2021-11-21 11:28:57
ᠤᠢᠷ᠎ᠠ ᠵᠢᠨ ᠡᠳᠦᠷ᠂ ᠬᠢᠩᠭᠠᠨᠠᠢᠮᠠᠭ ᠠᠢᠮᠠᠭ᠎ᠤᠨ ᠨᠠᠮ᠎ᠤᠨ ᠬᠣᠷᠢᠶᠠᠨ᠎ᠤ ᠭᠡᠱᠢᠭᠦᠳ᠎ᠦᠨ ᠥᠷᠭᠡᠳᠭᠡᠭ᠌ᠰᠡᠨ ᠬᠤᠷᠠᠯ ᠬᠤᠷᠠᠯᠳᠤᠭᠤᠯᠵᠤ᠂ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠰᠠᠨᠠᠯᠢᠲᠤᠬᠢᠷᠠᠭᠤᠯᠤᠨ ᠪᠠᠢᠷᠢᠯᠠᠭᠤᠯᠪᠠ᠃
ᠬᠤᠷᠠᠯ᠎ᠡᠴᠡ᠂ ᠨᠠᠮ᠎ᠤᠨ ᠠᠷᠪᠠᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢᠬᠣᠯᠪᠣᠭ᠍ᠳᠠᠯᠢ ᠭᠦᠢᠴᠡᠳ ᠲᠠᠨᠢᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠤᠯᠤᠰ ᠲᠦᠷᠦ᠍ᠶ᠋ᠢᠨᠤᠬᠠᠮᠰᠠᠷ᠂ ᠦᠵᠡᠯ ᠰᠠᠨᠠᠭᠠᠨ᠎ᠤ ᠤᠬᠠᠮᠰᠠᠷ ᠪᠣᠯᠤᠨ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠦᠨᠡᠨ ᠬᠦ᠌ᠴᠢᠩᠭᠠᠳᠭᠠᠬᠤ ᠬᠡᠷᠡᠭ᠌ᠲᠡᠢ᠃ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮᠤᠨᠲᠥᠪ ᠬᠣᠷᠢᠶᠠᠨ᠎ᠤ ᠱᠢᠶ᠋ᠳᠪᠦᠷᠢ》᠎ᠶ᠋ᠢᠨ ᠭᠤᠤᠯ ᠴᠢᠮᠥᠭᠡ ᠴᠢᠬᠤᠯᠠ ᠠᠭᠤᠯᠭ᠎ᠠ᠎ᠶ᠋ᠢ ᠭᠦᠨᠵᠡᠭᠡᠶᠤᠢᠯᠠᠭᠠᠨ ᠣᠨᠣᠪᠴᠢᠲᠠᠶ ᠡᠵᠡᠮᠳᠡᠬᠦ᠌ ᠬᠡᠷᠡᠭ᠌ᠲᠡᠶ; ᠮᠠᠨ᠎ᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ᠂ᠠᠭᠤᠤ ᠶᠡᠬᠡ ᠠᠴᠢ ᠬᠣᠯᠪᠣᠭ᠍ᠳᠠᠯ᠂ ᠲᠡᠦᠬᠡᠨ ᠲᠤᠷᠱᠢᠯᠭ᠎ᠠ᠎ᠶ᠋ᠢ ᠭᠦᠨᠵᠡᠭᠡᠢ ᠤᠢ᠍ᠢᠯᠠᠭᠠᠨ ᠣᠨᠣᠪᠴᠢᠲᠠᠢᠡᠵᠡᠮᠳᠡᠬᠦ᠌ ᠬᠡᠷᠡᠭ᠌ᠲᠡᠢ;《ᠬᠣᠶᠠᠷ᠎ᠢ ᠲᠣᠭ᠍ᠲᠠᠭᠠᠬᠤ》ᠵᠢᠨ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠᠶ᠋ᠢᠠᠬᠢᠭᠤᠯᠬᠤᠳᠤ ᠦᠵᠡᠭᠦᠯᠬᠦ᠌ ᠱᠢᠢᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠢ ᠤᠢ᠍ᠢᠯᠠᠭᠠᠨᠣᠨᠣᠪᠴᠢᠲᠠᠢ ᠡᠵᠡᠮᠳᠡᠬᠦ᠌ ᠬᠡᠷᠡᠭ᠌ᠲᠡᠢ; ᠨᠠᠮ᠎ᠤᠨ ᠵᠠᠭᠤᠨᠵᠢᠯ᠎ᠦᠨ ᠲᠡᠮᠡᠴᠡᠯ᠎ᠦᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠱᠢᠨ᠎ᠡ ᠴᠠᠭ ᠦᠶᠡᠶ᠋ᠢᠨᠳᠤᠮᠳᠠᠳᠤ ᠤᠯᠤᠰ᠎ᠤᠨ ᠡᠪ ᠬᠠᠮᠲᠤ ᠨᠠᠮ ᠤᠨ ᠲᠡᠦᠬᠡᠲᠦ ᠡᠭᠦᠷᠭᠡ᠎ᠶ᠋ᠢ ᠭᠦᠨᠵᠡᠭᠡᠢ ᠤᠢ᠍ᠢᠯᠠᠭᠠᠨ ᠣᠨᠣᠪᠴᠢᠲᠠᠢᠡᠵᠡᠮᠳᠡᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠥᠪᠯᠡᠷᠡᠯ᠎ᠦᠨ ᠴᠡᠭ᠂ ᠬᠦᠴᠦᠯᠡᠬᠦ᠌ ᠴᠡᠭ᠂ ᠲᠤᠰᠤᠯᠳᠠᠶ᠋ᠢᠦᠨᠡᠨ ᠬᠦ᠌ ᠣᠨᠣᠪᠴᠢᠲᠠᠢ ᠤᠯᠬᠤ ᠭᠡᠷᠡᠭᠳᠠᠢ ᠭᠡᠵᠦ ᠵᠢᠭᠠᠵᠤ ᠭᠠᠷᠭᠠᠪᠠ᠃
ᠬᠤᠷᠠᠯ᠎ᠡᠴᠡ᠂ ᠨᠠᠮ᠎ᠤᠨ ᠠᠷᠪᠠᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠥᠷᠨᠢᠯᠲᠡ᠎ᠶ᠋ᠢ ᠦᠳᠲᠡᠷ ᠲᠦᠷᠭᠡᠨ ᠪᠤᠢᠪᠣᠯᠭᠠᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠪᠠᠷ ᠦᠵᠡᠯ ᠰᠠᠨᠠᠭ᠎ᠠ᠎ᠪᠠᠨ ᠨᠢᠭᠡᠳᠭᠡᠵᠦ᠍᠂ ᠦᠵᠡᠯᠳᠠᠵᠤᠷᠢᠯᠳᠠᠪᠠᠨ ᠨᠢᠭᠡᠳᠭᠡᠵᠦ᠍᠂ ᠦᠢᠯᠡ ᠠᠵᠢᠯᠯᠠᠭ᠎ᠠ᠎ᠪᠠᠨ ᠨᠢᠭᠡᠳᠭᠡᠬᠦ ᠭᠡᠷᠡᠭᠳᠠᠢ᠃ ᠤᠯᠠᠮᠵᠢᠯᠠᠨᠰᠤᠷᠤᠯᠴᠠᠬᠤ ᠪᠠ ᠤᠬᠠᠭᠤᠯᠤᠨ ᠲᠠᠢᠯᠪᠤᠷᠢᠯᠠᠬᠤ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠪᠣᠳᠠᠲᠤᠪᠠᠢᠳᠠᠯᠲᠠᠶᠪᠠᠨ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠪᠠᠷ ᠬᠥᠳᠡᠯᠭᠡᠬᠦ᠌ ᠬᠦᠴᠦᠨᠪᠣᠯᠭᠠᠨ ᠣᠳᠣᠬᠠᠨ᠎ᠤ ᠭᠣᠣᠯᠳᠠᠯᠭ᠎ᠠ᠎ᠲᠠᠶ ᠠᠵᠢᠯ᠎ᠢ ᠰᠠᠢᠲᠤᠷ ᠬᠢᠵᠦ᠍᠂ ᠪᠦᠬᠦ᠌ ᠵᠢᠯ᠎ᠦᠨ ᠬᠠᠷᠠᠯᠲᠠᠡᠭᠦᠷᠭᠡᠪᠡᠨ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠬᠤ ᠭᠡᠷᠡᠭᠳᠠᠢ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷᠲᠤᠭᠤᠱᠢᠯᠠᠭᠤᠯᠬᠤᠶ᠋ᠢ ᠣᠳᠣᠬᠠᠨ ᠤ ᠪᠠᠬᠣᠢᠱᠢᠳᠠᠶ᠋ᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ᠵᠣᠬᠢᠶᠠᠨ ᠪᠠᠢᠭᠤᠯᠤᠯᠳᠠ ᠵᠢᠨ ᠤᠳᠤᠷᠢᠳᠤᠯᠭ᠎ᠠ᠎ᠪᠠᠨ ᠴᠢᠩᠭᠠᠳᠭᠠᠨ᠂ ᠨᠠᠷᠢᠨ ᠨᠢᠭ᠍ᠲᠠ ᠪᠠᠢᠷᠢᠯᠠᠭᠤᠯᠤᠨᠲᠤᠬᠢᠷᠠᠭᠤᠯᠵᠦ᠍᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠩᠭᠠᠨ ᠠᠢᠮᠠᠭ᠎ᠲᠤ ᠲᠤᠭᠤᠱᠢᠯᠠᠭᠤᠯᠤᠨᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠪᠠᠲᠤᠯᠠᠬᠤ ᠭᠡᠷᠡᠭᠳᠠᠢ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃