ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-11-20 12:36:02

ᠵᠣᠬᠢᠶᠠᠭ᠍ᠴᠢ᠄ ᠠᠷᠠᠳ᠎ᠤᠨ ᠡᠳᠦᠷ᠎ᠤᠨ ᠰᠤᠨᠢᠨ᠎ᠤ ᠰᠢᠬᠥᠮᠵᠢᠯᠡᠭᠴᠢ ᠣᠩᠱᠢᠭ᠍ᠰᠠᠨ ᠣᠳᠠᠭ᠎ᠠ᠄ 3

ᠨᠠᠮ᠎ᠤᠨᠦᠨᠳᠦᠰᠦ ᠰᠠᠭᠤᠷᠢ ᠨᠢ ᠠᠷᠠᠳ ᠲᠦᠮᠡᠨ᠎ᠳᠦ ᠪᠤᠢ᠂ ᠠᠮᠢᠨ ᠰᠤᠳᠠᠰᠤ ᠨᠢ ᠠᠷᠠᠳ ᠲᠦᠮᠡᠨ᠎ᠳᠦ ᠪᠤᠢ᠂ ᠬᠦᠴᠦᠨ ᠴᠢᠳᠠᠯᠨᠢ ᠠᠷᠠᠳ ᠲᠦᠮᠡᠨ᠎ᠳᠦ ᠪᠤᠢ᠂ ᠠᠷᠠᠳ ᠲᠦᠮᠡᠨ ᠪᠣᠯ ᠨᠠᠮ᠎ᠤᠨ ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠬᠤ᠎ᠶ᠋ᠢᠨᠬᠠᠮᠤᠭ᠎ᠤᠨ ᠶᠡᠬᠡ ᠢᠲᠡᠭᠡᠯ ᠬᠦᠴᠦᠨ ᠮᠥᠨ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤᠵᠢᠷᠭᠤᠳᠤᠭᠠᠷ ᠪᠦᠬᠦᠳᠠ ᠬᠤᠷᠠᠯ᠎ᠠᠴᠠ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠤᠯᠭᠤᠵᠤ᠂ᠳᠤᠮᠳᠠᠳᠤ᠎ᠶ᠋ᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠭᠤᠨ ᠵᠢᠯ᠎ᠦᠨ ᠥᠩᠭᠡᠷᠡᠯᠲᠡᠵᠢ ᠭᠦᠨᠵᠡᠭᠡᠢ ᠰᠤᠳᠤᠯᠵᠤ᠂ ᠨᠠᠮ᠎ᠤᠨ ᠵᠠᠭᠤᠨ ᠵᠢᠯ᠎ᠦᠨ ᠲᠡᠮᠡᠴᠡᠯ ᠨᠢ᠎ᠳᠤᠮᠳᠠᠳᠤ᠎ᠤᠯᠤᠰ᠎ᠤᠨ ᠠᠷᠠᠳ ᠲᠦᠮᠡᠨ᠎ᠦᠢᠷᠡᠭᠡᠳᠦᠶ ᠬᠤᠪᠢ ᠵᠠᠶᠠᠭ᠎ᠠ᠎ᠶ᠋ᠢ ᠦᠨᠳᠦᠰᠦᠨ᠎ᠡᠴᠡ ᠨᠢ ᠬᠤᠪᠢᠷᠠᠭᠤᠯᠵᠤ᠂ 《ᠠᠷᠠᠳ᠎ᠲᠦᠮᠡᠨ᠎ᠢ᠎ᠳᠡᠭᠡᠳᠦᠯᠡᠬᠦ᠌᠎ᠶ᠋ᠢᠪᠠᠷᠢᠮᠲᠠᠯᠠᠬᠤ》᠎ᠶ᠋ᠢ ᠨᠠᠮ᠎ᠤᠨ ᠵᠠᠭᠤᠨᠵᠢᠯ᠎ᠦᠨ ᠲᠡᠮᠡᠴᠡᠯ᠎ᠦᠨ ᠠᠷᠪᠠᠨ ᠵᠤᠷᠪᠤᠰ ᠲᠡᠦᠬᠡᠨ ᠲᠤᠷᠱᠢᠯᠭ᠎ᠠ᠎ᠶ᠋ᠢᠨ ᠨᠢᠭᠡ ᠪᠣᠯᠭᠠᠨ ᠬᠤᠷᠢᠶᠠᠩᠭᠤᠢᠯᠠᠵᠠᠢᠭᠡᠵᠦ ᠭᠦᠨᠵᠡᠭᠡᠢ ᠵᠢᠭᠠᠵᠤ ᠭᠠᠷᠭᠠᠨ᠂ ᠪᠦᠬᠦ᠌ ᠨᠠᠮ᠎ᠢᠶᠠᠷ᠎ᠢᠶᠠᠨ ᠡᠷᠬᠡᠪᠰᠢ ᠠᠷᠠᠳ ᠤᠯᠡᠠ᠎ᠯᠤᠭ᠎ᠠ ᠵᠢᠨ ᠴᠢᠰᠤᠮᠢᠬᠠᠨ᠎ᠤ ᠬᠠᠷᠢᠴᠠᠭ᠎ᠠ᠎ᠶ᠋ᠢ ᠡᠭᠦᠷᠢᠳᠡ ᠪᠠᠷᠢᠮᠲᠠᠯᠠᠵᠤ᠂ᠠᠷᠠᠳ ᠲᠦᠮᠡᠨ ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠶ᠋ᠯᠡᠳᠦᠯᠭᠡᠵᠢᠭᠦᠯᠵᠦ᠂ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠲᠠᠰᠤᠷᠠᠯᠲᠠ ᠦᠭᠡᠢ ᠰᠠᠢᠲᠤᠷ ᠪᠡᠶᠡᠯᠡᠭᠦᠯᠵᠦ᠂ᠰᠠᠢᠲᠤᠷ ᠬᠠᠮᠠᠭᠠᠯᠠᠵᠤ᠂ ᠰᠠᠢᠲᠤᠷ ᠬᠥᠭ᠌ᠵᠢᠭᠦᠯᠵᠦ᠂ ᠪᠦᠬᠦ᠌ ᠤᠯᠤᠰ ᠎ᠤᠨ ᠦᠨᠳᠦᠰᠦᠲᠡᠨ ᠎ᠨᠦᠭᠦᠳ ᠎ᠦᠨ ᠠᠷᠠᠳ ᠲᠦᠮᠡᠨ᠎ᠢᠪᠦᠯᠬᠦᠮᠳᠡᠭᠦᠯᠦᠨ ᠳᠠᠭᠠᠭᠤᠯᠵᠤ ᠰᠠᠢᠨ ᠰᠠᠢᠬᠠᠨ ᠠᠮᠢᠳᠤᠷᠠᠯ᠎ᠤᠨ ᠲᠥᠯᠥᠭᠡ ᠲᠠᠰᠤᠷᠠᠯᠲᠠ ᠦᠭᠡᠢ ᠲᠡᠮᠡᠴᠡᠬᠦ᠌ᠬᠡᠷᠡᠭ᠌ᠲᠡᠢ ᠭᠡᠵᠦ᠍ ᠴᠢᠬᠤᠯᠠᠴᠢᠯᠠᠪᠠ᠃

ᠠᠷᠠᠳᠲᠦᠮᠡᠨ᠎ᠦ ᠲᠥᠯᠥᠭᠡ ᠮᠡᠨᠳᠦᠯᠡᠵᠤ᠂ ᠠᠷᠠᠳ ᠲᠦᠮᠡᠨ᠎ᠦ ᠲᠥᠯᠥᠭᠡ ᠬᠥᠭ᠌ᠵᠢᠨ ᠮᠠᠨᠳᠤᠵᠤ᠂ ᠢᠮᠠᠭ᠍ᠲᠠ ᠠᠷᠠᠳ ᠲᠦᠮᠡᠨ᠎ᠲᠡᠶᠬᠠᠮᠲᠤ ᠪᠠᠢᠵᠤ᠂ ᠠᠷᠠᠳ ᠲᠦᠮᠡᠨ᠎ᠦ ᠠᠱᠢᠭ ᠲᠤᠰᠠ᠎ᠶ᠋ᠢᠨ ᠲᠥᠯᠥᠭᠡ ᠲᠡᠮᠡᠴᠡᠬᠦ᠌ ᠪᠣᠯ ᠮᠠᠨ᠎ᠤ ᠨᠠᠮ᠎ᠤᠨ ᠨᠠᠮ ᠪᠠᠢᠭᠤᠯᠵᠤᠨᠠᠮ᠎ᠢ ᠮᠠᠨᠳᠤᠭᠤᠯᠵᠤ ᠨᠠᠮ᠎ᠢ ᠬᠦᠴᠦᠷᠬᠡᠭ᠌ᠵᠢᠭᠦᠯᠬᠦ᠌᠎ᠶ᠋ᠢᠨ ᠦᠨᠳᠦᠰᠦᠨ ᠵᠣᠷᠢᠯᠲᠠ ᠪᠠ ᠲᠤᠰᠤᠯᠳᠠ ᠮᠥᠨ᠃ ᠵᠠᠭᠤᠨᠵᠢᠯ᠎ᠦᠨ ᠲᠡᠮᠡᠴᠡᠯ᠎ᠦᠨ ᠥᠩᠭᠡᠷᠡᠯᠲᠡ᠎ᠪᠡᠨ ᠡᠷᠭᠢᠴᠡᠭᠦᠯᠬᠦᠶ᠎ᠡ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨᠳᠠᠭᠠᠭᠤᠯᠵᠤ ᠬᠤᠪᠢᠰᠭᠠᠯ᠂ ᠪᠦᠳᠦᠭᠡᠨ ᠪᠠᠢᠭᠤᠯᠤᠯᠲᠠ᠂ ᠥᠭᠡᠷᠡᠴᠢᠯᠡᠯᠲᠡ ᠬᠢᠭ᠌ᠰᠡᠨ ᠦᠨᠳᠦᠰᠦᠨ ᠵᠣᠷᠢᠯᠭ᠎ᠠ ᠪᠣᠯᠳᠠᠷᠤᠢ ᠠᠷᠠᠳ ᠲᠦᠮᠡᠨ᠎ᠢ ᠰᠠᠢ᠌ᠨ ᠰᠠᠢᠬᠠᠨ ᠠᠮᠢᠳᠤᠷᠠᠭᠤᠯᠬᠤ᠎ᠶ᠋ᠢᠨ ᠲᠥᠯᠥᠭᠡ ᠶᠤᠮ᠂ ᠬᠡᠳᠦᠢ ᠶᠡᠬᠡ ᠥᠷᠢᠰᠥᠯᠳᠦᠭᠡᠨᠪᠠ ᠳᠠᠷᠤᠯᠲᠠ᠎ᠳᠤ ᠲᠤᠯᠭᠠᠷᠠᠭ᠍ᠰᠠᠨ ᠴᠤ᠌᠂ ᠬᠡᠳᠦᠢ ᠶᠡᠬᠡ ᠦᠷᠡᠭ᠌ᠳᠡᠯ ᠪᠠ ᠰᠦᠢᠳᠦᠯ ᠭᠠᠷᠭᠠᠭ᠍ᠰᠠᠨ ᠴᠤ᠌᠂ ᠡᠨᠡᠲᠠᠯ᠎ᠠ᠎ᠪᠠᠷ ᠴᠥᠮ ᠢᠮᠠᠭ᠍ᠲᠠ ᠬᠤᠪᠢᠷᠠᠰᠢ ᠦᠭᠡᠢ᠂ ᠥᠴᠦᠬᠡᠨ ᠴᠦ᠍ ᠭᠤᠢᠪᠢᠰᠢ ᠦᠭᠡᠢ ᠶᠤᠮ᠃ ᠵᠠᠭᠤᠨ ᠵᠢᠯ᠎ᠦᠨ ᠲᠡᠮᠡᠴᠡᠯ᠎ᠦᠨᠥᠩᠭᠡᠷᠡᠯᠲᠡ᠎ᠪᠡᠨ ᠡᠷᠭᠢᠴᠡᠭᠦᠯᠬᠦᠶ᠎ᠡ᠂ ᠮᠠᠨ᠎ᠤ ᠨᠠᠮ ᠨᠤᠭᠤᠷᠠᠯ ᠪᠦᠳᠦᠷᠢᠯ᠎ᠳᠦ ᠤᠴᠠᠷᠠᠭ᠍ᠰᠠᠨ ᠴᠤ᠌ ᠲᠠᠰᠤᠷᠠᠯᠲᠠᠦᠭᠡᠢ ᠡᠷᠡᠯᠬᠡᠭ᠌ᠯᠡᠨ ᠪᠣᠰᠴᠤ᠌᠂ ᠬᠠᠯᠠ ᠵᠣᠪᠠᠯᠠᠩ᠎ᠢ ᠬᠠᠱᠢᠷᠠᠲᠠᠯ᠎ᠠ ᠠᠮᠰᠠᠭ᠍ᠰᠠᠨ ᠴᠤ᠌ ᠬᠠᠲᠠᠭᠤᠵᠢᠨ ᠪᠤᠯᠪᠠᠰᠤᠷᠠᠭᠳᠠᠵᠤ᠂ᠠᠷᠠᠳ ᠲᠦᠮᠡᠨ᠎ᠢ ᠢᠮᠠᠭ᠍ᠲᠠ《ᠡᠬᠢ》 ᠪᠠ 《ᠦᠨᠳᠦᠰᠦ》 ᠪᠣᠯᠭᠠᠭᠰᠠᠨ ᠤᠴᠢᠷ ᠡᠴᠡ᠂ ᠠᠷᠠᠳ ᠲᠦᠮᠡᠨ᠎ᠦ ᠳᠤᠮᠳᠠᠭᠦᠨ ᠦᠨᠳᠦᠰᠦᠯᠡᠭ᠌ᠰᠡᠨ᠎ᠶᠤᠮ᠃ ᠵᠠᠭᠤᠨ ᠵᠢᠯ᠎ᠦᠨ ᠲᠡᠮᠡᠴᠡᠯ᠎ᠦᠨ ᠥᠩᠭᠡᠷᠡᠯᠲᠡ᠎ᠪᠡᠨ ᠡᠷᠭᠢᠴᠡᠭᠦᠯᠬᠦᠶ᠎ᠡ᠂ ᠨᠠᠮᠪᠠᠢᠭᠤᠯᠤᠭ᠍ᠳᠠᠭ᠍ᠰᠠᠨ ᠤᠷᠢᠳ ᠡᠮᠦᠨ᠎ᠡ ᠪᠠᠢᠭ᠎ᠠ ᠦᠬᠡᠢ ᠰᠢᠨ᠎ᠡ ᠪᠠᠢᠳᠠᠯ᠎ᠢ ᠪᠤᠢ ᠪᠤᠯᠭᠠᠬᠰᠠᠨ᠎ᠠᠴᠠ ᠱᠢᠨ᠎ᠡᠳᠤᠮᠳᠠᠳᠤ ᠤᠯᠤᠰ ᠪᠠᠢᠭᠤᠯᠤᠭ᠍ᠳᠠᠭ᠍ᠰᠠᠨ ᠨᠡᠢᠬᠡᠮ᠎ᠤᠨ ᠪᠠᠢᠳᠠᠯ᠎ᠢ ᠦᠨᠳᠦᠰᠤᠨ ᠡᠴᠡ ᠨᠢ ᠦᠬᠡᠷᠡᠴᠢᠯᠡᠭᠰᠡᠨ ᠬᠦᠷᠲᠡᠯ᠎ᠡ᠂ᠥᠭᠡᠷᠡᠴᠢᠯᠡᠯᠲᠡ ᠨᠡᠬᠡᠬᠡᠯᠳᠡ ᠬᠢᠭ᠌ᠰᠡᠨ ᠲᠡᠭᠷᠢ ᠭᠠᠵᠠᠷ᠎ᠢ ᠲᠤᠩᠰᠤᠯᠭᠠᠬᠰᠡᠨ ᠬᠤᠪᠢᠷᠠᠯᠳᠠ ᠬᠦᠷᠲᠡᠯ᠎ᠡ᠂ ᠲᠠᠬᠢᠨᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠱᠢᠬᠢ ᠨᠠᠮ ᠪᠣᠯᠤᠨ ᠤᠯᠤᠰ᠎ᠤᠨ ᠠᠵᠢᠯ ᠦᠢᠯᠡᠰ ᠲᠡᠦᠬᠡᠲᠦᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭ᠍ᠰᠠᠨ ᠬᠦᠷᠲᠡᠯ᠎ᠡ᠂ ᠡᠳᠡᠭᠡᠷ ᠠᠭᠤᠤᠶᠡᠬᠡ ᠠᠮᠵᠢᠯᠲᠠ ᠪᠦᠲᠦᠮᠵᠢ᠎ᠶ᠋ᠢ ᠣᠯᠤᠭ᠍ᠰᠠᠨ ᠨᠢ ᠠᠯᠢᠪᠠ ᠪᠦᠬᠦᠨ ᠠᠷᠠᠳ ᠲᠦᠮᠡᠨ᠎ᠦ ᠲᠥᠯᠥᠭᠡ᠂ ᠠᠯᠢᠪᠠ ᠪᠦᠬᠦᠨ᠎ᠳᠦᠠᠷᠠᠳ ᠲᠦᠮᠡᠨ᠎ᠢ ᠲᠦᠱᠢᠭ᠌ᠯᠡᠬᠦ᠌᠎ᠶ᠋ᠢ ᠢᠮᠠᠭ᠍ᠲᠠ ᠪᠠᠷᠢᠮᠲᠠᠯᠠᠵᠤ᠂ ᠨᠠᠮ ᠪᠣᠯᠤᠨ ᠠᠷᠠᠳ ᠤᠯᠠᠨ᠎ᠯᠤᠭ᠎ᠠ ᠵᠢᠨᠴᠢᠰᠤ ᠮᠢᠬᠠᠨ᠎ᠤ ᠬᠠᠷᠢᠴᠠᠭ᠎ᠠ᠎ᠶ᠋ᠢ ᠢᠮᠠᠭ᠍ᠲᠠ ᠪᠠᠷᠢᠮᠲᠠᠯᠠᠭ᠍ᠰᠠᠨ᠎ᠳᠤ ᠲᠦᠱᠢᠭ᠌ᠯᠡᠭᠰᠡᠨ ᠶᠤᠮ᠃ ᠵᠠᠭᠤᠨ ᠵᠢᠯ᠎ᠦᠨᠲᠤᠷᠰᠢ᠂ ᠨᠠᠮ᠎ᠠᠴᠠ ᠠᠷᠠᠳ ᠲᠦᠮᠡᠨ᠎ᠢ ᠤᠳᠤᠷᠢᠳᠤᠨ ᠰᠦᠷ ᠳᠠᠯᠠᠢᠴᠠᠲᠠᠢ ᠠᠭᠤᠤ ᠶᠡᠬᠡ ᠲᠡᠮᠡᠴᠡᠯ᠎ᠢ ᠥᠩᠭᠡᠷᠡᠭᠡᠭᠡᠳ᠂ᠳᠤᠮᠳᠠᠳᠤ ᠤᠯᠤᠰ᠎ᠤᠨ ᠠᠷᠠᠳ ᠲᠦᠮᠡᠨ ᠲᠤᠷᠤᠮᠵᠢᠯᠠᠭᠳᠠᠵᠤ᠂ ᠳᠠᠷᠤᠯᠠᠭ᠍ᠳᠠᠵᠤ᠂ ᠪᠣᠭᠣᠯᠴᠢᠯᠠᠭ᠍ᠳᠠᠵᠤ ᠪᠠᠢᠭᠰᠠᠨᠬᠤᠪᠢ ᠵᠠᠶᠠᠭ᠎ᠠ᠎ᠠᠴᠠ ᠪᠡᠨ ᠲᠤᠢᠯᠪᠤᠷᠢᠲᠠᠢ ᠠᠩᠭᠢᠵᠢᠷᠠᠵᠤ᠂ ᠤᠯᠤᠰ᠂ ᠨᠡᠢᠭᠡᠮ ᠪᠠ ᠥᠪᠡᠷ᠎ᠦᠨ ᠬᠤᠪᠢ ᠵᠠᠶᠠᠭᠠᠨ᠎ᠤ᠎ᠪᠠᠨᠡᠵᠡᠨ ᠨᠢ ᠪᠤᠯᠵᠤ᠂ ᠠᠷᠠᠳ᠎ᠤᠨ ᠠᠷᠠᠳᠴᠢᠯᠠᠯ ᠲᠠᠰᠤᠷᠠᠯᠳᠠ ᠦᠭᠡᠢ ᠬᠥᠭ᠌ᠵᠢᠵᠦ᠍᠂ 14 ᠳ᠋ᠦᠩᠱᠢᠭᠤᠷ ᠭᠠᠷᠤᠢᠬᠥᠮᠦᠨ ᠠᠮᠠ ᠪᠦᠬᠦ᠌ ᠲᠠᠯ᠎ᠠ᠎ᠪᠠᠷ ᠴᠢᠨᠡᠭᠡᠯᠢᠭ᠌ᠵᠢᠬᠦ ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠦᠰᠠᠢ᠌ᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠲᠠᠰᠤᠷᠠᠯᠳᠠ ᠦᠭᠡᠢ ᠪᠤᠳᠠᠳᠤ ᠠᠬᠤᠢ ᠪᠤᠯᠵᠤᠬᠤᠪᠢᠷᠠᠪᠠ᠃ ᠨᠠᠮ᠎ᠤᠨ ᠵᠠᠭᠤᠨ ᠵᠢᠯ᠎ᠦᠨ ᠲᠡᠦᠬᠡ ᠪᠣᠯ ᠳᠠᠷᠤᠢ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶ᠋ᠢᠦᠢᠯᠡᠳᠦᠯᠭᠡᠵᠢᠭᠦᠯᠦᠭᠰᠡᠨ ᠲᠡᠦᠬᠡ ᠮᠥᠨ᠂ ᠳᠠᠷᠤᠢ ᠨᠠᠮ ᠪᠣᠯᠤᠨ ᠠᠷᠠᠳ ᠲᠦᠮᠡᠨ ᠰᠡᠳᠭᠢᠯ ᠵᠢᠷᠦᠬᠡ᠎ᠪᠡᠨ ᠬᠣᠯᠪᠣᠵᠤ᠂ᠬᠤᠪᠢ ᠵᠠᠶᠠᠭ᠎ᠠ᠎ᠪᠠᠨ ᠬᠠᠮᠲᠤᠳᠭᠠᠭ᠍ᠰᠠᠨ ᠲᠡᠦᠬᠡ ᠮᠥᠨ; ᠨᠠᠮ ᠪᠣᠯᠤᠨ ᠠᠷᠠᠳ ᠲᠦᠮᠡᠨᠦᠬᠦᠵᠦ᠍ ᠰᠡᠬᠡᠬᠦ᠌᠎ᠪᠡᠨ ᠬᠤᠯᠪᠤᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠢᠮᠠᠭ᠍ᠲᠠ ᠴᠢᠰᠤ ᠮᠢᠬᠠᠨ᠎ᠤᠬᠠᠷᠢᠴᠠᠭ᠎ᠠ᠎ᠲᠠᠶ ᠪᠠᠢᠬᠤ ᠪᠣᠯ ᠨᠠᠮ᠎ᠤᠨ ᠠᠯᠢᠪᠠ ᠬᠦᠴᠢᠷ ᠪᠡᠷᠬᠡᠱᠢᠶᠡᠯ ᠪᠠ ᠠᠶᠤᠯ ᠲᠦᠭ᠌ᠰᠢᠭᠦᠷᠢ᠎ᠶ᠋ᠢ ᠢᠯᠠᠨᠳᠠᠪᠠᠬᠤ᠎ᠶ᠋ᠢᠨ ᠦᠨᠳᠦᠰᠦᠨ ᠪᠠᠲᠤᠯᠠᠭ᠎ᠠ ᠮᠥᠨ᠃

ᠨᠠᠮ᠎ᠤᠨᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢᠰᠤᠷᠤᠯᠴᠠᠨ ᠲᠤᠭᠤᠱᠢᠯᠠᠭᠤᠯᠬᠤ᠎ᠳᠤ᠂ ᠨᠠᠮ ᠪᠣᠯᠤᠨ ᠠᠷᠠᠳ ᠲᠦᠮᠡᠨ᠎ᠦ ᠬᠤᠭᠤᠷᠤᠨᠳᠤᠬᠢ ᠦᠬᠦᠵᠦ᠍ ᠰᠡᠭᠡᠬᠦ᠌᠎ᠪᠡᠨᠬᠤᠯᠪᠤᠵᠤ᠂ ᠵᠢᠷᠭᠠᠯ ᠵᠤᠪᠠᠯᠠᠩ᠎ᠢᠶᠡᠨ ᠬᠠᠮᠲᠤᠳᠬᠠᠭᠰᠠᠨ ᠴᠢᠰᠤ ᠮᠢᠬᠠᠨ᠎ᠤ ᠬᠠᠷᠢᠴᠠᠭ᠎ᠠ᠎ᠶ᠋ᠢ ᠭᠦᠨᠵᠡᠭᠡᠢ ᠲᠠᠨᠢᠵᠤ᠂ᠨᠡᠩ ᠰᠠᠢᠨ᠎ᠢᠶᠡᠷ ᠠᠷᠠᠳ ᠲᠦᠮᠡᠨ᠎ᠳᠦ ᠵᠣᠯ ᠵᠢᠷᠭᠠᠯ ᠤᠯᠭᠤᠵᠤ᠂ ᠠᠷᠠᠳ ᠲᠦᠮᠡᠨ᠎ᠳᠦ ᠲᠦᠱᠢᠭ᠌ᠯᠡᠨ ᠲᠡᠦᠬᠡ᠎ᠶ᠋ᠢᠨᠠᠭᠤᠤ ᠦᠢᠯᠡᠰ᠎ᠢ ᠴᠣᠭ᠍ᠴᠠᠯᠠᠬᠤ ᠬᠡᠷᠡᠭ᠌ᠲᠡᠢ᠃ ᠮᠠᠨ᠎ᠤ ᠨᠠᠮ ᠪᠣᠯ ᠠᠷᠠᠳ ᠲᠦᠮᠡᠨ᠎ᠦ ᠳᠤᠮᠳᠠ᠎ᠠᠴᠠ ᠢᠷᠡᠵᠦ᠍᠂ᠠᠷᠠᠳ ᠲᠦᠮᠡᠨ᠎ᠦ ᠳᠤᠮᠳᠠ ᠦᠨᠳᠦᠰᠦᠯᠡᠵᠦ᠍᠂ ᠠᠷᠠᠳ ᠲᠦᠮᠡᠨ᠎ᠳᠦ ᠦᠢᠯᠡᠴᠢᠯᠡᠳᠡᠭ᠂ ᠦᠨᠳᠦᠰᠦᠨ᠎ᠡᠴᠡ ᠨᠢ ᠠᠪᠴᠤ᠌ᠬᠡᠯᠡᠪᠡᠯ᠂ ᠨᠠᠮ᠎ᠤᠨ ᠤᠨᠦᠯ ᠪᠣᠯ ᠠᠯᠢᠪᠠ ᠪᠦᠬᠦᠠ ᠴᠦᠮ ᠠᠷᠠᠳ ᠲᠦᠮᠡᠨ᠎ᠦ ᠲᠥᠯᠥᠭᠡ ᠭᠡᠬᠦ ᠤᠨᠦᠯ ᠮᠥᠨ᠂ ᠨᠠᠮ᠎ᠤᠨᠱᠤᠭᠤᠮ ᠪᠣᠯ ᠠᠯᠢᠪᠠ ᠪᠦᠬᠦᠠ ᠴᠦᠮ᠎ᠠᠷᠠᠳ ᠲᠦᠮᠡᠨ᠎ᠦ ᠲᠥᠯᠥᠭᠡ ᠭᠡᠬᠦ ᠱᠤᠭᠤᠮ ᠮᠥᠨ᠂ ᠨᠠᠮ᠎ᠤᠨ ᠦᠢᠯᠡᠰ ᠪᠣᠯ ᠠᠯᠢᠪᠠᠪᠦᠬᠦᠠ ᠴᠦᠮ ᠠᠷᠠᠳ ᠲᠦᠮᠡᠨ᠎ᠦ ᠲᠥᠯᠥᠭᠡ ᠭᠡᠬᠦ ᠦᠢᠯᠡᠰ ᠮᠦᠨ ᠪᠤᠯᠬᠤ ᠵᠢ ᠡᠷᠬᠡᠪᠰᠢ ᠰᠡᠷᠭᠡᠭ᠎ᠢᠶᠡᠷ ᠲᠠᠨᠢᠵᠤᠤᠯᠬᠤ ᠬᠡᠷᠡᠭ᠌ᠲᠡᠢ᠃ ᠨᠠᠮ᠎ᠤᠨ ᠬᠠᠮᠤᠭ᠎ᠤᠨ ᠶᠡᠬᠡ ᠤᠯᠤᠰ ᠲᠦᠷᠦ᠍᠎ᠶ᠋ᠢᠨ ᠳᠠᠪᠠᠭᠤᠯᠢᠭ ᠪᠣᠯ ᠤᠯᠠᠨ ᠲᠦᠮᠡᠨ᠎ᠲᠡᠶᠨᠢᠭ᠍ᠲᠠ ᠬᠠᠷᠢᠯᠴᠠᠬᠤ ᠶᠠᠪᠤᠳᠠᠯ ᠪᠣᠯᠤᠨ᠎ᠠ᠂ ᠨᠠᠮ ᠲᠦᠷᠦ᠍ ᠪᠠᠷᠢᠭ᠍ᠰᠠᠨ᠎ᠤ ᠳᠠᠷᠠᠭᠠᠬᠢ ᠬᠠᠮᠤᠭ᠎ᠤᠨ ᠶᠡᠬᠡ ᠠᠶᠤᠯᠲᠦᠭ᠌ᠰᠢᠭᠦᠷᠢ ᠪᠣᠯ ᠤᠯᠠᠨ ᠲᠦᠮᠡᠨ᠎ᠡᠴᠡ ᠬᠥᠨᠳᠡᠢᠷᠡᠬᠦ᠌ ᠶᠠᠪᠤᠳᠠᠯ ᠪᠣᠯᠤᠨ᠎ᠠ᠃ ᠨᠠᠮ ᠳᠤᠮᠳᠠᠳᠤ ᠤᠯᠤᠰ᠎ᠤᠨ ᠬᠠᠮᠤᠭ᠎ᠤᠨᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠲᠥᠯᠥᠭᠡᠯᠡᠵᠦ᠍᠂ ᠶᠠᠮᠠᠷᠪᠠ ᠥᠪᠡᠷ᠎ᠦᠨ ᠣᠨᠴᠠᠭᠠᠢᠠᠱᠢᠭ ᠲᠤᠰᠠ ᠭᠡᠵᠦ᠍ ᠪᠠᠢᠬᠤ ᠦᠭᠡᠢ᠂ ᠶᠠᠮᠠᠷᠪᠠ ᠠᠱᠢᠭ ᠲᠤᠰᠠ᠎ᠶ᠋ᠢᠨ ᠪᠦᠯᠦᠭ᠌ᠯᠡᠯ᠂ ᠶᠠᠮᠠᠷᠪᠠ ᠡᠷᠬᠡ ᠰᠦᠷᠲᠦᠪᠦᠯᠬᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ᠎ᠶ᠋ᠢᠨ ᠠᠱᠢᠭ ᠲᠤᠰᠠ᠎ᠶ᠋ᠢ ᠶᠡᠷᠦ᠍᠎ᠡᠴᠡ ᠲᠥᠯᠥᠭᠡᠯᠡᠳᠡᠭ ᠦᠭᠡᠢ᠂ᠡᠨᠡ ᠪᠣᠯ ᠨᠠᠮ᠎ᠤᠨ ᠢᠯᠠᠭ᠍ᠳᠠᠰᠢ ᠦᠭᠡᠢ ᠪᠠᠢᠷᠢᠨ᠎ᠳᠤ ᠪᠠᠢᠬᠤ᠎ᠶ᠋ᠢᠨ ᠦᠨᠳᠦᠰᠦ ᠮᠥᠨ᠃ ᠶᠠᠭ ᠪᠦᠬᠦᠳᠡ ᠬᠤᠷᠠᠯ᠎ᠠᠴᠠᠬᠢᠨᠠᠨ ᠶᠠᠷᠢᠯᠴᠠᠵᠤ ᠪᠠᠲᠤᠯᠠᠭ᠍ᠰᠠᠨ《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪᠬᠣᠷᠢᠶᠠᠨ᠎ᠤ ᠱᠢᠢᠳᠪᠦᠷᠢ》᠎ᠳ᠋ᠸ᠋ ᠴᠢᠬᠤᠯᠠᠴᠢᠯᠠᠭ᠍ᠰᠠᠨᠴᠢᠯᠠᠨ᠄ ᠪᠢᠳᠡ ᠪᠦᠬᠦ᠌ ᠰᠡᠳᠭᠢᠯᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠢᠮᠠᠭ᠍ᠲᠠ ᠪᠠᠷᠢᠮᠲᠠᠯᠠᠵᠤ᠂ᠨᠠᠮ᠎ᠤᠨ ᠣᠯᠠᠨ ᠲᠦᠮᠡᠨᠴᠢ ᠱᠤᠭᠤᠮ᠎ᠢ ᠪᠠᠷᠢᠮᠲᠠᠯᠠᠵᠤ᠂ ᠲᠥᠷᠥ᠍ ᠵᠠᠰᠠᠭ ᠪᠣᠯ ᠠᠷᠠᠳ ᠲᠦᠮᠡᠨ ᠮᠦᠨ᠂ ᠠᠷᠠᠳ ᠲᠦᠮᠡᠨᠪᠣᠯ ᠲᠦᠷᠦ ᠵᠠᠰᠠᠭ ᠮᠥᠨ ᠭᠡᠳᠡᠭ᠎ᠢ ᠢᠮᠠᠭᠳᠠ ᠪᠠᠲᠤ ᠴᠡᠭᠡᠵᠢᠯᠡᠵᠦ᠂ ᠠᠯᠢᠪᠠ ᠪᠦᠬᠦᠨ᠎ᠠᠷᠠᠳ ᠲᠦᠮᠡᠨ᠎ᠦ ᠲᠥᠯᠥᠭᠡᠪᠠᠢᠬᠤ᠂ ᠠᠯᠢᠪᠠ ᠪᠦᠬᠦᠠ᠎ᠳᠦ ᠠᠷᠠᠳ ᠲᠦᠮᠡᠨ᠎ᠢ ᠲᠦᠱᠢᠭ᠌ᠯᠡᠬᠦ ᠵᠢ ᠪᠠᠷᠢᠮᠲᠠᠯᠠᠵᠤ᠂ ᠠᠷᠠᠳ ᠲᠦᠮᠡᠨ᠎ᠦ ᠲᠥᠯᠥᠭᠡᠲᠥᠷᠥ᠍ ᠪᠠᠷᠢᠬᠤ᠂ ᠠᠷᠠᠳ ᠲᠦᠮᠡᠨ᠎ᠳᠦ ᠲᠦᠱᠢᠭ᠌ᠯᠡᠨ ᠲᠦᠷᠦ᠍ ᠪᠠᠷᠢᠬᠤ ᠵᠢ ᠪᠠᠷᠢᠮᠲᠠᠯᠡᠵᠤ᠂ ᠠᠷᠠᠳ ᠲᠦᠮᠡᠨ᠎ᠦᠲᠥᠯᠥᠭᠡ ᠬᠥᠭ᠌ᠵᠢᠭᠦᠯᠬᠦ᠌᠂ ᠬᠥᠭ᠌ᠵᠢᠭᠦᠯᠬᠦ᠌᠎ᠳᠦ ᠠᠷᠠᠳ ᠲᠦᠮᠡᠨ᠎ᠢ ᠲᠦᠱᠢᠭ᠌ᠯᠡᠬᠦ᠂ ᠬᠥᠭ᠌ᠵᠢᠯᠲᠡ᠎ᠶ᠋ᠢᠨ ᠦᠷ᠎ᠡᠪᠦᠲᠦᠭᠡᠯ᠎ᠢ ᠠᠷᠠᠳ ᠲᠦᠮᠡᠨ ᠳ᠋ᠦ ᠬᠠᠮᠲᠤ᠎ᠪᠠᠷ ᠡᠳ᠋ᠯᠡᠭᠦᠯᠬᠦ ᠵᠢ ᠪᠠᠷᠢᠮᠲᠠᠯᠠᠵᠤ᠂ ᠪᠦᠬᠦ᠌ ᠠᠷᠠᠳ ᠲᠦᠮᠡᠨ᠎ᠦᠬᠠᠮᠲᠤ᠎ᠪᠠᠷ ᠪᠠᠶᠠᠵᠢᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠪᠠᠯ᠂ ᠠᠷᠠᠳ ᠲᠦᠮᠡᠨ᠎ᠢ ᠤᠳᠤᠷᠢᠳᠤᠨ ᠳᠤᠮᠳᠠᠳᠤᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠨᠡᠩ ᠶᠡᠬᠡ ᠱᠢᠨ᠎ᠡ ᠢᠯᠠᠯᠲᠠ᠎ᠶ᠋ᠢ ᠲᠡᠮᠡᠴᠡᠨ ᠣᠯᠵᠤ ᠴᠢᠳᠠᠬᠤᠨᠢ ᠯᠠᠪᠲᠠᠢ ᠶᠤᠮ᠂ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠳᠤᠮᠳᠠᠳᠤ ᠤᠯᠤᠰ᠎ᠤᠨ ᠠᠷᠠᠳ ᠲᠦᠮᠡᠨ᠎ᠡᠴᠡ ᠰᠠᠯᠭᠠᠬᠤ᠂ᠡᠰᠡᠷᠭᠦᠴᠡᠯᠳᠦᠬᠦᠯᠬᠦ ᠶᠠᠮᠠᠷᠪᠠ ᠭᠣᠷᠢᠳᠠᠯᠭ᠎ᠠ ᠬᠡᠵᠢᠶᠡᠳᠡ ᠪᠡᠶᠡᠯᠡᠭ᠌ᠳᠡᠬᠦ᠌ ᠦᠭᠡᠢ ᠶᠤᠮ᠃

《ᠭᠡᠳᠡᠰᠦ ᠴᠠᠳᠭᠤᠯᠠᠩᠪᠤᠯᠬᠤ》ᠡᠴᠡ ᠪᠠᠨ 《ᠰᠢᠰᠢ᠎ᠵᠢᠨ ᠪᠤᠳᠠᠭ᠎ᠠᠡᠷᠳᠡᠨᠢ ᠰᠢᠰᠢ᠎ᠵᠢᠨ ᠭᠤᠯᠢᠷ ᠢᠳᠡᠬᠦ ᠪᠤᠯᠤᠬᠰᠠᠨ》ᠬᠦᠷᠲᠡᠯ᠎ᠡ᠂ ᠲᠠᠬᠢᠭᠠᠳ《ᠨᠠᠷᠢᠯᠢᠭ ᠠᠮᠤ ᠢᠳᠡᠶ᠎ᠡᠭᠡᠪᠡᠯ ᠨᠠᠷᠢᠯᠢᠭ ᠠᠮᠤ ᠢᠳᠡᠵᠦ᠍᠂ ᠪᠠᠰᠠ ᠦᠷᠬᠦᠯᠵᠢ ᠮᠢᠬ᠎ᠠ ᠢᠳᠡᠬᠦ ᠪᠤᠯᠤᠬᠰᠠᠨ》ᠬᠦᠷᠲᠡᠯ᠎ᠡ᠂ ᠱᠠᠨᠰᠢ᠎ᠶ᠋ᠢᠨ ᠬᠣᠢᠲᠤ ᠬᠡᠰᠡᠭ᠎ᠦᠨ ᠱᠢᠷ᠎ᠠᠬᠥᠷᠥᠰᠥᠲᠦ ᠥᠨᠳᠥᠷᠯᠢᠭ᠎ᠲᠡᠬᠢ ᠤᠯᠠᠨ ᠲᠦᠮᠡᠨ᠎ᠦ ᠵᠢᠷᠭᠠᠯᠲᠤ ᠠᠮᠢᠳᠤᠷᠠᠯ᠎ᠤᠨ ᠬᠠᠷᠠᠯᠲᠠ᠎ᠶ᠋ᠢ ᠡᠷᠭᠢᠴᠡᠭᠦᠯᠬᠦ᠌᠎ᠳᠦ᠂ᠶᠡᠷᠦᠩᠬᠡᠢ ᠱᠦᠵᠢ ᠰᠢ᠎ᠶ᠋ᠢᠨ ᠫᠢᠩ᠄ 《ᠮᠠᠨ᠎ᠤ ᠡᠨᠡ ᠦᠶ᠎ᠡ᠎ᠶ᠋ᠢᠨ ᠬᠥᠮᠦᠰ᠎ᠲᠦ ᠤᠯᠠᠨ ᠲᠦᠮᠡᠨ᠎ᠢᠲᠤᠰᠠᠯᠠᠶ᠎ᠠ ᠣᠨᠴᠠᠭᠠᠢᠯᠠᠨ ᠲᠠᠷᠢᠶᠠᠴᠢᠳ᠎ᠢ ᠲᠡᠳᠬᠦᠶ᠎ᠠ ᠭᠡᠰᠡᠨ ᠨᠢᠭᠡᠨ ᠤᠨᠴᠠᠭᠠᠢ ᠬᠠᠢᠷ᠎ᠠ ᠰᠡᠳᠭᠢᠯᠭᠡ ᠪᠠᠢᠳᠠᠭ᠃ᠨᠡᠢᠭᠡᠮ ᠵᠢᠷᠤᠮ᠎ᠤᠨ ᠵᠠᠮ᠎ᠳ᠋ᠦ ᠨᠢᠭᠡ᠎ᠶ᠋ᠢ ᠴᠦ᠍ ᠣᠷᠬᠢᠭ᠍ᠳᠠᠭᠤᠯᠵᠤ ᠪᠣᠯᠬᠤ ᠦᠭᠡᠢ᠂ ᠴᠢᠨᠡᠭᠡᠯᠢᠭ ᠨᠡᠢᠭᠡᠮ᠎ᠢᠪᠦᠬᠦ᠌ ᠲᠠᠯ᠎ᠠ᠎ᠪᠠᠷ ᠪᠡᠶᠡᠯᠡᠭᠦᠯᠬᠦ᠌᠎ᠪᠡᠷ ᠬᠠᠮᠲᠤ᠎ᠪᠠᠷ ᠤᠷᠤᠭ᠍ᠰᠢᠯᠠᠶ᠎ᠠ! 》ᠭᠡᠵᠦ ᠭᠦᠨ ᠰᠡᠳᠭᠢᠯᠭᠡᠲᠠᠢ ᠶᠠᠷᠢᠵᠤ ᠦᠨᠭᠭᠡᠷᠡᠪᠡ᠃ ᠡᠳᠦᠭᠡ᠂ ᠪᠢᠳᠡ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠬᠣᠶᠠᠳᠤᠭᠠᠷᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠣᠮᠣᠭ ᠲᠡᠭᠦᠯᠳᠡᠷ ᠤᠷᠤᠭ᠍ᠰᠢᠯᠠᠵᠤ ᠪᠠᠢᠨ᠎ᠠ᠃ ᠱᠢᠨ᠎ᠡ ᠠᠭᠤᠤᠶᠡᠬᠡ ᠠᠶᠠᠨ᠎ᠳᠤ᠂ ᠪᠢᠳᠡ ᠡᠷᠬᠡᠪᠰᠢ ᠨᠡᠢᠭᠡᠮ᠎ᠦᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠬᠦᠨᠳᠦᠳᠭᠡᠬᠦ᠌ ᠪᠠᠠᠷᠠᠳ ᠲᠦᠮᠡᠨ᠎ᠦ ᠲᠡᠦᠬᠡ᠎ᠶ᠋ᠢᠨ ᠭᠣᠣᠯ ᠴᠣᠭ᠍ᠴᠠ ᠪᠣᠯᠬᠤ ᠪᠠᠢᠷᠢ ᠰᠠᠭᠤᠷᠢ᠎ᠶ᠋ᠢ ᠬᠦᠨᠳᠦᠳᠭᠡᠬᠦ᠌᠎ᠶ᠋ᠢᠨ ᠨᠢᠭᠡᠳᠦᠯᠲᠦᠴᠢᠨᠠᠷ᠎ᠢ ᠪᠠᠷᠢᠮᠲᠠᠯᠠᠵᠤ᠂ ᠡᠷᠬᠢᠮ ᠳᠡᠭᠡᠳᠦ ᠬᠦᠰᠡᠯᠡᠩ᠎ᠦᠨ ᠲᠥᠯᠥᠭᠡ ᠲᠡᠮᠡᠴᠡᠬᠦ᠌ ᠪᠠ ᠬᠠᠮᠤᠭ᠎ᠤᠨ ᠥᠷᠭᠡᠨᠤᠯᠠᠨ ᠠᠷᠠᠳ ᠲᠦᠮᠡᠨ᠎ᠳᠦ ᠠᠱᠢᠭ ᠲᠤᠰᠠ ᠣᠯᠭᠣᠬᠤ᠎ᠶ᠋ᠢᠨ ᠨᠢᠭᠡᠳᠦᠯᠲᠦ ᠴᠢᠨᠠᠷ᠎ᠢ ᠪᠡᠶᠡᠯᠡᠭᠦᠯᠵᠦ᠍᠂ ᠨᠠᠮ᠎ᠤᠨᠡᠯ᠎ᠡ ᠵᠦᠢᠯ᠎ᠦᠨ ᠠᠵᠢᠯ᠎ᠢ ᠪᠡᠶᠡᠯᠡᠭᠦᠯᠬᠦ᠌ ᠪᠠ ᠠᠷᠠᠳ ᠲᠦᠮᠡᠨ᠎ᠦ ᠠᠱᠢᠭ ᠲᠤᠰᠠ᠎ᠶ᠋ᠢ ᠪᠡᠶᠡᠯᠡᠭᠦᠯᠬᠦ᠌᠎ᠶ᠋ᠢᠨᠨᠢᠭᠡᠳᠦᠯᠲᠦ ᠴᠢᠨᠠᠷ᠎ᠢ ᠪᠠᠷᠢᠮᠲᠠᠯᠠᠵᠤ᠂ ᠤᠯᠠᠨ ᠲᠦᠮᠡᠨ᠎ᠡᠴᠡ ᠡᠭᠦᠷᠢᠳᠡ ᠬᠥᠨᠳᠡᠢᠷᠡᠬᠦ᠌ ᠦᠭᠡᠢ ᠪᠠᠢᠵᠤ᠂ ᠤᠯᠠᠨᠲᠦᠮᠡᠨ᠎ᠲᠡᠶ ᠵᠣᠯ ᠵᠢᠷᠭᠠᠯ᠎ᠵᠢᠡᠨ ᠬᠠᠮᠲᠤ᠎ᠪᠠᠷ ᠡᠳ᠋ᠯᠡᠵᠦ᠍᠂ ᠬᠦᠴᠢᠷ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ᠵᠢᠷᠭᠠᠯ ᠵᠤᠪᠠᠯᠠᠩ᠎ᠵᠢᠡᠨ ᠬᠠᠮᠳᠤᠳᠬᠠᠬᠤ ᠬᠡᠷᠡᠭ᠌ᠲᠡᠢ; ᠡᠷᠬᠡᠪᠰᠢ ᠠᠷᠠᠳ ᠲᠦᠮᠡᠨ᠎ᠳᠦᠴᠢᠩᠭ᠎ᠠ ᠲᠦᠱᠢᠭ᠌ᠯᠡᠨ ᠲᠡᠦᠬᠡ᠎ᠶ᠋ᠢ ᠡᠭᠦᠳᠦᠨ ᠪᠦᠲᠦᠭᠡᠵᠦ᠍᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠵᠣᠭ᠍ᠰᠣᠯᠲᠠ᠎ᠳᠤᠪᠠᠲᠤ ᠵᠣᠭ᠍ᠰᠣᠵᠤ᠂ ᠠᠷᠠᠳ ᠲᠦᠮᠡᠨ᠎ᠦ ᠭᠣᠣᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠠᠷᠠᠳᠲᠦᠮᠡᠨ᠎ᠦ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠢᠮᠠᠭ᠍ᠲᠠ ᠠᠷᠠᠳ ᠲᠦᠮᠡᠨ᠎ᠢ ᠰᠡᠳᠭᠢᠯ ᠵᠢᠷᠦᠬᠡᠨ᠎ᠦ᠎ᠪᠡᠨᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢᠶᠡᠷᠲᠡᠮᠡᠴᠡᠬᠦ᠌ ᠬᠠᠷᠠᠯᠲᠠ᠎ᠪᠠᠨ ᠪᠣᠯᠭᠠᠵᠤ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠪᠦᠬᠦ᠌ᠠᠷᠠᠳ ᠲᠦᠮᠡᠨ᠎ᠳᠦ ᠨᠡᠩ ᠤᠯᠠᠨ ᠨᠡᠩ ᠭᠣᠣᠯᠴᠢ᠎ᠪᠠᠷ ᠬᠦᠷᠲᠡᠭᠡᠬᠦ᠌᠎ᠶ᠋ᠢ ᠠᠬᠢᠭᠤᠯᠵᠤ᠂ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢᠠᠬᠢᠭᠤᠯᠬᠤ ᠲᠠᠯ᠎ᠠ᠎ᠪᠠᠷ ᠨᠡᠩ ᠢᠯᠡᠷᠬᠡᠢ ᠮᠥᠨ ᠴᠢᠨᠠᠷ᠎ᠤᠨ ᠠᠬᠢᠴᠠ᠎ᠲᠠᠶ ᠪᠣᠯᠭᠠᠵᠤ᠂ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳᠲᠦᠮᠡᠨ᠎ᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠠᠬᠢᠭᠤᠯᠬᠤ ᠰᠦᠷ ᠳᠠᠯᠠᠢᠴᠠᠲᠠᠢᠬᠦᠴᠦᠨ ᠪᠣᠯᠭᠠᠨ ᠨᠢᠭ᠍ᠲᠠᠷᠠᠭᠤᠯᠬᠤ ᠬᠡᠷᠡᠭ᠌ᠲᠡᠢ᠃

ᠥᠨᠥᠳᠦᠷ᠂ᠳᠤᠮᠳᠠᠳᠤ ᠤᠯᠤᠰ᠎ᠤᠨ ᠠᠷᠠᠳ ᠲᠦᠮᠡᠨ ᠨᠡᠩ ᠢᠲᠡᠭᠡᠯ᠎ᠲᠡᠶ ᠪᠤᠯᠵᠤ᠂ ᠪᠡᠶ᠎ᠡ᠎ᠪᠡᠨ ᠳᠠᠭᠠᠭᠠᠵᠤ᠂ ᠥᠪᠡᠷ᠎ᠢ᠎ᠪᠡᠨᠬᠦᠴᠦᠷᠬᠡᠭ᠌ᠵᠢᠭᠦᠯᠵᠦ᠍᠂ ᠵᠣᠷᠢᠭ ᠰᠥᠰᠥ᠍᠂ ᠢᠲᠡᠭᠡᠯ ᠵᠣᠷᠢᠭ ᠲᠤᠢᠯ᠎ᠤᠨ ᠶᠡᠬᠡ᠎ᠪᠡᠷ ᠴᠢᠩᠭᠠᠷᠠᠵᠤ᠂ ᠲᠡᠦᠬᠡ᠎ᠶ᠋ᠢᠨᠠᠬᠢᠴᠠ ᠳᠤᠮᠳᠠ ᠬᠤᠷᠠᠮᠳᠤᠭᠤᠯᠤᠭ᠍ᠰᠠᠨ ᠬᠦᠴᠦᠷᠬᠡᠭ ᠶᠡᠬᠡ ᠡᠨᠧᠷᠭᠢ ᠭᠦᠢᠴᠡᠳ ᠣᠷᠭᠢᠯᠵᠤ᠂ ᠤᠷᠢᠳ ᠡᠮᠦᠨ᠎ᠡ ᠪᠠᠢᠭ᠎ᠠᠦᠭᠡᠢ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠲᠡᠦᠬᠡ᠎ᠶ᠋ᠢᠨ ᠡᠭᠦᠳᠦᠨ ᠪᠦᠲᠦᠭᠡᠬᠦ᠌ ᠵᠣᠷᠢᠭᠰᠠᠨᠠᠭ᠎ᠠ᠎ᠶ᠋ᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠠᠭᠤᠤᠶᠡᠬᠡ ᠲᠡᠦᠬᠡ᠎ᠶ᠋ᠢ ᠢᠲᠡᠭᠡᠯ ᠲᠡᠭᠦᠯᠳᠡᠷ ᠪᠢᠴᠢᠭ᠌ᠯᠡᠵᠦ᠍ ᠪᠠᠢᠨ᠎ᠠ᠃ ᠱᠢᠨ᠎ᠡ ᠠᠶᠠᠨ᠎ᠳᠤ᠂ ᠰᠢ᠎ᠶ᠋ᠢᠨ ᠫᠢᠩ ᠨᠥᠬᠥᠷ᠎ᠢᠶᠡᠷᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠷᠺᠰ᠎ᠤᠨ ᠦᠵᠡᠯ᠎ᠦᠨᠲᠦᠷᠦ᠍ ᠪᠠᠷᠢᠭ᠍ᠴᠢ ᠨᠠᠮ᠎ᠤᠨ ᠤᠤᠷ ᠴᠢᠨᠠᠷ᠎ᠢᠶᠠᠨ ᠡᠭᠦᠷᠢᠳᠡ ᠪᠠᠲᠤᠯᠠᠵᠤ᠂ ᠡᠭᠦᠷᠢᠳᠡ ᠴᠠᠭ ᠦᠶ᠎ᠡ᠎ᠶ᠋ᠢᠨ ᠡᠮᠦᠨ᠎ᠡᠡᠩᠨᠡᠭᠡᠨ᠎ᠳᠦ ᠬᠣᠱᠢᠭᠤᠷᠠᠵᠤ᠂ ᠡᠭᠦᠷᠢᠳᠡ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦᠲᠦᠱᠢᠭ ᠲᠤᠯᠭᠠᠭᠤᠷᠢ ᠪᠤᠯᠵᠤ᠂ ᠢᠮᠠᠭ᠍ᠲᠠ ᠠᠷᠠᠳ ᠲᠦᠮᠡᠨ᠎ᠲᠡᠶ ᠰᠡᠳᠭᠢᠯ ᠵᠢᠷᠦᠬᠡ᠎ᠪᠡᠨ ᠬᠣᠯᠪᠣᠵᠤ᠂ ᠠᠷᠠᠳ ᠲᠦᠮᠡᠨ᠎ᠲᠡᠶᠵᠢᠷᠭᠠᠯ ᠵᠣᠪᠠᠯᠠᠩ᠎ᠢᠶᠠᠨ ᠬᠠᠮᠲᠤᠳᠭᠠᠵᠤ᠂ ᠠᠷᠠᠳ ᠲᠦᠮᠡᠨ᠎ᠲᠡᠶ ᠪᠦᠯᠬᠦᠮᠳᠡᠨ ᠲᠡᠮᠡᠴᠡᠪᠡᠯ᠂ ᠪᠢᠳᠠ ᠠᠯᠢᠪᠠ ᠬᠦᠴᠢᠷᠪᠡᠷᠬᠡᠱᠢᠶᠡᠯ ᠪᠠ ᠬᠠᠷᠰᠢ ᠰᠠᠭᠠᠳ᠎ᠢ ᠢᠯᠠᠨ ᠳᠠᠪᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠱᠢᠨ᠎ᠡ ᠭᠡᠷᠡᠯ ᠰᠠᠴᠤᠷᠠᠩᠭᠤᠢ ᠠᠮᠵᠢᠯᠲᠠ᠎ᠶ᠋ᠢᠲᠠᠰᠤᠷᠠᠯᠳᠠ ᠦᠭᠡᠢ ᠡᠭᠦᠳᠴᠦ᠍ ᠴᠢᠳᠠᠬᠤ ᠨᠢ ᠯᠠᠪᠲᠠᠢ ᠶᠤᠮ!

(ᠱᠢᠨᠬᠤᠸᠠ ᠬᠣᠷᠢᠶᠠᠨ᠎ᠤ ᠪᠡᠭᠡᠵᠢᠩ᠎ᠦᠨ 11 ᠰᠠᠷ᠎ᠠ᠎ᠶ᠋ᠢᠨ 17 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠨ ‍ᠤ ᠰᠤᠨᠢᠨ ᠮᠡᠳᠡᠬᠡ᠎ᠶᠢᠨ ᠰᠦᠯᠵᠢᠶ᠎ᠠ
兼容浏览器的HTML页面