ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-11-19 10:12:10

ᠵᠣᠬᠢᠶᠠᠭ᠍ᠴᠢ᠄ ​ᠼᠠᠢ ᠬᠤᠡᠭ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 15᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ ( ᠥᠷᠭᠡᠳᠭᠡᠭ᠌ᠰᠡᠨ ) ᠎ᠤ᠋ᠨ ᠬᠤᠷᠠᠯ ᠬᠤᠷᠠᠯᠳᠤᠭᠤᠯᠵᠤ ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃

ᠬᠤᠷᠠᠯ᠎ᠠᠴᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ᠎ᠪᠥᠬᠥᠳᠡ᠎ᠬᠤᠷᠠᠯ᠎ᠤᠨ᠎ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠭᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ᠎ᠡᠭᠦᠷᠭᠡ᠎ᠮᠥᠨ᠃᠎ᠲᠥᠪ᠎ᠦᠨ᠎ᠪᠠ᠎ᠥᠪᠡᠷᠲᠡᠭᠡᠨ᠎ᠵᠠᠰᠠᠬᠤ᠎ᠣᠷᠣᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠲᠥᠰᠦᠯ᠎ᠢ ᠰᠤᠳᠤᠯᠤᠨ ᠲᠣᠭ᠍ᠲᠠᠭᠠᠵᠤ᠂ ᠨᠠᠷᠢᠨ ᠲᠥᠯᠥᠪᠵᠢᠭᠦᠯᠵᠤ ᠨᠢᠭ᠍ᠲᠠ ᠪᠠᠢᠷᠢᠯᠠᠭᠤᠯᠤᠨ᠂ ᠲᠤᠰᠭᠠᠶ ᠰᠡᠳᠦᠪ᠎ᠢᠶᠡᠷ ᠰᠤᠷᠤᠯᠴᠠᠬᠤ᠂ ᠲᠤᠰᠭᠠᠶ ᠰᠡᠳᠦᠪ᠎ᠢᠶᠡᠷ ᠪᠣᠯᠪᠠᠰᠤᠷᠠᠭᠤᠯᠬᠤ᠂ ᠲᠤᠰᠭᠠᠶ ᠰᠡᠳᠦᠪ᠎ᠢᠶᠡᠷ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠪᠡᠷ ᠳᠠᠮᠵᠢᠭᠤᠯᠤᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠪᠠᠷ ᠭᠤᠤᠯᠳᠠᠯᠭ᠎ᠠ ᠪᠣᠯᠭᠠᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠪᠡᠬᠢᠵᠢᠭᠦᠯᠤᠨ᠂ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠨᠠᠮ᠎ᠤᠨ ᠲᠡᠦᠬᠡ᠎ᠶ᠋ᠢ ᠨᠠᠩ ᠰᠠᠢᠲᠤᠷ ᠰᠤᠷᠤᠯᠴᠠᠭᠤᠯᠵᠤ᠂ ᠦᠵᠡᠯ ᠰᠠᠨᠠᠭ᠎ᠠ᠎ᠶ᠋ᠢ᠎ᠣᠢᠯᠠᠭᠠᠭᠤᠯᠵᠤ᠂ ᠪᠣᠳᠠᠲᠤ ᠶᠠᠪᠤᠳᠠᠯ ᠬᠢᠯᠭᠡᠵᠦ᠍᠂ ᠱᠢᠨ᠎ᠡ ᠪᠠᠢᠳᠠᠯ᠎ᠢ ᠪᠣᠶ ᠪᠣᠯᠭᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠬᠤᠷᠠᠯ᠎ᠠᠴᠠ᠂ ᠠᠵᠢᠯᠯᠠᠬᠤ ᠠᠷᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠣᠨᠣᠪᠴᠢᠲᠠᠶ ᠡᠵᠡᠮᠳᠡᠵᠦ᠍᠂ ᠲᠢᠩᠬᠢᠮ᠎ᠦᠨ 《ᠭᠤᠤᠯᠳᠠᠯᠭ᠎ᠠ᠎ᠲᠠᠶ ᠲᠤᠰᠭᠠᠶ ᠠᠵᠢᠯ᠎ᠤᠨ ᠲᠦᠷᠢᠮ》᠎ᠤ᠋ᠨ ᠱᠠᠭᠠᠷᠳᠠᠯᠭ᠎ᠠ ᠶᠣᠰᠣᠭᠠᠷ᠂ ᠲᠥᠯᠥᠪᠵᠢᠭᠦᠯᠭᠡ ᠲᠣᠭ᠍ᠲᠠᠭᠠᠬᠤ᠂ ᠪᠠᠷᠢᠮᠵᠢᠶ᠎ᠠ ᠲᠣᠭ᠍ᠲᠠᠭᠠᠬᠤ᠂ ᠲᠥᠰᠦᠯ᠎ᠢ ᠲᠣᠳᠣᠷᠬᠠᠢᠯᠠᠬᠤ᠂ ᠣᠶᠤᠨ᠎ᠤ ᠬᠥᠮᠥᠷᠭᠡ᠎ᠶ᠋ᠢ ᠲᠡᠭᠦᠯᠳᠡᠷᠵᠢᠭᠦᠯᠬᠦ᠌᠂ ᠪᠠᠲᠤᠯᠠᠭ᠎ᠠ᠎ᠶ᠋ᠢ ᠴᠢᠩᠭᠠᠳᠭᠠᠬᠤ᠂ ᠱᠠᠯᠠᠪᠳᠠᠭᠤᠯᠤᠨ ᠪᠠᠢᠴᠠᠭᠠᠬᠤ᠎ᠶ᠋ᠢ ᠴᠢᠩᠭᠠᠳᠭᠠᠬᠤ᠂ ᠴᠠᠭ ᠲᠤᠬᠠᠶ᠎ᠳᠤᠨᠢ ᠦᠨᠡᠯᠡᠨ᠎ᠵᠢᠱ᠌ᠢᠬᠦ᠌᠎ᠵᠡᠷᠭᠡ᠎ᠪᠠᠷᠢᠮᠵᠢᠶᠠᠵᠢᠭᠤᠯᠤᠯᠲᠠ᠎ᠶ᠋ᠢᠨ ᠠᠵᠢᠯ᠎ᠤᠨ ᠠᠷᠭ᠎ᠠ᠎ᠶ᠋ᠢ ᠤᠬᠠᠮᠰᠠᠷ᠎ᠠᠴᠠ᠎ᠪᠠᠨ ᠬᠡᠷᠡᠭ᠌ᠯᠡᠵᠦ᠍᠂ ᠡᠯ᠎ᠡ ᠵᠦᠶ᠋ᠯ ᠎ᠦᠨ ᠭᠤᠤᠯᠳᠠᠯᠭ᠎ᠠ ᠎ᠲᠠᠶ ᠲᠤᠰᠭᠠᠶ ᠠᠵᠢᠯ᠎ᠢ ᠪᠣᠳᠠᠲᠠᠶ᠎ᠳᠤ ᠨᠠᠢᠳᠠᠪᠤᠷᠢᠵᠢᠭᠤᠯᠤᠨ ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠨ ‍ᠤ ᠰᠤᠨᠢᠨ ᠮᠡᠳᠡᠬᠡ᠎ᠶᠢᠨ ᠰᠦᠯᠵᠢᠶ᠎ᠠ
兼容浏览器的HTML页面