ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-11-19 09:29:28

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠱᠢᠯᠠᠭᠤᠯᠬᠤ ᠨᠢ

ᠱᠢᠨᠬᠤᠸᠠ ᠬᠣᠷᠢᠶᠠᠨ᠎ᠤ ᠱᠢᠭᠦᠮᠵᠢᠯᠡᠭ᠌ᠴᠢ

《ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ ᠬᠣᠷᠢᠨ ᠨᠢᠭᠡᠳᠦᠭᠡᠷ ᠵᠠᠭᠤᠨ᠎ᠤ ᠮᠠᠷᠺᠰ᠎ᠤᠨ ᠦᠵᠡᠯ ᠮᠦᠨ᠂ ᠳᠤᠮᠳᠠᠳᠤ ᠶ᠋ᠢᠨ ᠰᠣᠶᠣᠯ ᠪᠠ ᠳᠤᠮᠳᠠᠳᠤ ᠤᠯᠤᠰ᠎ᠤᠨ ᠵᠣᠷᠢᠭ ᠰᠠᠨᠠᠭᠠᠨ᠎ᠤ ᠴᠠᠭ ᠦᠶ᠎ᠡ᠎ᠶ᠋ᠢᠨ ᠤᠬᠢ ᠰᠣᠳᠣ ᠮᠥᠨ᠂ ᠲᠡᠷᠡ ᠨᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠱᠢᠨ᠎ᠡ ᠦᠰᠦᠷᠦᠯᠲᠡ ᠶ᠋ᠢ ᠪᠡᠶᠡᠯᠡᠭᠦᠯᠪᠡ》᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠠᠴᠠ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠬᠤ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠱᠢᠨᠵᠢᠯᠡᠬᠦ᠌ ᠤᠬᠠᠭᠠᠨᠴᠢ ᠪᠠᠷ ᠲᠣᠳᠣᠷᠬᠠᠢᠯᠠᠵᠤ᠂᠎ᠡᠨᠡ ᠬᠦ᠌ ᠴᠢᠬᠤᠯᠠ ᠦᠵᠡᠯ ᠰᠠᠨᠠᠭ᠎ᠠ᠎ᠶ᠋ᠢᠨ ᠮᠠᠷᠺᠰ᠎ᠤᠨ ᠦᠵᠡᠯ᠎ᠦᠨ ᠬᠥᠭ᠌ᠵᠢᠯᠲᠡ᠎ᠶ᠋ᠢᠨ ᠲᠡᠦᠬᠡ᠂ ᠳᠤᠮᠳᠠᠳᠤ᠎ᠶ᠋ᠢᠨ ᠰᠣᠶᠣᠯ᠎ᠤᠨ ᠬᠥᠭ᠌ᠵᠢᠯᠲᠡ᠎ᠶ᠋ᠢᠨ ᠲᠡᠦᠬᠡᠨ᠎ᠳᠡᠬᠢ ᠴᠢᠬᠤᠯᠠ ᠪᠠᠢᠷᠢ ᠰᠠᠭᠤᠷᠢ᠎ᠶ᠋ᠢ ᠲᠣᠳᠣᠷᠬᠠᠢᠯᠠᠵᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠬᠤ ᠤᠯᠤᠰ ᠲᠥᠷᠥ᠎ᠶ᠋ᠢᠨ ᠤᠬᠠᠮᠰᠠᠷ᠂ ᠣᠨᠣᠯ᠎ᠤᠨ ᠤᠬᠠᠮᠰᠠᠷ᠂ ᠠᠵᠢᠯᠯᠠᠭᠠᠨ᠎ᠤ ᠤᠬᠠᠮᠰᠠᠷ᠎ᠢ ᠴᠢᠨᠠᠭ᠍ᠰᠢᠳᠠ ᠴᠢᠩᠭᠠᠳᠭᠠᠬᠤ᠎ᠳᠤ ᠴᠢᠬᠤᠯᠠ ᠵᠢᠯᠣᠭᠣᠳᠣᠮᠵᠢ ᠬᠠᠩᠭᠠᠪᠠ᠃

ᠮᠠᠨ᠎ᠤ ᠨᠠᠮ᠎ᠤᠨ ᠲᠡᠦᠬᠡ ᠪᠣᠯ ᠳᠠᠷᠤᠢ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠶ᠋ᠢ ᠲᠠᠰᠤᠷᠠᠯᠲᠠ ᠦᠭᠡᠢ ᠠᠬᠢᠭᠤᠯᠤᠭ᠍ᠰᠠᠨ ᠲᠡᠦᠬᠡ ᠮᠥᠨ᠂ ᠳᠠᠷᠤᠢ ᠤᠨᠤᠯ᠎ᠤᠨ ᠱᠢᠨ᠎ᠡ ᠡᠭᠦᠳᠦᠯᠲᠡ ᠵᠢ ᠲᠠᠰᠤᠷᠠᠯᠲᠠ ᠦᠭᠡᠢ ᠠᠬᠢᠭᠤᠯᠵᠤ᠂ ᠤᠨᠤᠯ᠎ᠤᠨ ᠡᠭᠦᠳᠦᠨ ᠪᠦᠲᠦᠭᠡᠯᠲᠡ᠎ᠬᠢᠭᠰᠡᠨ ᠲᠡᠦᠬᠡ ᠮᠥᠨ᠃ ᠤᠷᠳᠤ ᠬᠤᠭᠤᠴᠠᠭᠠᠨ᠎ᠤ ᠲᠡᠮᠡᠴᠡᠯ᠎ᠦᠨ ᠲᠡᠦᠬᠡᠨ ᠶᠠᠪᠤᠴᠠ᠎ᠳᠤ᠂ ᠮᠠᠨ᠎ᠤ ᠨᠠᠮ ᠦᠵᠡᠯ ᠰᠠᠨᠠᠭ᠎ᠠ᠎ᠪᠠᠨ ᠴᠢᠯᠥᠭᠡᠯᠡᠬᠦ᠌ ᠪᠠ ᠦᠨᠡᠨ᠎ᠡᠴᠡ ᠵᠥᠪ᠎ᠢ ᠡᠷᠢᠬᠦ᠌᠎ᠶ᠋ᠢ ᠨᠢᠭᠡᠳᠭᠡᠬᠦ᠌᠂ ᠦᠨᠳᠦᠰᠦ ᠰᠠᠭᠤᠷᠢ᠎ᠶ᠋ᠢ ᠪᠠᠲᠤᠳᠭᠠᠬᠤ ᠪᠠ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌᠎ᠶ᠋ᠢ ᠨᠢᠭᠡᠳᠭᠡᠬᠦ᠌ ᠶ᠋ᠢ ᠪᠠᠷᠢᠮᠲᠠᠯᠠᠵᠤ᠂ ᠮᠠᠷᠺᠰ᠎ᠤᠨ ᠦᠵᠡᠯ᠎ᠦᠨ ᠱᠢᠨ᠎ᠡ ᠠᠬᠤᠢ ᠪᠠᠢᠳᠠᠯ᠎ᠢ ᠲᠠᠰᠤᠷᠠᠯᠳᠠ ᠦᠭᠡᠢ ᠨᠡᠭᠡᠭᠡᠵᠦ᠍᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠦᠨ ᠤᠨᠤᠯ᠎ᠢ ᠪᠤᠢ ᠪᠣᠯᠭᠠᠭᠠᠳ᠂ 《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠦᠷᠢᠯᠳᠦᠬᠦᠯᠵᠡᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠥᠷ᠎ᠢᠶᠡᠷ ᠭᠣᠣᠯ ᠲᠥᠯᠥᠭᠡᠯᠡᠭ᠌ᠴᠢ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤᠴᠤᠳ᠂ ᠮᠠᠷᠺᠰ᠎ᠤᠨ ᠦᠵᠡᠯ᠎ᠦᠨ ᠦᠨᠳᠦᠰᠦᠨ ᠤᠭ ᠶᠤᠰᠤ ᠵᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠬᠤ᠎ᠶ᠋ᠢ ᠪᠠᠷᠢᠮᠲᠠᠯᠠᠵᠤ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠱᠢᠶᠤᠤ ᠫᠢᠩ᠎ᠦᠨ ᠤᠨᠤᠯ᠂《ᠭᠤᠷᠪᠠ᠎ᠶ᠋ᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠨᠠᠮ ᠪᠠᠢᠭᠤᠯᠤᠭ᠍ᠳᠠᠭ᠍ᠰᠠᠨ᠎ᠠᠴᠠ ᠨᠠᠭᠠᠱᠢᠬᠢ ᠲᠡᠦᠬᠡᠨ ᠲᠤᠷᠱᠢᠯᠭ᠎ᠠ᠎ᠶ᠋ᠢ ᠭᠦᠨᠵᠡᠭᠡᠢ ᠳ᠋ᠦᠩᠨᠡᠨ ᠭᠦᠢᠴᠡᠳ ᠬᠡᠷᠡᠭ᠌ᠯᠡᠵᠦ᠍᠂ ᠱᠢᠨ᠎ᠡ ᠪᠣᠳᠠᠲᠤ ᠪᠠᠢᠳᠠᠯ᠎ᠠᠴᠠ ᠡᠭᠦᠰᠴᠦ᠍᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠤᠢ ᠪᠣᠯᠭᠠᠭᠠᠳ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠲᠡᠦᠬᠡᠲᠦ ᠴᠢᠨᠠᠷᠲᠠᠢ ᠦᠰᠦᠷᠦᠯᠲᠡ ᠪᠠ ᠪᠦᠲᠦᠭᠡᠯᠴᠢ ᠴᠢᠨᠠᠷᠲᠠᠢ ᠳᠡᠭᠡᠭ᠌ᠰᠢᠯᠡᠯᠲᠡ᠎ᠶ᠋ᠢ ᠪᠡᠶᠡᠯᠡᠭᠦᠯᠪᠡ᠃

ᠴᠠᠭ ᠦᠶ᠎ᠡ ᠪᠣᠯ ᠦᠵᠡᠯ ᠰᠠᠨᠠᠭᠠᠨ᠎ᠤ ᠡᠬᠡ ᠮᠥᠨ᠂ ᠦᠢᠯᠡᠳᠦᠯᠭᠡ ᠪᠣᠯ ᠤᠨᠤᠯ᠎ᠤᠨ ᠡᠬᠢ ᠮᠥᠨ᠃ ᠨᠢᠭᠡ ᠵᠦᠢᠯ᠎ᠦᠨ ᠤᠨᠤᠯ ᠨᠢ ᠦᠨᠡᠨ ᠶᠣᠰᠣᠨ᠎ᠤ ᠬᠦᠴᠦᠨ᠎ᠲᠡᠶ ᠪᠠᠢᠬᠤ ᠡᠰᠡᠬᠦ᠌ ᠨᠢ ᠡᠴᠦᠰ᠎ᠦᠨ ᠡᠴᠦᠰ᠎ᠲᠡᠬᠡᠨ ᠲᠡᠦᠬᠡ᠎ᠶ᠋ᠢᠨ ᠠᠰᠠᠭᠤᠯᠲᠠ᠂ ᠴᠠᠭ ᠦᠶ᠎ᠡ᠎ᠶ᠋ᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠬᠠᠷᠢᠭᠤᠯᠵᠤ ᠴᠢᠳᠠᠬᠤ ᠡᠰᠡᠬᠦ᠌᠎ᠶ᠋ᠢ ᠦᠵᠡᠨ᠎ᠡ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ᠎ᠶ᠋ᠢᠨ ᠫᠢᠩ ᠨᠥᠬᠥᠷ᠎ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠬᠣᠯᠪᠣᠭ᠍ᠳᠠᠬᠤ᠎ᠠᠯᠢ ᠤᠯᠠᠨ ᠴᠢᠬᠤᠯᠠ ᠶᠡᠬᠡ ᠤᠨᠤᠯ᠎ᠤᠨ ᠪᠠ ᠦᠢᠯᠡᠳᠦᠯᠭᠡ ᠶ᠋ᠢᠨ ᠠᠰᠠᠭᠤᠳᠠᠯ᠎ᠳᠤ ᠭᠦᠨᠵᠡᠭᠡᠢ ᠪᠣᠳᠣᠯᠬᠢᠯᠠᠯ ᠪᠠ ᠱᠢᠨᠵᠢᠯᠡᠬᠦ᠌ ᠤᠬᠠᠭᠠᠨᠴᠢ ᠮᠠᠭᠠᠳᠯᠠᠯᠲᠠ ᠬᠢᠵᠦ᠂ ᠱᠢᠨ᠎ᠡ ᠴᠠᠭ ᠦᠶ᠎ᠡ᠎ᠳᠦ ᠶᠠᠮᠠᠷ ᠶᠠᠩᠵᠤ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠬᠡᠷᠬᠢᠨ ᠪᠠᠷᠢᠮᠲᠠᠯᠠᠨ ᠬᠥᠭ᠌ᠵᠢᠭᠦᠯᠬᠦ᠌᠂ ᠶᠠᠮᠠᠷ ᠶᠠᠩᠵᠤ᠎ᠶ᠋ᠢᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ᠎ᠤᠯᠤᠰ᠎ᠢ᠎ᠪᠦᠲᠦᠭᠡᠨ᠎ᠪᠠᠢᠭᠤᠯᠬᠤ᠂᠎ᠨᠡᠢᠭᠡᠮ᠎ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠬᠡᠷᠬᠢᠨ ᠪᠦᠲᠦᠭᠡᠨ ᠪᠠᠢᠭᠤᠯᠬᠤ᠂ ᠶᠠᠮᠠᠷ ᠶᠠᠩᠵᠤ᠎ᠶ᠋ᠢᠨ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ᠎ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠢ ᠪᠠᠢᠭᠤᠯᠬᠤ᠂ ᠤᠷᠳᠤ ᠬᠤᠭᠤᠴᠠᠭ᠎ᠠ᠎ᠪᠠᠷ ᠲᠦᠷᠦ᠍ ᠪᠠᠷᠢᠬᠤ ᠮᠠᠷᠺᠰ᠎ᠤᠨ ᠦᠵᠡᠯ᠎ᠦᠨ ᠲᠦᠷᠦ᠍᠎ᠶ᠋ᠢᠨ ᠨᠠᠮ᠎ᠢ ᠬᠡᠷᠬᠢᠨ ᠪᠠᠢᠭᠤᠯᠬᠤ ᠵᠡᠷᠭᠡ ᠴᠢᠬᠤᠯᠠ ᠶᠡᠬᠡ ᠴᠠᠭ ᠦᠶ᠎ᠡ᠎ᠶ᠋ᠢᠨ ᠰᠡᠳᠦᠪ ᠲᠤ᠌ ᠰᠢᠰᠲᠧᠮ ᠲᠠᠢ ᠬᠠᠷᠢᠭᠤᠯᠲᠠ ᠦᠭᠴᠦ᠂ ᠠᠯᠢ ᠣᠯᠠᠨ ᠪᠦᠲᠦᠭᠡᠯᠴᠢ ᠴᠢᠨᠠᠷᠲᠠᠶ ᠲᠥᠷᠥ᠎ᠶ᠋ᠢ ᠵᠠᠰᠠᠵᠤ ᠵᠠᠰᠠᠭ᠎ᠢ ᠡᠷᠬᠢᠯᠡᠬᠦ ᠱᠢᠨ᠎ᠡ ᠣᠢᠯᠠᠭᠠᠭ᠍ᠳᠠᠬᠤᠨ ᠱᠢᠨ᠎ᠡ ᠦᠵᠡᠯ ᠰᠠᠨᠠᠭ᠎ᠠ ᠱᠢᠨ᠎ᠡ ᠪᠠᠢᠯᠳᠤᠬᠤ ᠪᠣᠳᠣᠯᠭ᠎ᠠ ᠶ᠋ᠢ ᠳᠤᠷᠠᠳᠤᠨ ᠭᠠᠷᠭᠠᠵᠤ᠂ ᠨᠠᠮ ᠪᠠ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠳᠦ ᠲᠣᠭ᠎ᠢ ᠮᠠᠨᠳᠤᠭᠤᠯᠤᠨ ᠴᠢᠭ᠌ᠯᠡᠯ᠎ᠢ ᠲᠣᠭ᠍ᠲᠠᠭᠠᠵᠤ᠂ ᠵᠠᠯᠠᠭᠤᠷ ᠪᠠᠷᠢᠵᠤ ᠠᠶᠠᠯᠠᠯ᠎ᠢ ᠤᠳᠤᠷᠢᠳᠴᠤ᠂ ᠲᠥᠯᠥᠪᠯᠡᠨ ᠪᠠᠢᠷᠢᠯᠠᠭᠤᠯᠵᠤ᠂ ᠲᠠᠰᠤᠷᠠᠯᠲᠠ ᠦᠭᠡᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠶ᠋ᠢᠨ ᠬᠦᠴᠦᠷᠬᠡᠭ ᠶᠡᠬᠡ ᠬᠦᠴᠦᠨ ᠴᠢᠳᠠᠯ ᠤᠯᠭᠤᠭᠰᠠᠨ ᠪᠠᠢᠨ᠎ᠠ᠃

ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠬᠠᠮᠤᠭ᠎ᠤᠨ ᠱᠢᠨ᠎ᠡ ᠦᠷ᠎ᠡ ᠪᠦᠲᠦᠭᠡᠯ ᠪᠣᠯᠤᠭ᠍ᠰᠠᠨ᠎ᠤ ᠬᠤᠪᠢ᠎ᠳᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠨᠢ ᠮᠠᠷᠺᠰ᠎ᠤᠨ ᠦᠵᠡᠯ᠎ᠦᠨ ᠭᠦᠨ ᠤᠬᠠᠭᠠᠨ᠂ ᠤᠯᠤᠰ ᠲᠥ᠋ᠷᠥ ᠠᠵᠤ ᠠᠬᠤᠶ᠎ᠶ᠋ᠢᠨ ᠤᠬᠠᠭᠠᠨ᠂ ᠱᠢᠨᠵᠢᠯᠡᠬᠦ᠌ ᠤᠬᠠᠭᠠᠨ᠎ᠤ ᠨᠡᠢᠭᠡᠮ ᠵᠢᠷᠤᠮ᠎ᠤᠨ ᠡᠯ᠎ᠡ ᠬᠦᠷᠢᠶᠡᠨ᠎ᠳᠦ ᠮᠠᠰᠢ ᠣᠯᠠᠨ ᠪᠡᠯᠭᠡ ᠲᠡᠮᠳᠡᠭ᠎ᠤᠨ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠶ ᠱᠢᠨ᠎ᠡ ᠦᠵᠡᠯᠲᠡ ᠵᠢ ᠳᠤᠷᠠᠳᠴᠤ᠂ ᠴᠤ᠋ ᠱᠢᠨ᠎ᠡ ᠬᠠᠷᠠᠭᠠᠰᠤ ᠎ᠠᠴᠠ ᠡᠪ ᠬᠠᠮᠲᠤ ᠨᠠᠮ᠎ᠤᠨ ᠲᠥᠷᠥ᠍ ᠪᠠᠷᠢᠬᠤ ᠵᠢᠮ᠎ᠡ ᠶᠣᠰᠣ᠂ ᠨᠡᠢᠭᠡᠮ ᠵᠢᠷᠤᠮᠲᠤ ᠪᠦ᠍ᠶ᠋ᠲᠦᠭᠡᠨ ᠪᠠᠢᠭᠤᠯᠤᠯᠲᠠ᠎ᠶ᠋ᠢᠨ ᠵᠢᠮ᠎ᠡ ᠶᠣᠰᠣ᠂ ᠬᠥᠮᠦᠨ ᠲᠥᠷᠥᠯᠬᠢᠲᠡᠨ᠎ᠦ ᠨᠡᠢᠭᠡᠮ᠎ᠦᠨ ᠬᠥᠭ᠌ᠵᠢᠯᠲᠡ᠎ᠶ᠋ᠢᠨ ᠵᠢᠮ᠎ᠡ ᠶᠣᠰᠣᠨ᠎ᠤ ᠲᠠᠨᠢᠯᠲᠠ ᠵᠢ ᠬᠦᠨᠵᠡᠬᠡᠢᠷᠡᠬᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ᠎ᠤᠨ ᠱᠢᠨ᠎ᠡ ᠵᠢᠷᠤᠭ ᠲᠦᠰᠦᠪ᠎ᠢ ᠵᠢᠭᠠᠨ ᠦᠭᠴᠦ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢᠶᠠᠨ ᠮᠠᠨᠳᠤᠭᠤᠯᠵᠤ ᠨᠠᠮ᠎ᠢᠶᠠᠨ ᠬᠦᠴᠦᠷᠬᠡᠭ᠌ᠵᠢᠭᠦᠯᠬᠦ᠌ ᠱᠢᠨ᠎ᠡ ᠠᠬᠤᠶ ᠪᠠᠢᠳᠠᠯ᠎ᠢ ᠨᠡᠬᠡᠭᠡᠵᠦ᠂ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠳᠦ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ ᠬᠠᠩᠭᠠᠵᠦ᠂ ᠨᠠᠮ ᠪᠠ ᠤᠯᠤᠰ᠎ᠤᠨ ᠠᠵᠢᠯ ᠦᠶ᠋ᠯᠡᠰ᠎ᠢ ᠬᠥᠲᠥᠯᠥᠨ ᠳᠠᠭᠠᠭᠤᠯᠵᠤ ᠲᠡᠦᠬᠡᠲᠦ ᠴᠢᠨᠠᠷᠲᠠᠶ ᠠᠮᠵᠢᠯᠲᠠ ᠣᠯᠵᠤ᠂ ᠲᠡᠦᠬᠡᠲᠦ ᠴᠢᠨᠠᠷᠲᠠᠶ ᠬᠤᠪᠢᠰᠤᠯᠲᠠ ᠡᠬᠦᠰᠪᠡ᠃ ᠨᠠᠮ᠎ᠠᠴᠠ ᠰᠢ᠎ᠶ᠋ᠢᠨ ᠫᠢᠩ ᠨᠥᠬᠥᠷ᠎ᠦᠨ ᠨᠠᠮ᠎ᠤᠨ ᠲᠥᠪ ᠬᠣᠷᠢᠶᠠᠨ᠎ᠤ ᠭᠣᠣᠯᠯᠠᠭ᠍ᠴᠢ᠂ ᠪᠦᠬᠦ᠌ ᠨᠠᠮ᠎ᠤᠨ ᠭᠣᠣᠯᠯᠠᠭ᠍ᠴᠢ᠎ᠶ᠋ᠢᠨ ᠪᠠᠢᠷᠢ ᠰᠠᠭᠤᠷᠢ᠎ᠶ᠋ᠢ ᠲᠣᠭ᠍ᠲᠠᠭᠠᠵᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠵᠢᠯᠣᠭᠣᠳᠭᠤ ᠪᠠᠢᠷᠢ ᠰᠠᠭᠤᠷᠢ᠎ᠶ᠋ᠢ ᠲᠣᠭ᠍ᠲᠠᠭᠠᠭ᠍ᠰᠠᠨ ᠨᠢ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠵᠤ᠂ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂᠎ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠪᠡ᠃

ᠦᠨᠳᠦᠰᠦ ᠨᠢ ᠭᠦᠨ ᠪᠣᠯ ᠨᠠᠪᠴᠢ ᠨᠢ ᠰᠠᠬᠤᠯᠢᠭ ᠪᠠᠢᠵᠤ᠂ ᠦᠨᠢ ᠤᠳᠠᠭᠠᠨ ᠪᠠᠢᠵᠤ ᠴᠢᠳᠠᠨ᠎ᠠ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠨᠢ ᠳᠤᠮᠳᠠᠳᠤ᠎ᠶ᠋ᠢᠨ ᠰᠣᠶᠣᠯ᠎ᠤᠨ ᠦᠩ ᠱᠢᠮᠡᠯᠢᠭ ᠬᠥᠷᠥᠰᠥᠨ᠎ᠳᠦ ᠭᠦᠨ ᠦᠨᠳᠦᠰᠦᠯᠡᠵᠦ᠍᠂ ᠥᠷᠭᠡᠨ ᠳᠡᠯᠭᠡᠷ ᠭᠦᠨ ᠭᠦᠨᠵᠡᠭᠡᠢ ᠤᠳᠬ᠎ᠠ ᠠᠭᠤᠯᠭ᠎ᠠ ᠪᠦᠬᠦᠢ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠳᠤ ᠠᠭᠤᠯᠤᠭ᠍ᠳᠠᠵᠤ ᠪᠠᠢᠭ᠎ᠠ ᠡᠯᠪᠡᠭ ᠪᠠᠶᠠᠯᠢᠭ ᠭᠦᠨ ᠤᠬᠠᠭᠠᠨ᠎ᠤ ᠦᠵᠡᠯ ᠰᠠᠨᠠᠭ᠎ᠠ᠂ ᠰᠣᠶᠣᠯ ᠢᠷᠭᠡᠨᠱᠢᠯ᠎ᠦᠨ ᠵᠣᠷᠢᠭ ᠰᠠᠨᠠᠭ᠎ᠠ᠂ ᠶᠣᠰᠣ ᠰᠤᠷᠲᠠᠬᠤᠨ᠎ᠤ ᠣᠢᠯᠠᠭᠠᠭ᠍ᠳᠠᠬᠤᠨ᠎ᠢ ᠭᠦᠨᠵᠡᠭᠡᠢ ᠱᠢᠩᠭᠡᠭᠡᠨ ᠠᠪᠴᠤ᠌᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ ᠴᠢᠨᠠᠷᠲᠠᠢ ᠪᠡᠷ ᠤᠯᠠᠷᠢᠭᠤᠯᠵᠤ᠂ ᠱᠢᠨ᠎ᠡ᠎ᠶ᠋ᠢ ᠡᠭᠦᠳᠬᠦ᠌ ᠴᠢᠨᠠᠷᠲᠠᠢ ᠪᠡᠷ ᠬᠥᠭ᠌ᠵᠢᠭᠦᠯᠦᠭᠰᠡᠨ ᠬᠡᠪ ᠳᠠᠭᠤᠷᠢᠶᠠᠯ ᠪᠣᠯᠵᠠᠢ᠃ ᠡᠨᠡ ᠬᠦ᠌ ᠴᠢᠬᠤᠯᠠ ᠦᠵᠡᠯ ᠰᠠᠨᠠᠭ᠎ᠠ ᠨᠢ᠎ᠳᠤᠮᠳᠠᠳᠤ ᠎ᠶ᠋ᠢᠨ ᠎ᠦᠨᠳᠦᠰᠦᠲᠡᠨ ᠎ᠦ ᠎ᠡᠷᠲᠡᠨ ᠎ᠡᠴᠡ ᠎ᠨᠠᠭᠠᠱᠢᠬᠢ ᠬᠦᠰᠡᠯ ᠵᠡᠭᠦᠳᠦ ᠪᠠ ᠬᠥᠭᠡᠭᠡᠴᠡᠯᠳᠦᠯ᠎ᠢ ᠭᠦᠨᠵᠡᠭᠡᠢ ᠲᠤᠰᠭᠠᠵᠤ᠂ ᠤᠨᠴᠠᠭᠠᠢᠯᠠᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠡᠨᠡ ᠬᠦ᠌ ᠤᠢ᠍ᠢᠷ᠎ᠠ ᠦᠶ᠎ᠡ᠎ᠡᠴᠡ ᠨᠠᠭᠠᠱᠢᠬᠢ ᠬᠠᠮᠤᠭ᠎ᠤᠨ ᠠᠭᠤᠤ ᠶᠡᠬᠡ ᠬᠦᠰᠡᠯ ᠵᠡᠭᠦᠳᠦ᠍ ᠵᠢ ᠲᠤᠰᠬᠠᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠠᠭᠤᠤ ᠶᠡᠬᠡ ᠡᠭᠦᠳᠦᠨ ᠪᠦᠲᠦᠭᠡᠬᠦ᠌ ᠵᠣᠷᠢᠭ ᠰᠠᠨᠠᠭ᠎ᠠ᠂ ᠠᠭᠤᠤ ᠶᠡᠬᠡ ᠲᠡᠮᠡᠴᠡᠯ᠎ᠦᠨ ᠵᠣᠷᠢᠭ ᠰᠠᠨᠠᠭ᠎ᠠ᠂ ᠠᠭᠤᠤ ᠶᠡᠬᠡ ᠪᠦᠯᠬᠦᠮᠳᠡᠯ᠎ᠦᠨ ᠵᠣᠷᠢᠭ ᠰᠠᠨᠠᠭ᠎ᠠ᠂ ᠠᠭᠤᠤ ᠶᠡᠬᠡ ᠬᠦᠰᠡᠯ ᠵᠡᠭᠦᠳᠦ᠍᠎ᠶ᠋ᠢᠨ ᠵᠣᠷᠢᠭ ᠰᠠᠨᠠᠭ᠎ᠠ ᠱᠢᠩᠭᠡᠵᠦ᠍᠂ ᠬᠦᠴᠦᠷᠬᠡᠭ ᠶᠡᠬᠡ ᠲᠡᠦᠬᠡ᠎ᠶ᠋ᠢᠨ ᠨᠡᠪᠲᠡᠯᠬᠦ᠌ ᠬᠦᠴᠦᠨ᠂ ᠰᠣᠶᠣᠯ᠎ᠤᠨ ᠨᠥᠯᠥᠭᠡᠯᠡᠬᠦ᠌ ᠬᠦᠴᠦᠨ ᠪᠠ ᠤᠶᠤᠨ ᠰᠠᠨᠠᠭᠠᠨ᠎ᠤ ᠤᠷᠢᠶᠠᠯᠠᠬᠤ ᠬᠦᠴᠦᠨ᠎ᠲᠡᠶ ᠪᠠᠢᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠢ ᠬᠥᠭ᠌ᠵᠢᠭᠡᠵᠦ᠍᠂ ᠮᠠᠷᠺᠰ᠎ᠤᠨ ᠦᠵᠡᠯ᠎ᠢ ᠳᠤᠮᠳᠠᠳᠤ ᠤᠯᠤᠰ᠎ᠤᠨ ᠡᠬᠡ ᠭᠠᠵᠠᠷ᠎ᠲᠤ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠵᠠᠢ᠃

ᠨᠢᠭᠡ ᠦᠨᠳᠦᠰᠦᠲᠡᠨ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠦ ᠶᠠᠪᠤᠨ᠎ᠠ ᠭᠡᠪᠡᠯ ᠤᠨᠤᠯ᠎ᠤᠨ ᠰᠡᠳᠭᠢᠬᠦᠢ ᠦᠭᠡᠢ ᠪᠠᠢᠵᠤ ᠪᠣᠯᠬᠤ ᠦᠭᠡᠢ᠂ ᠦᠵᠡᠯ ᠰᠠᠨᠠᠭᠠᠨ᠎ᠤ ᠵᠢᠯᠤᠭᠤᠳᠤᠯᠭ᠎ᠠ ᠦᠭᠡᠢ ᠪᠠᠢᠵᠤ ᠪᠣᠯᠬᠤ ᠦᠭᠡᠢ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠮᠠᠷᠺᠰ᠎ᠤᠨ ᠦᠵᠡᠯ᠎ᠦᠨ ᠵᠣᠭ᠍ᠰᠣᠯᠲᠠ᠂ ᠦᠵᠡᠯᠲᠡ᠂ ᠠᠷᠭ᠎ᠠ᠎ᠪᠠᠷ ᠴᠠᠭ ᠦᠶ᠎ᠡ᠎ᠶ᠋ᠢ ᠠᠵᠢᠭ᠍ᠯᠠᠵᠤ᠂ ᠴᠠᠭ ᠦᠶ᠎ᠡ᠎ᠶ᠋ᠢ ᠡᠵᠡᠮᠳᠡᠵᠦ᠍᠂ ᠴᠠᠭ ᠦᠶ᠎ᠡ᠎ᠶ᠋ᠢ ᠬᠦᠳᠦᠯᠥᠨ ᠳᠠᠭᠠᠭᠤᠯᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠵᠢ ᠦᠷᠭᠦᠯᠵᠢᠯᠡᠨ ᠠᠬᠢᠭᠤᠯᠪᠠᠯ᠂ ᠮᠠᠨ᠎ᠤ ᠨᠠᠮ ᠯᠠᠪᠲᠠᠢ ᠵᠥᠪ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠢᠮᠠᠭ᠍ᠲᠠ ᠪᠠᠷᠢᠮᠲᠠᠯᠠᠵᠤ᠂ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠵᠡᠮᠳᠡᠵᠦ᠍᠂ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠵᠦ᠍᠂ ᠲᠦᠭ ᠲᠦᠮᠡᠨ ᠠᠷᠠᠳ ᠲᠦᠮᠡᠨ᠎ᠢ ᠳᠠᠭᠠᠭᠤᠯᠤᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠲᠠᠰᠤᠷᠠᠯᠳᠡ ᠦᠭᠡᠢ ᠡᠭᠦᠳᠴᠦ᠍ ᠴᠢᠳᠠᠨ᠎ᠠ᠃ (ᠱᠢᠨᠬᠤᠸᠠ ᠬᠣᠷᠢᠶᠠᠨ᠎ᠤ ᠪᠡᠭᠡᠵᠢᠩ᠎ᠦᠨ 11 ᠰᠠᠷ᠎ᠠ᠎ᠶ᠋ᠢᠨ 14 ᠎ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面