷᠣᠯᠴᠠᠵᠠᠢ᠃

ᠥᠪᠥᠷ ᠮᠣᠩᠭᠣᠯ᠎ᠤᠨ ᠴᠡᠷᠢᠭ᠎ᠦᠨ ᠲᠣᠭᠣᠷᠢᠭ᠎ᠤᠨ ᠺᠣᠮᠢᠰᠰᠠᠷ ᠶᠠᠩ ᠱᠢᠶᠤᠤ ᠺᠠᠩ ᠬᠢᠴᠢᠶᠡᠯ ᠣᠷᠣᠵᠤ ᠵᠢᠭᠠᠨ ᠵᠢᠯᠣᠭᠣᠳᠪᠠ᠃

ᠶᠠᠩ ᠱᠢᠶᠤᠤ ᠺᠠᠩ 《 〈 ᠬᠣᠶᠠᠷ᠎ᠢ ᠲᠣᠭ᠍ᠲᠠᠭᠠᠬᠤ 〉 ᠎ᠶ᠋ᠢᠨ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ ᠤᠢᠯᠠᠭᠠᠨ᠂ ᠨᠠᠮ᠎ᠤᠨ ᠵᠢᠯᠣᠭᠣᠳᠣᠯᠭ᠎ᠠ᠎ᠶ᠋ᠢ ᠨᠠᠩ ᠡᠷᠡᠰ ᠪᠠᠲᠤ ᠤᠬᠠᠮᠰᠠᠷ ᠡᠴᠡ᠎ᠪᠠᠨ ᠳᠠᠭᠠᠵᠤ ᠨᠢᠭᠡᠳᠦᠯᠳᠠᠢ ᠪᠠᠢᠵᠤ ᠬᠦᠷᠢᠶᠡᠯᠡᠬᠦ ᠬᠡᠷᠡᠭᠳᠠᠢ》 ᠭᠡᠬᠦ᠌ ᠭᠤᠤᠯ ᠰᠡᠳᠦᠪ ᠤ᠋ᠨ ᠲᠤᠭᠤᠷᠢᠨ ᠳ᠋ᠤ ᠥᠪᠡᠷ᠎ᠦᠨ ᠰᠤᠷᠤᠯᠴᠠᠯᠭ᠎ᠠ᠎ᠲᠠᠶ ᠪᠠᠨ ᠤᠶᠠᠯᠳᠤᠭᠤᠯᠵᠤ᠂ 《ᠬᠣᠶᠠᠷ᠎ᠢ ᠲᠣᠭ᠍ᠲᠠᠭᠠᠬᠤ》᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭᠰᠠᠨ 《ᠭᠤᠷᠪᠠ ᠤᠳᠠᠭ᠎ᠠ᠎ᠶ᠋ᠢᠨ ᠦᠰᠦᠷᠦᠯᠲᠡ》᠂ 《ᠲᠦᠷᠪᠡᠨ ᠲᠡᠦᠬᠡᠨ ᠴᠠᠭ ᠦᠶ᠎ᠡ》᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ 《ᠲᠠᠪᠤᠨ ᠶᠡᠬᠡ ᠲᠡᠦᠬᠡᠲᠦ ᠠᠴᠢ ᠬᠣᠯᠪᠣᠭ᠍ᠳᠠᠯ》 ᠵᠡᠷᠭᠡ 7 ᠲᠠᠯ᠎ᠠ ᠡᠴᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠡᠶ ᠡᠮᠬᠢᠯᠡᠵᠤ᠂ 《ᠬᠣᠶᠠᠷ᠎ᠢ ᠲᠣᠭ᠍ᠲᠠᠭᠠᠬᠤ 》 ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ ᠪᠠ ᠦᠨᠳᠦᠰᠦᠨ ᠱᠠᠭᠠᠷᠳᠠᠯᠭ᠎ᠠ᠎ᠶ᠋ᠢᠨ ᠲᠣᠭᠣᠷᠢᠨ᠎ᠳᠤ ᠪᠦᠬᠦ᠌ ᠣᠷᠣᠨ᠎ᠤ ᠳᠠᠷᠤᠭ᠎ᠠ ᠪᠠᠢᠯᠳᠤᠭ᠍ᠴᠢᠳ᠂ ᠪᠢᠴᠢᠭ᠎ᠦᠨ ᠠᠵᠢᠯᠲᠠᠨ ᠪᠠ ᠠᠵᠢᠯᠲᠠᠨ ᠠᠵᠢᠯᠴᠢᠳ ᠲᠤ᠌ ᠢᠯᠡ ᠳᠤᠳᠤᠷᠬᠠᠢ ᠭᠤᠤᠯ ᠰᠡᠳᠦᠪ ᠲᠠᠢ᠂ ᠠᠯᠤᠰ ᠭᠡᠳᠦ᠍᠎ᠶ᠋ᠢᠨ ᠵᠣᠷᠢᠯᠲᠠ᠎ᠲᠠᠶ᠂ ᠪᠠᠶᠠᠯᠢᠭ ᠠᠭᠤᠯᠤᠭ᠍ᠳᠠᠬᠤᠨ᠎ᠲᠠᠶ ᠨᠠᠮ᠎ᠤᠨ ᠬᠢᠴᠢᠶᠡᠯ᠎ᠤᠷᠤᠵᠤ᠂ ᠴᠡᠷᠢᠭ᠎ᠦᠨ ᠲᠣᠭᠣᠷᠢᠭ᠎ᠤᠨ ᠡᠯ᠎ᠡ ᠱᠠᠲᠤᠨ᠎ᠤ ᠬᠢᠨ᠎ᠦ ᠦᠵᠡᠯ ᠰᠠᠨᠠᠭ᠎ᠠ ᠲᠠᠨᠢᠯᠲᠠ᠎ᠵᠢ ᠤᠯᠠᠮ ᠴᠢᠨᠠᠭᠰᠢᠳᠠ ᠨᠢᠭᠡᠳᠭᠡᠨ᠂ ᠦᠵᠡᠯ ᠰᠠᠨᠠᠭᠠᠨ᠎ᠤ ᠠᠯᠬᠤᠮ᠎ᠢ ᠳᠠᠭᠠᠵᠤ᠂ ᠦᠵᠡᠯ ᠰᠠᠨᠠᠭᠠᠨ᠎ᠤ ᠤᠬᠠᠮᠰᠠᠷ᠎ᠢ ᠴᠢᠩᠭᠠᠳᠬᠠᠵᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠦᠷᠭᠦᠯᠵᠢᠯᠡᠨ ᠠᠬᠢᠭᠤᠯᠬᠤ ᠵᠢ ᠬᠦᠳᠦᠯᠦᠨ ᠵᠢᠯᠤᠭᠤᠳᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠨ ‍ᠤ ᠰᠤᠨᠢᠨ ᠮᠡᠳᠡᠬᠡ᠎ᠶᠢᠨ ᠰᠦᠯᠵᠢᠶ᠎ᠠ
兼容浏览器的HTML页面