ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-11-23 09:20:07

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠨᠢ

ᠱᠢᠨᠬᠤᠸᠠ ᠬᠣᠷᠢᠶᠠᠨ᠎ᠤ ᠱᠢᠭᠦᠮᠵᠢᠯᠡᠭ᠌ᠴᠢ

《ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠤᠨᠤᠯ᠎ᠤᠨ ᠱᠢᠨ᠎ᠡ ᠵᠢ ᠡᠭᠦᠳᠬᠦ᠎ᠶ᠋ᠢ ᠪᠠᠷᠢᠮᠲᠠᠯᠠᠵᠤ᠂ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠵᠠᠮ᠎ᠢ ᠪᠠᠷᠢᠮᠲᠠᠯᠠᠵᠤ᠂ ᠬᠡᠭᠦᠳᠡᠭ ᠴᠡᠭᠡᠵᠢᠨ ᠎ᠳᠡᠭᠡᠨ ᠳᠡᠯᠡᠬᠡᠢ ᠳ᠋ᠠᠬᠢᠨ᠎ᠢ ᠪᠠᠭ᠍ᠲᠠᠭᠠᠬᠤ᠎ᠶ᠋ᠢ ᠪᠠᠷᠢᠮᠲᠠᠯᠠᠵᠤ᠂ ᠵᠠᠮ ᠨᠡᠭᠡᠭᠡᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠵᠣᠷᠢᠭ᠍ᠲᠠᠢ ᠪᠡᠷ ᠲᠡᠮᠡᠴᠡᠬᠦ᠌᠎ᠶ᠋ᠢ ᠪᠠᠷᠢᠮᠲᠠᠯᠠᠵᠤ᠂ ᠨᠢᠭᠡᠳᠦᠮᠡᠯ ᠹᠷᠣᠨᠲ᠎ᠢ ᠪᠠᠷᠢᠮᠲᠠᠯᠠᠵᠤ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠪᠠᠷᠢᠮᠲᠠᠯᠠᠨ᠎ᠠ》᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠨᠢ ᠠᠸ᠋ᠭ᠎ᠠ ᠶᠡᠬᠡ ᠲᠡᠦᠬᠡᠨ ᠬᠠᠷᠠᠭᠠᠰᠤ ᠪᠠ ᠭᠦᠨ ᠵᠤᠵᠠᠭᠠᠨ ᠲᠡᠦᠬᠡᠨ ᠣᠶᠤᠨ ᠤᠬᠠᠭᠠᠨ᠎ᠢᠶᠠᠷ ᠨᠠᠮ᠎ᠤᠨ ᠠᠷᠠᠳ ᠲᠦᠮᠡᠨ᠎ᠢ ᠤᠳᠤᠷᠢᠳᠤᠨ ᠠᠭᠤᠤ ᠶᠡᠬᠡ ᠲᠡᠮᠡᠴᠡᠯ ᠬᠢᠭ᠌ᠰᠡᠨ《ᠠᠷᠪᠠ᠎ᠶ᠋ᠢ ᠪᠠᠷᠢᠮᠲᠠᠯᠠᠬᠤ》 ᠡᠷᠬᠢᠮ ᠨᠠᠨᠳᠢᠨ ᠲᠡᠦᠬᠡᠨ ᠲᠤᠷᠱᠢᠯᠭ᠎ᠠ᠎ᠶ᠋ᠢ ᠪᠥᠬᠥ᠌ ᠲᠠᠯ᠎ᠠ᠎ᠪᠠᠷ ᠳ᠋ᠦᠩᠨᠡᠵᠦ᠍᠂ ᠪᠥᠬᠥ᠌ ᠨᠠᠮ᠎ᠤᠨ ᠲᠡᠦᠬᠡ᠎ᠪᠡᠷ ᠲᠣᠯᠢ ᠪᠣᠯᠭᠠᠵᠤ᠂ ᠢᠷᠡᠭᠡᠳᠦᠶ᠎ᠶ᠋ᠢ ᠨᠡᠭᠡᠭᠡᠬᠦ᠌᠎ᠳᠦ ᠬᠦᠴᠦᠷᠬᠡᠭ ᠶᠡᠬᠡ ᠦᠵᠡᠯ ᠰᠠᠨᠠᠭᠠᠨ᠎ᠤ ᠬᠥᠳᠡᠯᠭᠡᠬᠦ᠌ ᠬᠦᠴᠦᠨ ᠨᠡᠮᠡᠷᠢᠯᠡᠪᠡ᠃

《ᠠᠷᠪᠠ᠎ᠶ᠋ᠢ ᠪᠠᠷᠢᠮᠲᠠᠯᠠᠬᠤ》ᠪᠣᠯ ᠱᠢᠰᠲ᠋ᠧᠮᠳᠤ ᠪᠦᠷᠢᠨ ᠪᠦᠲᠦᠨ᠂ ᠬᠠᠷᠢᠯᠴᠠᠨ ᠨᠡᠪᠲᠡᠷᠡᠯᠴᠡᠭ᠌ᠰᠡᠨ ᠨᠢᠭᠡᠳᠦᠮᠡᠯ ᠴᠣᠭ᠍ᠴᠠ ᠮᠥᠨ᠂ ᠲᠡᠷᠡ ᠨᠢ ᠨᠠᠮ ᠪᠠ ᠠᠷᠠᠳ ᠲᠦᠮᠡᠨ᠎ᠦ ᠦᠢᠯᠡᠰ᠎ᠦᠨ ᠲᠠᠰᠤᠷᠠᠯᠳᠠ ᠦᠭᠡᠢ ᠠᠮᠵᠢᠯᠲᠠ ᠤᠯᠬᠤ᠎ᠶ᠋ᠢᠨ ᠦᠨᠳᠦᠰᠦᠨ ᠪᠠᠲᠤᠯᠠᠭ᠎ᠠ᠎ᠶ᠋ᠢ ᠭᠦᠨᠵᠡᠭᠡᠢ ᠢᠯᠡᠷᠡᠭᠦᠯᠵᠦ᠍᠂ ᠨᠠᠮ᠎ᠤᠨ ᠢᠮᠠᠭ᠍ᠲᠠ ᠢᠯᠠᠭ᠍ᠳᠠᠰᠢ ᠦᠭᠡᠢ ᠪᠠᠢᠷᠢᠨ᠎ᠳᠤ ᠪᠠᠢᠳᠠᠭ ᠬᠦᠴᠦᠨ ᠴᠢᠳᠠᠯ᠎ᠤᠨ ᠡᠬᠢ ᠪᠤᠯᠠᠭ᠎ᠢ ᠢᠯᠡᠷᠡᠭᠦᠯᠵᠦ᠍᠂ ᠨᠠᠮ᠎ᠤᠨ ᠢᠮᠠᠭ᠍ᠲᠠ ᠲᠡᠦᠬᠡ᠎ᠶ᠋ᠢᠨ ᠰᠠᠨᠠᠭᠠᠴᠢᠯᠠᠭᠠᠲᠤ ᠪᠠᠢᠷᠢ᠎ᠶ᠋ᠢ ᠡᠵᠡᠮᠱᠢᠭ᠌ᠰᠡᠨ ᠦᠨᠳᠦᠰᠦᠨ ᠱᠢᠯᠲᠠᠭᠠᠨ᠎ᠢ ᠢᠯᠡᠷᠡᠭᠦᠯᠵᠦ᠍᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢᠶᠠᠨ ᠡᠭᠦᠷᠢᠳᠡ ᠬᠠᠳᠠᠭᠠᠯᠠᠵᠤ᠂ ᠢᠮᠠᠭ᠍ᠲᠠ ᠴᠠᠭ ᠦᠶ᠎ᠡ ᠶ᠋ᠢᠨ ᠡᠮᠦᠨ᠎ᠡ ᠡᠩᠨᠡᠭᠡᠨ᠎ᠳᠦ ᠶᠠᠪᠤᠬᠤ ᠦᠨᠳᠦᠰᠦᠨ ᠠᠷᠭ᠎ᠠ ᠵᠠᠮ᠎ᠢ ᠢᠯᠡᠷᠡᠭᠦᠯᠵᠦ᠍ ᠂ ᠡᠪ ᠬᠠᠮᠲᠤ ᠨᠠᠮ᠎ᠤᠨ ᠲᠦᠷᠦ᠍ ᠪᠠᠷᠢᠬᠤ ᠵᠢᠮ᠎ᠡ ᠶᠣᠰᠣ᠂ ᠨᠡᠢᠭᠡᠮ ᠵᠢᠷᠤᠮ᠎ᠤᠨ ᠪᠦᠳᠦᠭᠡᠨ ᠪᠠᠢᠭᠤᠯᠤᠯᠲᠠ᠎ᠶ᠋ᠢᠨ ᠵᠢᠮ᠎ᠡ ᠶᠣᠰᠣ᠂ ᠬᠥᠮᠦᠨ ᠲᠥᠷᠥᠯᠬᠢᠲᠡᠨ᠎ᠦ ᠨᠡᠢᠭᠡᠮ᠎ᠦᠨ ᠬᠥᠭ᠌ᠵᠢᠯᠲᠡ᠎ᠶ᠋ᠢᠨ ᠵᠢᠮ᠎ᠡ ᠶᠣᠰᠣᠨ᠎ᠤ ᠲᠤᠬᠠᠢ ᠲᠠᠨᠢᠯᠲᠠ᠎ᠶ᠋ᠢ ᠤᠯᠠᠮ ᠴᠢᠨᠠᠬᠰᠢᠳᠠ ᠭᠦᠨᠵᠡᠭᠡᠢᠷᠡᠭᠦᠯᠪᠡ᠃ ᠣᠷᠳᠣ ᠬᠤᠭᠤᠴᠠᠭᠠᠨ᠎ᠤ ᠦᠶ᠋ᠯᠡᠳᠦᠯᠭᠡ᠎ᠪᠡᠷ ᠳᠡᠮᠵᠢᠨ ᠬᠤᠷᠠᠮᠳᠤᠭᠤᠯᠤᠭ᠍ᠰᠠᠨ ᠡᠲᠡᠭᠡᠷ ᠡᠷᠬᠢᠮ ᠨᠠᠨᠳᠢᠨ ᠲᠤᠷᠱᠢᠯᠭ᠎ᠠ ᠨᠢ 《ᠥᠩᠭᠡᠷᠡᠭ᠌ᠰᠡᠨ᠎ᠳᠦ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭ᠍ᠰᠠᠨ》 ᠳᠤᠬᠠᠢ ᠭᠦᠨ ᠭᠦᠨᠵᠡᠭᠡᠶ ᠳ᠋ᠦᠩᠨᠡᠯᠲᠡ ᠪᠣᠯᠬᠤ᠎ᠪᠠᠷ ᠪᠠᠷᠠᠬᠤ ᠥᠬᠡᠶ᠂ ᠨᠠᠩ ᠴᠤ᠌《ᠢᠷᠡᠭᠡᠳᠦᠶ᠎ᠳᠦ ᠪᠢᠳᠡ ᠶᠠᠭᠠᠬᠢᠪᠠᠯ ᠰᠠᠶᠢ ᠦᠷᠭᠦᠯᠵᠢᠯᠡᠨ ᠠᠮᠵᠢᠯᠲᠠ ᠣᠯᠵᠤ ᠴᠢᠳᠠᠬᠤ》ᠳᠤᠬᠠᠢ ᠠᠵᠢᠯᠯᠠᠭᠠᠨ᠎ᠤ ᠵᠦᠭ᠌ᠯᠡᠭᠦᠷ ᠪᠠᠢᠵᠤ᠂ ᠪᠢᠳᠡᠨ᠎ᠦ ᠨᠠᠩ ᠴᠣᠭ ᠪᠠᠳᠠᠷᠠᠩᠭᠤᠶ ᠳᠦᠷᠰᠦ ᠪᠠᠢᠳᠠᠯ᠎ᠢᠶᠠᠷ ᠱᠢᠨ᠎ᠡ ᠠᠶᠠᠨ᠎ᠳᠤ ᠮᠣᠷᠳᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠶ᠋ᠢ ᠵᠣᠷᠢᠭ᠍ᠵᠢᠭᠤᠯᠵᠤ ᠪᠠᠢᠨ᠎ᠠ᠃

ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠨᠠᠮ᠎ᠳᠤ ᠪᠤᠢ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠦᠨᠳᠦᠰᠦᠨ ᠤᠯᠤᠰ ᠲᠦᠷᠦ᠍᠎ᠶ᠋ᠢᠨ ᠪᠠᠲᠤᠯᠠᠭ᠎ᠠ ᠮᠥᠨ ᠭᠡᠳᠡᠭ᠎ᠢ ᠲᠡᠦᠬᠡ ᠪᠠ ᠪᠤᠳᠠᠳᠤ ᠠᠬᠤᠢ ᠬᠦᠢᠴᠡᠳ ᠬᠡᠷᠡᠴᠢᠯᠡᠭᠰᠡᠨ ᠪᠠᠢᠨ᠎ᠠ᠂ ᠡᠷᠬᠡᠪᠰᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠭᠤᠢᠪᠢᠰᠢ ᠦᠭᠡᠢ ᠪᠠᠷᠢᠮᠲᠠᠯᠠᠵᠤ᠂ ᠨᠠᠮ᠎ᠤᠨ ᠭᠣᠣᠯᠯᠠᠭ᠍ᠴᠢ ᠪᠠ ᠨᠠᠮ᠎ᠤᠨ ᠲᠥᠪ ᠬᠣᠷᠢᠶᠠᠨ᠎ᠤ ᠡᠷᠬᠡ ᠰᠦᠷ᠎ᠢ ᠡᠷᠡᠰ ᠬᠠᠮᠠᠭᠠᠯᠠᠬᠤ ᠬᠡᠷᠡᠭ᠌ᠲᠡᠢ; ᠳᠦᠷᠦ ᠵᠠᠰᠠᠭ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠳᠦᠷᠦ ᠵᠠᠰᠠᠭ ᠮᠥᠨ᠂ ᠠᠷᠠᠳ ᠤᠯᠠᠨ ᠪᠣᠯ ᠲᠡᠦᠬᠡ᠎ᠶ᠋ᠢ ᠡᠭᠦᠳᠦᠨ ᠪᠦᠲᠦᠭᠡᠭ᠌ᠴᠢ ᠮᠥᠨ᠂ ᠮᠠᠨ᠎ᠤ ᠨᠠᠮ ᠪᠠᠢᠭᠤᠯᠬᠤ᠎ᠶ᠋ᠢᠨ ᠦᠨᠳᠦᠰᠦ᠂ ᠲᠦᠷᠦ᠍ ᠪᠠᠷᠢᠬᠤ᠎ᠶ᠋ᠢᠨ ᠰᠠᠭᠤᠷᠢ᠂ ᠬᠦᠴᠦᠨ ᠴᠢᠳᠠᠯ᠎ᠤᠨ ᠡᠬᠢ ᠰᠤᠷᠪᠤᠯᠵᠢ ᠮᠥᠨ; ᠮᠠᠷᠺᠰ᠎ᠤᠨ ᠦᠵᠡᠯ᠎ᠦᠨ ᠤᠨᠤᠯ ᠪᠣᠯ ᠨᠣᠮᠯᠠᠯ ᠪᠢᠰᠢ ᠬᠠᠷᠢᠨ ᠠᠵᠢᠯᠯᠠᠭᠠᠨ᠎ᠤ ᠵᠦᠭ᠌ᠯᠡᠭᠦᠷ ᠮᠥᠨ᠂ ᠡᠷᠬᠡᠪᠰᠢ ᠦᠢᠯᠡᠳᠦᠯᠭᠡ᠎ᠶ᠋ᠢᠨ ᠬᠥᠭ᠌ᠵᠢᠯᠲᠡ᠎ᠶ᠋ᠢ ᠳᠠᠭᠠᠯᠳᠤᠨ ᠬᠥᠭ᠌ᠵᠢᠵᠦ᠍᠂ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠪᠠᠯ ᠰᠠᠶᠢ ᠳᠤᠮᠳᠠᠳᠤ ᠤᠯᠤᠰ᠎ᠤᠨ ᠡᠬᠡ ᠭᠠᠵᠠᠷ᠎ᠲᠤ ᠦᠨᠳᠦᠰᠦ ᠬᠠᠳᠭᠤᠵᠤ᠂ ᠠᠮᠢᠵᠢᠷᠠᠯ᠎ᠤᠨ ᠬᠦᠴᠦᠨ᠎ᠢᠶᠡᠨ ᠪᠠᠳᠠᠷᠠᠭᠤᠯᠵᠤ ᠴᠢᠳᠠᠨ᠎ᠠ; ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠦ ᠤᠶᠤᠨ ᠰᠠᠨᠠᠭᠠᠨ᠎ᠤ ᠰᠦᠭ ᠰᠦᠨᠡᠰᠦ ᠮᠥᠨ᠂ ᠮᠠᠨ᠎ᠤ ᠨᠠᠮ᠎ᠢᠶᠠᠨ ᠪᠠᠢᠭᠤᠯᠵᠤ ᠤᠯᠤᠰ᠎ᠢᠶᠠᠨ ᠲᠣᠭ᠍ᠲᠠᠨᠢᠭᠤᠯᠬᠤ᠎ᠶ᠋ᠢᠨ ᠴᠢᠬᠤᠯᠠ ᠵᠠᠷᠴᠢᠮ ᠮᠥᠨ᠂ ᠥᠪᠡᠷ᠎ᠦᠨ ᠵᠠᠮ᠎ᠢᠶᠠᠷ᠎ᠢᠶᠠᠨ ᠵᠠᠮᠨᠠᠬᠤ ᠪᠣᠯ ᠨᠠᠮ᠎ᠤᠨ ᠵᠠᠭᠤᠨ ᠵᠢᠯ ᠲᠡᠮᠡᠴᠡᠵᠦ᠍ ᠪᠠᠢᠭᠠᠳ ᠣᠯᠤᠭ᠍ᠰᠠᠨ ᠲᠡᠦᠬᠡᠨ ᠳ᠋ᠦᠩᠨᠡᠯᠲᠡ ᠮᠥᠨ; ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠵᠠᠮ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠮᠲᠤ ᠵᠢᠨ ᠲᠡᠮᠡᠴᠡᠯ᠎ᠢᠶᠡᠷ ᠡᠬᠦᠳᠦᠨ ᠨᠡᠬᠡᠬᠡᠭᠰᠡᠨ᠂ ᠳᠤᠮᠳᠠᠳᠤ᠎ᠶ᠋ᠢᠨ ᠡᠬᠡ ᠭᠠᠵᠠᠷ᠎ᠲᠤ ᠦᠨᠳᠦᠰᠦᠯᠡᠭ᠌ᠰᠡᠨ᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠠᠮᠤᠷ ᠠᠮᠤᠭᠤᠯᠠᠩ᠎ᠢ ᠠᠪᠴᠢᠷᠠᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠴᠤᠷ᠎ᠤᠨ ᠭᠠᠭ᠍ᠴᠠ ᠵᠥᠪ ᠵᠠᠮ ᠮᠥᠨ; ᠨᠠᠮ ᠢᠮᠠᠭ᠍ᠲᠠ ᠳᠡᠯᠡᠬᠡᠢ᠎ᠶ᠋ᠢᠨ ᠬᠠᠷᠠᠴᠠ᠎ᠪᠠᠷ ᠬᠥᠮᠦᠨ ᠲᠥᠷᠥᠯᠬᠢᠲᠡᠨ᠎ᠦ ᠢᠷᠡᠭᠡᠳᠦᠢ ᠵᠢᠨ ᠬᠤᠪᠢ ᠵᠠᠶᠠᠭ᠎ᠠ ᠎ᠶ᠋ᠢ ᠠᠩᠬᠠᠷᠴᠤ᠌᠂ ᠭᠠᠳᠠᠭᠠᠳᠤ ᠯᠤᠭ᠎ᠠ ᠎ᠶ᠋ᠢᠨ ᠬᠠᠷᠢᠯᠴᠠᠭ᠎ᠠ ᠎ᠶ᠋ᠢ ᠵᠥᠪ ᠎ᠢᠶᠡᠷ ᠲᠠᠨᠢᠨ ᠱᠢᠢᠳᠪᠦᠷᠢᠯᠡᠵᠦ᠍ ᠂ ᠡᠷᠡᠰ ᠭᠤᠢᠪᠢᠰᠢ ᠦᠭᠡᠢ᠎ᠪᠡᠷ ᠲᠡᠦᠬᠡ᠎ᠶ᠋ᠢᠨ ᠵᠥᠪ ᠲᠠᠯ᠎ᠠ᠎ᠳᠤ ᠵᠣᠭ᠍ᠰᠣᠵᠤ᠂ ᠬᠥᠮᠦᠨ ᠲᠥᠷᠥᠯᠬᠢᠲᠡᠨ᠎ᠦ ᠳᠠᠪᠱᠢᠯᠲᠠ᠎ᠶ᠋ᠢᠨ ᠲᠠᠯ᠎ᠠ᠎ᠳᠤ ᠵᠣᠭ᠍ᠰᠣᠪᠠ; ᠨᠠᠮ ᠡᠴᠡ ᠠᠷᠠᠳ ᠲᠦᠮᠡᠨ᠎ᠢ ᠤᠳᠤᠷᠢᠳᠤᠨ ᠤᠨᠤᠯ᠎ᠤᠨ ᠱᠢᠨ᠎ᠡ ᠵᠢ ᠡᠬᠦᠳᠬᠦ᠂ ᠦᠢᠯᠡᠳᠦᠯᠭᠡ᠎ᠶ᠋ᠢᠨ ᠱᠢᠨ᠎ᠡ ᠵᠢ ᠡᠬᠦᠳᠬᠦ᠂ ᠲᠦᠷᠢᠮ᠎ᠦᠨ ᠱᠢᠨ᠎ᠡ ᠵᠢ ᠡᠬᠦᠳᠬᠦ᠂ ᠰᠣᠶᠣᠯ᠎ᠤᠨ ᠱᠢᠨ᠎ᠡ ᠵᠢ ᠡᠬᠦᠳᠬᠦ ᠵᠢᠴᠢ ᠪᠤᠰᠤᠳ ᠡᠯ᠎ᠡ ᠲᠠᠯ᠎ᠠ᠎ᠶ᠋ᠢᠨ ᠱᠢᠨ᠎ᠡ ᠵᠢ ᠡᠬᠦᠳᠬᠦ᠎ᠶ᠋ᠢ ᠲᠠᠰᠤᠷᠠᠯᠳᠠ ᠦᠭᠡᠢ ᠠᠬᠢᠭᠤᠯᠵᠤ᠂ ᠤᠷᠢᠳᠤᠬᠢ ᠬᠥᠮᠦᠰ᠎ᠦᠨ ᠶᠠᠪᠤᠵᠤ ᠦᠵᠡᠭᠡ ᠦᠭᠡᠢ ᠵᠠᠮ᠎ᠢᠶᠠᠷ ᠵᠠᠮᠨᠠᠵᠤ ᠂ ᠢᠮᠠᠭ᠍ᠲᠠ ᠴᠠᠭ ᠦᠶ᠎ᠡ᠎ᠶ᠋ᠢᠨ ᠤᠷᠤᠰᠭᠠᠯ᠎ᠤᠨ ᠡᠮᠦᠨ᠎ᠡ ᠵᠣᠭ᠍ᠰᠣᠵᠤ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢ ᠲᠠᠰᠤᠷᠠᠯᠳᠠ ᠦᠭᠡᠢ ᠬᠦᠳᠤᠯᠤᠨ ᠳᠠᠭᠠᠭᠤᠯᠪᠠ; ᠵᠣᠷᠢᠭ᠍ᠲᠠᠢ ᠪᠡᠷ ᠲᠡᠮᠡᠴᠡᠬᠦ᠌ ᠪᠣᠯ ᠮᠠᠨ᠎ᠤ ᠨᠠᠮ᠎ᠤᠨ ᠢᠯᠡ ᠲᠣᠳᠣ ᠵᠠᠩ ᠰᠤᠷᠲᠠᠯ ᠮᠥᠨ᠂ ᠮᠠᠨ᠎ᠤ ᠨᠠᠮ ᠲᠡᠮᠡᠴᠡᠯ᠎ᠳᠦ ᠲᠦᠱᠢᠭ᠌ᠯᠡᠨ ᠥᠨᠥᠳᠦᠷ᠎ᠲᠦ ᠬᠦᠷᠴᠦ᠍ ᠢᠷᠡᠭ᠌ᠰᠡᠨ ᠪᠥᠭᠡᠳ ᠪᠠᠰᠠ ᠲᠡᠮᠡᠴᠡᠯ᠎ᠳᠦ ᠲᠦᠱᠢᠭ᠌ᠯᠡᠨ ᠢᠷᠡᠭᠡᠳᠦᠢ᠎ᠶ᠋ᠢ ᠲᠡᠮᠡᠴᠡᠨ ᠤᠯᠬᠤ ᠨᠢ ᠵᠠᠢᠯᠠᠰᠢ ᠦᠭᠡᠢ ᠶᠤᠮ; ᠪᠦᠯᠬᠦᠮᠳᠡᠯ ᠪᠣᠯ ᠳᠠᠷᠤᠢ ᠬᠦᠴᠦᠨ ᠮᠥᠨ᠂ ᠬᠠᠮᠤᠭ᠎ᠤᠨ ᠥᠷᠭᠡᠨ ᠳᠡᠯᠭᠡᠷ ᠨᠢᠭᠡᠳᠦᠮᠡᠯ ᠹᠷᠣᠨᠲ᠎ᠢ ᠪᠠᠢᠭᠤᠯᠬᠤ ᠪᠣᠯ ᠨᠠᠮ᠎ᠤᠨ ᠳᠠᠢᠰᠤᠨ᠎ᠢ ᠳᠠᠷᠤᠵᠤ ᠢᠯᠠᠯᠲᠠ ᠤᠯᠬᠤ᠎ᠶ᠋ᠢᠨ ᠴᠢᠬᠤᠯᠠ ᠡᠷᠳᠡᠨᠢ ᠮᠥᠨ᠂ ᠪᠠᠰᠠ ᠴᠤ᠌ ᠨᠠᠮ᠎ᠤᠨ ᠲᠦᠷᠦ᠍ ᠪᠠᠷᠢᠵᠤ ᠤᠯᠤᠰ᠎ᠢᠶᠠᠨ ᠮᠠᠨᠳᠤᠭᠤᠯᠬᠤ᠎ᠶ᠋ᠢᠨ ᠴᠢᠬᠤᠯᠠ ᠡᠷᠳᠡᠨᠢ ᠮᠥᠨ; ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠪᠣᠯ ᠮᠠᠨ᠎ᠤ ᠨᠠᠮ᠎ᠤᠨ ᠬᠠᠮᠤᠭ᠎ᠤᠨ ᠢᠯᠡ ᠲᠣᠳᠣ ᠵᠠᠩ ᠰᠤᠷᠲᠠᠯ ᠪᠠ ᠬᠠᠮᠤᠭ᠎ᠤᠨ ᠶᠡᠬᠡ ᠳᠠᠪᠠᠭᠤᠯᠢᠭ ᠮᠥᠨ᠂ ᠪᠠᠰᠠ ᠴᠤ᠌ ᠮᠠᠨ᠎ᠤ ᠨᠠᠮ᠎ᠤᠨ ᠡᠭᠦᠷᠢᠳᠡ ᠤᠷᠢ ᠵᠠᠯᠠᠭᠤ ᠵᠢᠨ ᠠᠮᠢᠵᠢᠷᠠᠯ᠎ᠤᠨ ᠬᠦᠴᠦᠨ ᠎ᠢᠶᠡᠨ ᠪᠠᠲᠤᠯᠠᠬᠤ᠎ᠶ᠋ᠢᠨ ᠨᠢᠭᠤᠴᠠ ᠮᠥᠨ᠃ ᠡᠳᠡᠭᠡᠷ ᠲᠡᠦᠬᠡᠨ ᠲᠤᠷᠱᠢᠯᠭ᠎ᠠ᠎ᠪᠣᠯ᠎ᠲᠡᠦᠬᠡ᠎ᠶ᠋ᠢᠨ᠎ᠬᠥᠭ᠌ᠵᠢᠯᠲᠡ᠎ᠶ᠋ᠢᠨ᠎ᠦᠷ᠎ᠡ ᠳ᠋ᠦᠩ᠂ ᠲᠡᠦᠬᠡ᠎ᠶ᠋ᠢᠨ ᠦᠢᠯᠡᠳᠦᠯᠭᠡ᠎ᠶ᠋ᠢᠨ ᠦᠷ᠎ᠡ ᠪᠦᠲᠦᠭᠡᠯ᠂ ᠲᠡᠦᠬᠡ᠎ᠶ᠋ᠢᠨ ᠲᠡᠮᠡᠴᠡᠯ᠎ᠦᠨ ᠦᠷ᠎ᠡ ᠵᠢᠮᠢᠰ ᠮᠥᠨ᠂ ᠲᠡᠦᠬᠡ᠎ᠶ᠋ᠢᠨ ᠵᠢᠮ᠎ᠡ ᠶᠣᠰᠣ ᠎ᠶ᠋ᠢ ᠢᠯᠡᠷᠡᠭᠦᠯᠦᠭ᠌ᠰᠡᠨ ᠶᠠᠪᠤᠳᠠᠯ ᠮᠥᠨ᠂ ᠲᠡᠦᠬᠡ ᠎ᠶ᠋ᠢᠨ ᠎ᠰᠠᠨᠠᠭᠠᠴᠢᠯᠠᠭᠠᠲᠤ ᠎ᠡᠷᠬᠡ ᠎ᠶ᠋ᠢ ᠡᠵᠡᠮᠱᠢᠬᠦ᠌᠎ᠶ᠋ᠢᠨ ᠵᠠᠢᠯᠠᠰᠢ ᠦᠭᠡᠢ ᠶᠠᠪᠤᠳᠠᠯ ᠮᠥᠨ᠃

《ᠠᠷᠪᠠ᠎ᠶ᠋ᠢ ᠪᠠᠷᠢᠮᠲᠠᠯᠠᠬᠤ》 ᠪᠣᠯ ᠨᠠᠮ ᠪᠣᠯᠤᠨ ᠠᠷᠠᠳ ᠲᠦᠮᠡᠨ᠎ᠦ ᠬᠠᠮᠲᠤ᠎ᠪᠠᠷ ᠡᠭᠦᠳᠦᠨ ᠪᠦᠲᠦᠭᠡᠭ᠌ᠰᠡᠨ ᠣᠶᠤᠨ ᠰᠠᠨᠠᠭᠠᠨ᠎ᠤ ᠦᠪ ᠮᠥᠨ᠂ ᠨᠠᠩ ᠴᠤ᠌ ᠮᠠᠨ᠎ᠤ ᠨᠠᠮ᠎ᠤᠨ ᠳᠤᠮᠳᠠᠳᠤ ᠤᠯᠤᠰ᠎ᠤᠨ ᠢᠷᠡᠭᠡᠳᠦᠶ᠎ᠶ᠋ᠢ ᠬᠥᠲᠥᠯᠥᠨ ᠳᠠᠭᠠᠭᠤᠯᠬᠤ ᠱᠢᠨᠵᠢᠯᠡᠬᠦ᠌ ᠤᠬᠠᠭᠠᠨᠴᠢ ᠵᠢᠯᠣᠭᠣᠳᠣᠮᠵᠢ ᠮᠥᠨ᠂ ᠡᠷᠬᠡᠪᠰᠢ ᠬᠤᠪᠢ ᠳᠠᠬᠢᠨ ᠨᠠᠨᠳᠢᠩᠨᠠᠵᠤ ᠂ ᠣᠷᠳᠣ ᠬᠤᠭᠤᠴᠠᠭ᠎ᠠ᠎ᠪᠠᠷ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠦᠶ᠋ᠯᠡᠳᠦᠯᠭᠡ ᠎ᠶ᠋ᠢᠨ ᠶᠠᠪᠤᠴᠠ ᠳ᠋ᠤ ᠲᠠᠰᠤᠷᠠᠯᠲᠠ ᠥᠬᠡᠶ ᠪᠠᠶᠠᠯᠢᠭ᠍ᠵᠢᠭᠤᠯᠤᠨ ᠬᠥᠭ᠌ᠵᠢᠭᠦᠯᠬᠦ᠌ ᠬᠡᠷᠡᠭ᠌ᠲᠡᠶ᠃ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠎ᠳᠤ᠂ ᠨᠠᠮ᠎ᠤᠨ ᠭᠣᠣᠯᠯᠠᠭ᠍ᠴᠢ ᠪᠣᠯᠤᠨ ᠨᠠᠮ᠎ᠤᠨ ᠲᠥᠪ ᠬᠣᠷᠢᠶᠠᠨ᠎ᠤ ᠡᠷᠬᠡ ᠰᠦᠷ᠎ᠢ ᠡᠷᠡᠰ ᠬᠠᠮᠠᠭᠠᠯᠠᠵᠤ᠂ ᠨᠠᠮ᠎ᠤᠨ ᠤᠳᠤᠷᠢᠳᠤᠯᠭ᠎ᠠ᠎ᠶ᠋ᠢᠨ ᠤᠯᠤᠰ ᠲᠦᠷᠦ᠍᠎ᠶ᠋ᠢᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠨᠠᠮ᠎ᠤᠨ ᠤᠳᠤᠷᠢᠳᠤᠯᠭ᠎ᠠ᠎ᠶ᠋ᠢ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠣᠭ᠍ᠴᠣᠭ᠎ᠠ᠎ᠳᠤ ᠨᠠᠢᠳᠠᠪᠤᠷᠢᠵᠢᠭᠤᠯᠵᠤ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠪᠦᠯᠬᠦᠮᠳᠡᠨ ᠨᠢᠭᠡᠳᠴᠦ᠍ ᠤᠷᠤᠭ᠍ᠰᠢᠯᠠᠬᠤ᠎ᠶ᠋ᠢ ᠪᠠᠲᠤᠯᠠᠬᠤ ᠬᠡᠷᠡᠭ᠌ᠲᠡᠢ; ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠬᠤ᠎ᠳᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠲᠥᠯᠥᠭᠡ ᠬᠥᠭ᠌ᠵᠢᠭᠦᠯᠬᠦ᠌᠂ ᠬᠥᠭ᠌ᠵᠢᠭᠦ ᠳ᠋ᠤ ᠠᠷᠠᠳ ᠲᠦᠮᠡᠨ᠎ᠢ ᠲᠦᠱᠢᠭ᠌ᠯᠡᠬᠦ᠌᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ᠌᠎ᠶ᠋ᠢ ᠪᠠᠷᠢᠮᠲᠠᠯᠠᠵᠤ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠡᠶᠡᠵᠢᠬᠤ ᠵᠠᠮ᠎ᠢᠶᠠᠷ ᠡᠷᠡᠰ ᠭᠤᠢᠪᠢᠰᠢ ᠦᠭᠡᠢ᠎ᠵᠠᠮᠨᠠᠵᠤ᠂᠎ᠠᠷᠠᠳ ᠲᠦᠮᠡᠨ᠎ᠢ ᠳᠠᠭᠠᠭᠤᠯᠤᠨ ᠰᠠᠢ᠌ᠨ ᠰᠠᠢᠬᠠᠨ ᠠᠮᠢᠳᠤᠷᠠᠯ᠎ᠢ ᠲᠠᠰᠤᠷᠠᠯᠳᠠ ᠦᠭᠡᠢ ᠴᠣᠭ᠍ᠴᠠᠯᠠᠬᠤ ᠬᠡᠷᠡᠭ᠌ᠲᠡᠢ; ᠤᠨᠤᠯ᠎ᠤᠨ ᠱᠢᠨ᠎ᠡ ᠵᠢ ᠡᠭᠦᠳᠬᠦ᠎ᠶ᠋ᠢ ᠪᠠᠷᠢᠮᠲᠠᠯᠠᠬᠤ᠎ᠳᠤ᠂ ᠵᠣᠷᠢᠭ᠍ᠲᠠᠢ᠎ᠪᠠᠷ ᠱᠢᠨ᠎ᠡ ᠦᠢᠯᠡᠳᠦᠯᠭᠡ᠎ᠲᠡᠶ ᠤᠶᠠᠯᠳᠤᠭᠤᠯᠤᠨ ᠤᠨᠤᠯ᠎ᠤᠨ ᠱᠢᠨ᠎ᠡ ᠵᠢ ᠡᠬᠦᠳᠬᠦ᠎ᠶ᠋ᠢ ᠲᠠᠰᠤᠷᠠᠯᠳᠡ ᠦᠭᠡᠢ ᠠᠬᠢᠭᠤᠯᠵᠤ᠂ ᠱᠢᠨ᠎ᠡ ᠤᠨᠤᠯ᠎ᠢᠶᠠᠷ ᠱᠢᠨ᠎ᠡ ᠦᠢᠯᠡᠳᠦᠯᠭᠡ᠎ᠶ᠋ᠢ ᠵᠢᠯᠤᠭᠤᠳᠤᠭᠤᠯᠬᠤ᠎ᠳᠠᠭᠠᠨ ᠴᠢᠳᠠᠮᠠᠭᠠᠢ ᠪᠠᠢᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌᠎ᠶ᠋ᠢ ᠲᠠᠰᠤᠷᠠᠯᠳᠡ ᠦᠭᠡᠢ ᠠᠬᠢᠭᠤᠯᠵᠤ᠂ ᠮᠠᠷᠺᠰ᠎ᠤᠨ ᠦᠵᠡᠯ᠎ᠢ ᠳᠤᠮᠳᠠᠳᠤ ᠤᠯᠤᠰ᠎ᠤᠨ ᠡᠬᠡ ᠭᠠᠵᠠᠷ᠎ᠲᠤ ᠨᠡᠩ ᠬᠦᠴᠦᠷᠬᠡᠭ ᠶᠡᠬᠡ᠂ ᠨᠡᠩ ᠢᠲᠡᠭᠡᠭᠦᠯᠬᠦ᠌ ᠬᠦᠴᠦᠨ᠎ᠲᠡᠶ ᠦᠨᠡᠨ ᠶᠣᠰᠣᠨ᠎ᠤ ᠬᠦᠴᠦᠨ᠎ᠢ ᠢᠯᠡᠷᠡᠭᠦᠯᠬᠦ᠌ ᠬᠡᠷᠡᠭ᠌ᠲᠡᠢ; ᠪᠡᠶ᠎ᠡ᠎ᠪᠡᠨ ᠳᠠᠭᠠᠭᠠᠵᠤ ᠡᠵᠡᠨ ᠮᠡᠳᠡᠬᠦ᠌᠎ᠶ᠋ᠢ ᠪᠠᠷᠢᠮᠲᠠᠯᠠᠬᠤ᠎ᠳᠤ᠂ ᠰᠠᠭ᠍ᠰᠠᠭᠤᠷᠠᠬᠤ ᠦᠭᠡᠢ ᠪᠠᠰᠠ ᠪᠡᠶ᠎ᠡ᠎ᠪᠡᠨ ᠭᠣᠯᠣᠬᠤ ᠦᠭᠡᠢ ᠪᠠᠢᠵᠤ᠂ ᠭᠠᠳᠠᠭᠠᠳᠤ᠎ᠶ᠋ᠢᠨ ᠠᠱᠢᠭ᠍ᠲᠠᠢ ᠲᠤᠷᠱᠢᠯᠭ᠎ᠠ᠎ᠶ᠋ᠢ ᠳᠠᠷᠤᠤ ᠬᠢᠴᠢᠶᠡᠩᠭᠦᠢ᠎ᠪᠡᠷ ᠰᠤᠷᠤᠯᠴᠠᠨ ᠲᠤᠯᠢ ᠪᠣᠯᠭᠠᠬᠤ ᠮᠥᠷᠲᠡᠭᠡᠨ ᠪᠠᠰᠠ ᠦᠨᠳᠦᠰᠦᠲᠡᠨ᠎ᠦ ᠥᠪᠡᠷ᠎ᠢ᠎ᠪᠡᠨ ᠬᠦᠨᠳᠦᠳᠭᠡᠬᠦ᠌ ᠰᠡᠳᠭᠢᠯᠭᠡ ᠪᠠ ᠢᠲᠡᠭᠡᠯ ᠵᠣᠷᠢᠭ᠎ᠢᠶᠠᠨ ᠪᠠᠲᠤᠳᠭᠠᠵᠤ ᠂ ᠳᠤᠮᠳᠠᠳᠤ ᠤᠯᠤᠰ᠎ᠤᠨ ᠬᠥᠭ᠌ᠵᠢᠯᠲᠡ ᠲᠠᠪᠱᠢᠯᠳᠠ᠎ᠶ᠋ᠢᠨ ᠬᠤᠪᠢ ᠵᠠᠶᠠᠭ᠎ᠠ᠎ᠶ᠋ᠢ ᠢᠮᠠᠭ᠍ᠲᠠ ᠥᠪᠡᠷ᠎ᠦᠨ ᠭᠠᠷ᠎ᠲᠠᠭᠠᠨ ᠪᠠᠲᠤ ᠡᠵᠡᠮᠳᠡᠬᠦ᠌ ᠬᠡᠷᠡᠭ᠌ᠲᠡᠢ; ᠳᠤᠮᠳᠠᠳᠤ ᠤᠯᠤᠰ᠎ᠤᠨ ᠵᠠᠮ᠎ᠢ ᠪᠠᠷᠢᠮᠲᠠᠯᠠᠬᠤ᠎ᠳᠤ᠂ ᠡᠷᠴᠢ ᠵᠣᠷᠢᠭ᠎ᠢᠶᠠᠨ ᠬᠤᠪᠢᠷᠠᠭᠤᠯᠬᠤ ᠦᠭᠡᠢ᠂ ᠵᠠᠮ᠎ᠢᠶᠠᠨ ᠬᠤᠪᠢᠷᠠᠭᠤᠯᠬᠤ ᠦᠭᠡᠢ ᠪᠠᠢᠬᠤ ᠡᠷᠡᠰ ᠪᠠᠲᠤ ᠤᠪᠤᠷ ᠵᠢᠡᠷ᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠢᠮᠠᠭ᠍ᠲᠠ ᠪᠠᠷᠢᠮᠲᠠᠯᠠᠨ ᠬᠥᠭ᠌ᠵᠢᠭᠦᠯᠵᠦ᠍᠂ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠵᠠᠮ᠎ᠢ ᠶᠠᠪᠤᠬᠤ ᠲᠤᠳᠤᠮ ᠥᠷᠭᠡᠨ ᠰᠠᠷᠠᠭᠤᠯ ᠪᠣᠯᠭᠠᠬᠤ ᠬᠡᠷᠡᠭ᠌ᠲᠡᠢ; ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭ᠍ᠲᠠᠭᠠᠬᠤ᠎ᠶ᠋ᠢ ᠪᠠᠷᠢᠮᠲᠠᠯᠠᠬᠤ᠎ᠳᠤ᠂ ᠡᠩᠬᠡ ᠲᠠᠢᠪᠤᠩ᠂ ᠬᠥᠭ᠌ᠵᠢᠯᠲᠡ᠂ ᠬᠠᠮᠲᠤᠷᠠᠯᠴᠠᠭ᠎ᠠ ᠂ ᠬᠠᠮᠲᠤ᠎ᠪᠠᠷ ᠠᠱᠢᠭ ᠬᠦᠷᠳᠡᠬᠦ᠌ ᠲᠤᠭ᠎ᠢ ᠥᠨᠳᠥᠷ᠎ᠮᠠᠨᠳᠤᠭᠤᠯᠵᠤ᠂᠎ᠪᠦᠬᠦ᠌᠎ᠬᠥᠮᠦᠨ᠎ᠲᠥᠷᠥᠯᠬᠢᠲᠡᠨ᠎ᠦ ᠬᠠᠮᠲᠤ᠎ᠶ᠋ᠢᠨ ᠦᠷᠳᠡᠭ᠎ᠢ ᠪᠠᠳᠠᠷᠠᠭᠤᠯᠵᠤ᠂ ᠬᠥᠮᠦᠨ᠎ᠲᠥᠷᠥᠯᠬᠢᠲᠡᠨ᠎ᠦ᠎ᠬᠤᠪᠢ᠎ᠵᠠᠶᠠᠭᠠᠨ᠎ᠤ᠎ᠬᠠᠮᠲᠤ᠎ᠶ᠋ᠢᠨ᠎ᠴᠣᠭ᠍ᠴᠠ᠎ᠶ᠋ᠢ ᠪᠠᠢᠭᠤᠯᠬᠤ᠎ᠶ᠋ᠢ᠎ᠠᠬᠢᠭᠤᠯᠬᠤ ᠬᠡᠷᠡᠭ᠌ᠲᠡᠢ;᠎ᠵᠠᠮ ᠨᠡᠭᠡᠭᠡᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠬᠤ᠎ᠳᠤ᠂ ᠴᠠᠭ᠎ᠦᠶ᠎ᠡ᠎ᠶ᠋ᠢᠨ ᠤᠷᠤᠰᠭᠠᠯ᠎ᠢ ᠲᠠᠭᠠᠵᠤ᠂ ᠠᠷᠠᠳ ᠲᠦᠮᠡᠨ᠎ᠦ ᠬᠦᠰᠡᠯ ᠡᠷᠡᠮᠡᠯᠵᠡᠯ᠎ᠳᠦ ᠬᠠᠷᠢᠭᠤᠯᠲᠠ ᠎ᠥᠭ᠌ᠴᠦ᠂ ᠥᠭᠡᠷᠡᠴᠢᠯᠡᠯᠲᠡ ᠨᠡᠭᠡᠭᠡᠯᠳᠠ ᠎ᠶ᠋ᠢ ᠎ᠲᠠᠰᠤᠷᠠᠯᠳᠠ ᠎ᠦᠭᠡᠢ ᠭᠦᠨᠵᠡᠭᠡᠢᠷᠡᠭᠦᠯᠵᠦ᠍᠂ ᠬᠤᠪᠢᠷᠠᠯᠲᠠ᠎ᠶ᠋ᠢ ᠣᠨᠣᠪᠴᠢᠲᠠᠢ ᠲᠠᠨᠢᠬᠤ᠂ ᠬᠤᠪᠢᠷᠠᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠷᠭᠠᠴᠠᠭᠠᠬᠤ᠂ ᠰᠠᠨᠠᠭᠠᠴᠢᠯᠠᠭ᠎ᠠ ᠡᠴᠡ᠎ᠪᠠᠨ ᠬᠤᠪᠢᠷᠠᠯᠲᠠ᠎ᠶ᠋ᠢ ᠡᠷᠢᠯᠬᠢᠯᠡᠬᠦ᠌ ᠳᠤᠮᠳᠠ ᠱᠢᠨ᠎ᠡ ᠪᠠᠢᠳᠠᠯ᠎ᠢ ᠡᠭᠦᠳᠴᠦ᠍᠂ ᠰᠠᠨᠠᠭᠠᠴᠢᠯᠠᠭᠠᠲᠤ ᠡᠷᠬᠡ᠎ᠶ᠋ᠢ ᠤᠯᠬᠤ ᠬᠡᠷᠡᠭ᠌ᠲᠡᠢ; ᠵᠣᠷᠢᠭ᠍ᠲᠠᠢ᠎ᠪᠡᠷ ᠲᠡᠮᠡᠴᠡᠬᠦ᠎ᠶ᠋ᠢ ᠪᠠᠷᠢᠮᠲᠠᠯᠠᠬᠤ᠎ᠳᠤ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠡᠮᠡᠴᠡᠯ᠎ᠦᠨ ᠴᠢᠳᠠᠪᠤᠷᠢ᠎ᠪᠠᠨ ᠴᠢᠩᠭᠠᠳᠭᠠᠵᠤ᠂ ᠮᠠᠰᠢ᠎ᠤᠯᠠᠨ᠎ᠱᠢᠨ᠎ᠡ᠎ᠲᠡᠦᠬᠡ᠎ᠶ᠋ᠢᠨ᠎ᠣᠨᠴᠠᠯᠢᠭ᠎ᠲᠠᠶ᠎ᠠᠭᠤᠤ ᠶᠡᠬᠡ ᠲᠡᠮᠡᠴᠡᠯ᠎ᠦᠨ ᠱᠢᠨ᠎ᠡ ᠢᠯᠠᠯᠲᠠ᠎ᠶ᠋ᠢ ᠲᠠᠰᠤᠷᠠᠯᠳᠠ ᠦᠭᠡᠢ ᠎ᠲᠡᠮᠡᠴᠡᠨ ᠎ᠤᠯᠬᠤ ᠬᠡᠷᠡᠭ᠌ᠲᠡᠢ; ᠨᠢᠭᠡᠳᠦᠮᠡᠯ ᠹᠷᠣᠨᠲ ᠎ᠢ ᠪᠠᠷᠢᠮᠲᠠᠯᠠᠬᠤ ᠎ᠳᠤ᠂ ᠦᠨᠳᠦᠰᠦᠲᠡᠨ᠎ᠨᠦᠭᠦᠳ᠎ᠦᠨ ᠶᠡᠬᠡ ᠪᠦᠯᠬᠦᠮᠳᠡᠯ᠂ ᠪᠦᠬᠦ᠌ ᠤᠯᠤᠰ᠎ᠤᠨ ᠠᠷᠠᠳ ᠲᠦᠮᠡᠨ᠎ᠦ ᠶᠡᠬᠡ ᠪᠦᠯᠬᠦᠮᠳᠡᠯ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠲᠠᠰᠤᠷᠠᠯᠲᠠ ᠦᠭᠡᠢ ᠪᠡᠬᠢᠵᠢᠭᠦᠯᠦᠨ ᠬᠥᠭ᠌ᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠤᠭ᠎ᠠ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ; ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠪᠠᠷᠢᠮᠲᠠᠯᠠᠬᠤ᠎ᠳᠤ᠂ ᠬᠢᠳᠤᠭᠠᠨ ᠢᠷ᠎ᠢ ᠳᠣᠲᠣᠭ᠍ᠰᠢ ᠪᠠᠨ ᠬᠠᠨᠳᠤᠭᠤᠯᠵᠤ ᠂ ᠶᠠᠰᠤ᠎ᠶ᠋ᠢ ᠬᠤᠰᠤᠨ ᠬᠣᠣᠷ᠎ᠢ ᠠᠷᠢᠯᠭᠠᠵᠤ᠂ ᠨᠠᠮ᠎ᠤᠨ ᠲᠡᠷᠢᠭᠦᠨ᠎ᠦ ᠴᠢᠨᠠᠷ ᠪᠣᠯᠤᠨ ᠴᠡᠪᠡᠷ ᠴᠢᠨᠠᠷ᠎ᠢ ᠬᠣᠬᠢᠷᠠᠭᠤᠯᠬᠤ ᠠᠯᠢᠪᠠ ᠬᠦᠴᠦᠨ ᠵᠦᠢᠯ᠎ᠢ ᠲᠠᠰᠤᠷᠠᠯᠳᠡ ᠦᠭᠡᠢ ᠠᠷᠢᠯᠭᠠᠵᠤ᠂ ᠨᠠᠮ᠎ᠤᠨ ᠡᠷᠡᠭᠦᠯ ᠴᠢᠭᠢᠷᠠᠭ ᠪᠡᠶ᠎ᠡ ᠴᠤᠬᠴᠠᠰ᠎ᠢ ᠬᠣᠬᠢᠷᠠᠭᠤᠯᠬᠤ ᠠᠯᠢᠪᠠ ᠸᠢᠷᠦ᠋ᠰ᠎ᠢ ᠲᠠᠰᠤᠷᠠᠯᠳᠡ ᠦᠭᠡᠢ ᠠᠷᠢᠯᠭᠠᠵᠤ᠂ ᠨᠠᠮ᠎ᠢ ᠨᠡᠩ ᠡᠷᠡᠰ ᠪᠠᠲᠤ ᠬᠦᠴᠦᠨ᠎ᠲᠡᠶ ᠪᠣᠯᠭᠠᠨ ᠳᠠᠪᠲᠠᠨ ᠪᠣᠯᠪᠠᠰᠤᠷᠠᠭᠤᠯᠵᠤ᠂ ᠨᠠᠮ᠎ᠢ ᠢᠮᠠᠭ᠍ᠲᠠ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠪᠣᠯᠭᠠᠬᠤ ᠬᠡᠷᠡᠭ᠌ᠲᠡᠢ᠃

ᠲᠡᠦᠬᠡ ᠢᠷᠡᠭᠡᠳᠦᠢ᠎ᠶ᠋ᠢ ᠭᠡᠢᠭᠦᠯᠵᠦ᠍᠂ ᠲᠡᠮᠡᠴᠡᠯ ᠡᠬᠦᠷᠢᠳᠡ ᠳᠠᠭᠤᠰᠤᠰᠢ ᠦᠭᠡᠢ᠃ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠡᠷᠬᠢᠮ ᠨᠠᠨᠳᠢᠨ ᠲᠡᠦᠬᠡᠨ ᠲᠤᠷᠱᠢᠯᠭ᠎ᠠ᠎ᠶ᠋ᠢ ᠪᠠᠷᠢᠮᠲᠠᠯᠠᠨ ᠪᠠᠳᠠᠷᠠᠭᠤᠯᠵᠤ᠂ ᠪᠦᠯᠬᠦᠮᠳᠡᠨ ᠨᠢᠭᠡᠳᠴᠦ᠍ ᠰᠡᠳᠭᠢᠯ ᠨᠢᠭᠡᠳᠦᠨ ᠠᠵᠢᠯᠯᠠᠵᠤ᠂ ᠰᠠᠯᠬᠢ ᠪᠣᠷᠣᠭᠠᠨ᠎ᠢ ᠰᠦᠷᠦᠨ ᠤᠷᠤᠭ᠍ᠰᠢᠯᠠᠪᠠᠯ᠂ ᠪᠢᠳᠠ ᠱᠢᠨ᠎ᠡ ᠠᠶᠠᠨ᠎ᠳᠠᠭᠠᠨ ᠲᠡᠦᠬᠡ᠎ᠶ᠋ᠢᠨ ᠰᠢᠨ᠎ᠠ ᠠᠭᠤᠤ ᠦᠢᠯᠡᠰ᠎ᠢ ᠡᠭᠦᠳᠦᠨ ᠪᠦᠲᠦᠭᠡᠵᠦ᠍ ᠴᠢᠳᠠᠬᠤ ᠨᠢ ᠯᠠᠪᠳᠠᠢ᠃(ᠱᠢᠨᠬᠤᠸᠠ ᠬᠣᠷᠢᠶᠠᠨ᠎ᠤ ᠪᠡᠭᠡᠵᠢᠩ᠎ᠦᠨ11ᠰᠠᠷ᠎ᠠ᠎ᠶ᠋ᠢᠨ16 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面