2021-11-19 10:10:08
11 ᠰᠠᠷ᠎ᠠ ᠶ᠋ᠢᠨ 16 ᠤ᠋ ᠡᠲᠦᠷ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠪᠠᠢᠩᠭᠤ ᠶ᠋ᠢᠨ ᠬᠣᠷᠢᠶᠠᠨ ᠤᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨᠤ ᠲᠥᠪ ᠬᠣᠷᠢᠶᠠᠨᠤ ᠵᠢᠷᠭᠤᠳᠤᠭᠠᠷ ᠪᠥᠬᠥᠳᠡ ᠬᠤᠷᠠᠯᠤᠨ ᠵᠣᠷᠢᠭ ᠰᠠᠨᠠᠭᠠᠶ᠋ᠢ ᠲᠥᠪᠯᠡᠷᠡᠭᠦᠯᠦᠨ ᠤᠯᠠᠮᠵᠢᠯᠠᠵᠤ᠂ ᠰᠤᠷᠤᠯᠴᠠᠨ ᠲᠤᠭᠤᠱᠢᠯᠠᠭᠤᠯᠬᠤ ᠠᠵᠢᠯ ᠢ ᠲᠣᠬᠢᠷᠠᠭᠤᠯᠤᠨ ᠪᠠᠢᠷᠢᠯᠠᠭᠤᠯᠪᠠ᠃
ᠬᠤᠷᠠᠯ ᠡᠴᠡ᠂ ᠪᠦᠬᠦ᠌ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ ᠪᠣᠯᠤᠨ ᠥᠷᠭᠡᠨ ᠤᠯᠠᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠳ᠋ᠷ ᠳᠡᠭᠡᠳᠦ ᠬᠡᠮᠵᠢᠶᠡᠨ ᠦ ᠦᠵᠡᠯ ᠰᠠᠨᠠᠭᠠᠨ ᠤ ᠤᠬᠠᠮᠰᠠᠷ ᠢᠶᠠᠷ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠦᠪ ᠬᠤᠷᠢᠶᠠᠨ ᠤ᠋ ᠵᠢᠷᠭᠤᠳᠤᠭᠠᠷ ᠪᠦᠬᠦᠳᠠ ᠬᠤᠷᠠᠯᠤᠨ ᠵᠣᠷᠢᠭ ᠰᠠᠨᠠᠭ᠎ᠠ ᠶ᠋ᠢ ᠰᠠᠢᠲᠤᠷ ᠰᠤᠷᠤᠯᠴᠠᠨ ᠰᠠᠢᠲᠤᠷ ᠣᠢᠯᠠᠭᠠᠵᠤ ᠂ ᠱᠢᠨ᠎ᠡ ᠴᠠᠭ ᠦᠶᠡᠶ᠋ᠢᠨ ᠦᠵᠡᠯ ᠰᠠᠨᠠᠭᠠᠨ ᠤ ᠬᠥᠳᠡᠯᠭᠡᠬᠦ᠌ ᠬᠦᠴᠦᠨᠢ ᠴᠢᠩᠭᠠᠳᠭᠠᠬᠤ ᠬᠡᠷᠡᠭ᠌ᠲᠡᠢ ᠃ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠶ᠋ᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠪᠥᠬᠥᠳᠡ ᠬᠤᠷᠠᠯᠤᠨ ᠵᠣᠷᠢᠭ ᠰᠠᠨᠠᠭᠠᠪᠠᠷ ᠦᠵᠡᠯ ᠰᠠᠨᠠᠭ᠎ᠠ ᠪᠠᠨ ᠨᠢᠭᠡᠳᠭᠡᠵᠦ᠍᠂ ᠬᠠᠮᠲᠤ ᠶ᠋ᠢᠨ ᠲᠠᠨᠢᠯᠲᠠ ᠪᠠᠨ ᠨᠢᠭ᠍ᠲᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠭᠠᠵᠤ᠂ ᠲᠡᠮᠡᠴᠡᠯᠦᠨ ᠵᠣᠷᠢᠭ ᠢᠶᠠᠨ ᠴᠢᠩᠭᠠᠳᠭᠠᠬᠤ ᠬᠡᠷᠡᠭ᠌ᠲᠡᠶ᠃ ᠳᠡᠭᠡᠳᠦ ᠬᠡᠮᠵᠢᠶᠡᠨ ᠦ ᠤᠯᠤᠰ ᠲᠦᠷᠦ᠍ ᠶ᠋ᠢᠨ ᠤᠬᠠᠮᠰᠠᠷ ᠢᠶᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶ᠋ᠢ ᠰᠠᠢᠲᠤᠷ ᠡᠵᠡᠮᠳᠡᠨ ᠰᠠᠢᠲᠤᠷ ᠲᠤᠭᠤᠱᠢᠯᠠᠭᠤᠯᠵᠤ ᠂ ᠱᠢᠨ᠎ᠡ ᠴᠠᠭ ᠦᠶ᠎ᠡ ᠶ᠋ᠢᠨ ᠤᠯᠤᠰ ᠲᠦᠷᠦ᠍ ᠶ᠋ᠢᠨ ᠲᠣᠭ᠍ᠲᠠᠯ ᠬᠦᠴᠦᠨ ᠢ ᠴᠢᠩᠭᠠᠳᠭᠠᠬᠤ ᠬᠡᠷᠡᠭ᠌ᠲᠡᠢ᠃ 《ᠬᠣᠶᠠᠷ ᠢ ᠲᠣᠭ᠍ᠲᠠᠭᠠᠬᠤ》ᠶ᠋ᠢᠨ ᠴᠢᠬᠤᠯᠠ ᠶᠡᠬᠡ ᠠᠴᠢ ᠬᠣᠯᠪᠣᠭ᠍ᠳᠠᠯ ᠢ ᠭᠦᠨᠵᠡᠭᠡᠶ ᠣᠢᠯᠠᠭᠠᠵᠤ ᠂ ᠨᠠᠮ ᠤᠨ ᠵᠠᠭᠤᠨ ᠵᠢᠯ ᠦᠨ ᠲᠡᠮᠡᠴᠡᠯ ᠦᠨ ᠠᠭᠤᠤ ᠶᠡᠬᠡ ᠠᠮᠵᠢᠯᠲᠠ ᠪᠦᠲᠦᠮᠵᠢ ᠶ᠋ᠢ ᠭᠦᠨᠵᠡᠭᠡᠶ ᠣᠢᠯᠠᠭᠠᠵᠤ ᠂ ᠨᠠᠮ ᠤᠨ ᠵᠠᠭᠤᠨ ᠵᠢᠯ ᠦᠨ ᠲᠡᠮᠡᠴᠡᠯ ᠦᠨ ᠠᠭᠤᠤ ᠶᠡᠬᠡ ᠠᠴᠢ ᠬᠣᠯᠪᠣᠭ᠍ᠳᠠᠯ ᠢ ᠭᠦᠨᠵᠡᠭᠡᠶ ᠣᠢᠯᠠᠭᠠᠵᠤ ᠂ ᠨᠠᠮ ᠤᠨ ᠵᠠᠭᠤᠨ ᠵᠢᠯᠦᠨ ᠲᠡᠮᠡᠴᠡᠯᠦᠨ ᠠᠭᠤᠤ ᠶᠡᠬᠡ ᠲᠤᠷᠱᠢᠯᠭᠠᠶ᠋ᠢ ᠭᠦᠨᠵᠡᠭᠡᠶ ᠣᠢᠯᠠᠭᠠᠵᠤ᠂ ᠲᠤᠷᠱᠢᠯᠭᠠᠲᠠᠶ ᠬᠠᠷᠢᠴᠠᠭᠤᠯᠤᠨ ᠠᠷᠭ᠎ᠠ ᠬᠡᠮᠵᠢᠶ᠎ᠡ ᠡᠷᠢᠵᠦ᠍᠂ ᠲᠤᠷᠱᠢᠯᠭᠠᠲᠠᠶ ᠬᠠᠷᠢᠴᠠᠭᠤᠯᠤᠨ ᠵᠥᠷᠢᠶᠡᠪᠡᠨ ᠡᠷᠢᠵᠦ᠍᠂ ᠲᠤᠷᠱᠢᠯᠭ᠎ᠠ ᠳᠠᠢ ᠬᠠᠷᠢᠴᠠᠭᠤᠯᠤᠨ ᠬᠦᠷᠦᠯᠴᠡᠬᠦ᠌ ᠥᠬᠡᠶ ᠲᠠᠯᠠᠪᠠᠨ ᠡᠷᠢᠵᠦ᠍᠂ ᠠᠵᠢᠯᠤᠨ ᠭᠠᠷᠳᠠᠬᠤ ᠴᠡᠭ ᠪᠠ ᠤᠶᠠᠯᠳᠤᠯ ᠤᠨ ᠴᠡᠭ ᠢ ᠣᠨᠣᠪᠴᠢᠲᠠᠶ ᠣᠯᠵᠤ᠂ ᠦᠨᠡᠨ ᠬᠦ᠌ ᠠᠭᠤᠤ ᠶᠡᠬᠡ ᠲᠤᠷᠱᠢᠯᠭᠠᠪᠠᠷ ᠠᠵᠢᠯ ᠤᠨ ᠦᠶ᠋ᠯᠡᠳᠦᠯᠭᠡ ᠪᠡᠨ ᠵᠢᠯᠣᠭᠣᠳᠣᠭᠤᠯᠵᠤ ᠂ ᠠᠵᠢᠯᠤᠨ ᠶᠠᠰᠤ ᠴᠢᠨᠠᠷ ᠢᠶᠠᠨ ᠳᠡᠭᠡᠭ᠌ᠰᠢᠯᠡᠭᠦᠯᠬᠦ᠌ ᠬᠡᠷᠡᠭ᠌ᠲᠡᠶ ᠃ ᠳᠡᠭᠡᠳᠦ ᠬᠡᠮᠵᠢᠶᠡᠨ ᠦ ᠠᠵᠢᠯᠯᠠᠭ᠎ᠠ ᠶ᠋ᠢᠨᠤᠬᠠᠮᠰᠠᠷ ᠢᠶᠠᠷ ᠪᠥᠬᠥᠳᠡ ᠬᠤᠷᠠᠯᠤᠨ ᠵᠣᠷᠢᠭ ᠰᠠᠨᠠᠭᠠᠶ᠋ᠢ ᠰᠠᠢᠲᠤᠷ ᠨᠠᠢᠳᠠᠪᠤᠷᠢᠵᠢᠭᠤᠯᠵᠤ᠂ ᠰᠠᠢᠲᠤᠷ ᠦᠶ᠋ᠯᠡᠳᠦᠯᠭᠡᠵᠢᠭᠦᠯᠵᠦ᠍᠂ ᠱᠢᠨ᠎ᠡ ᠴᠠᠭ ᠦᠶᠡᠶ᠋ᠢᠨ ᠦᠶ᠋ᠯᠡᠳᠦᠯᠭᠡ ᠶ᠋ᠢᠨ ᠴᠢᠳᠠᠪᠤᠷᠢᠪᠠᠨ ᠴᠢᠩᠭᠠᠳᠭᠠᠬᠤ ᠬᠡᠷᠡᠭ᠌ᠲᠡᠶ ᠬᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃