2021-11-24 10:06:00
ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯᠦᠨᠲᠢᠩᠬᠢᠮ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ ᠵᠢᠨᠬᠤᠷᠠᠯ ᠬᠤᠷᠠᠯᠳᠤᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠᠬᠤᠷᠠᠯ᠎ᠤᠨ ᠵᠣᠷᠢᠭ ᠰᠠᠨᠠᠭ᠎ᠠ᠎ᠶ᠋ᠢ ᠲᠤᠰᠭᠠᠢ ᠰᠡᠳᠦᠪ᠎ᠢᠶᠡᠷ ᠰᠤᠷᠤᠯᠴᠠᠵᠤ᠂ ᠡᠯ᠎ᠡ ᠵᠦᠢᠯ᠎ᠦᠨ ᠰᠤᠷᠤᠯᠴᠠᠨ ᠲᠤᠭᠤᠱᠢᠯᠠᠭᠤᠯᠬᠤᠠᠵᠢᠯᠢ ᠪᠠᠢᠷᠢᠯᠠᠭᠤᠯᠪᠠ᠃
ᠬᠤᠷᠠᠯ᠎ᠠᠴᠠ᠂ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠪᠣᠯ ᠴᠢᠬᠤᠯᠠᠲᠡᠦᠭᠡᠨ ᠴᠠᠭ ᠮᠦᠴᠡ ᠳ᠋ᠤ ᠬᠤᠷᠠᠯᠳᠤᠭᠰᠠᠨ ᠬᠥᠱᠢᠢ᠎ᠡ ᠳᠤᠷᠠᠰᠬᠠᠯ᠎ᠤᠨ ᠠᠴᠢ ᠬᠣᠯᠪᠣᠭ᠍ᠳᠠᠯ᠎ᠲᠠᠶ ᠴᠢᠬᠤᠯᠠ ᠬᠤᠷᠠᠯᠪᠣᠯᠤᠨᠠ᠂ ᠪᠥᠬᠥᠳᠡ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ 《ᠨᠠᠮᠤᠨᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》ᠪᠣᠯᠱᠢᠨᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠣᠭ ᠰᠠᠨᠠᠭ᠎ᠠ ᠡᠭᠦᠷᠭᠡ ᠬᠠᠷᠢᠭᠤᠴᠠᠯᠭᠠᠪᠠᠨᠪᠠᠲᠤ ᠴᠡᠭᠡᠵᠢᠯᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ᠤᠯᠤᠰ ᠲᠥᠷᠥ᠎ᠶ᠋ᠢᠨ ᠲᠤᠩᠬᠠᠭ ᠮᠥᠨ᠂ ᠲᠡᠦᠬᠡ᠎ᠪᠡᠷ ᠲᠣᠯᠢ ᠪᠣᠯᠭᠠᠬᠤ᠂ ᠢᠷᠡᠭᠡᠳᠦᠶ᠎ᠶ᠋ᠢ ᠨᠡᠭᠡᠭᠡᠬᠦ᠂ ᠳᠤᠮᠳᠠᠳᠤᠶ᠋ᠢᠨᠦᠨᠳᠦᠰᠦᠲᠡᠨᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠠᠵᠢᠯᠯᠠᠭᠠᠨ᠎ᠤ ᠵᠦᠭ᠌ᠯᠡᠭᠦᠷ ᠮᠥᠨᠭᠡᠵᠦ ᠵᠢᠭᠠᠵᠤ ᠭᠠᠷᠭᠠᠪᠠ᠃ ᠬᠤᠷᠠᠯ᠎ᠠᠴᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮᠦᠨᠡᠯᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳᠨᠠᠮᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨᠤᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠪᠥᠬᠥᠳᠡ ᠬᠤᠷᠠᠯ᠎ᠤᠨ ᠴᠢᠬᠤᠯᠠ ᠶᠡᠬᠡ ᠤᠯᠤᠰ ᠲᠥᠷᠥᠶ᠋ᠢᠨᠠᠴᠢ ᠬᠣᠯᠪᠣᠭ᠍ᠳᠠᠯ᠂ ᠲᠡᠦᠬᠡᠲᠦ ᠠᠴᠢ ᠬᠣᠯᠪᠣᠭ᠍ᠳᠠᠯ᠂ ᠣᠨᠣᠯ᠎ᠤᠨ ᠠᠴᠢ ᠬᠣᠯᠪᠣᠭ᠍ᠳᠠᠯ᠂ ᠦᠶ᠋ᠯᠡᠳᠦᠯᠭᠡᠶ᠋ᠢᠨᠠᠴᠢ ᠬᠣᠯᠪᠣᠭ᠍ᠳᠠᠯ᠎ᠢ ᠵᠠᠪᠠᠯ ᠭᠦᠨᠵᠡᠭᠡᠶ ᠲᠠᠨᠢᠵᠤ᠂《ᠳᠥᠷᠪᠡᠨ ᠤᠬᠠᠮᠰᠠᠷ》ᠵᠢᠡᠨᠦᠨᠡᠨ ᠬᠦ᠌ ᠴᠢᠩᠭᠠᠳᠭᠠᠵᠤ᠂《ᠳᠥᠷᠪᠡᠨᠢᠲᠡᠭᠡᠯ》ᠵᠢᠡᠨᠪᠠᠲᠤᠳᠭᠠᠵᠤ᠂《ᠬᠣᠶᠠᠷᠢᠬᠠᠮᠠᠭᠠᠯᠠᠬᠤ》ᠵᠢᠪᠡᠶᠡᠯᠡᠭᠦᠯᠬᠦ᠌ ᠬᠡᠷᠡᠭ᠌ᠲᠡᠶ᠃ ᠤᠯᠤᠰ ᠲᠥᠷᠥ᠎ᠶ᠋ᠢᠨ ᠵᠣᠭ᠍ᠰᠣᠴᠠ᠎ᠪᠠᠨ ᠨᠡᠩ ᠢᠯᠡᠭᠦᠦ ᠳᠡᠭᠡᠭ᠌ᠰᠢᠯᠡᠭᠦᠯᠵᠦ᠍᠂ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨᠲᠧᠭ᠌ᠨᠢᠭ ᠮᠡᠷᠭᠡᠵᠢᠯ᠎ᠦᠨ ᠠᠵᠢᠯ᠎ᠤᠨ ᠪᠣᠳᠠᠲᠠᠶ᠎ᠲᠠᠶ ᠨᠢᠭ᠍ᠲᠠ ᠤᠶᠠᠯᠳᠤᠭᠤᠯᠤᠨ ᠲᠤᠭᠤᠱᠢᠯᠠᠭᠤᠯᠤᠨ ᠨᠠᠢᠳᠠᠪᠤᠷᠢᠵᠢᠭᠤᠯᠬᠤᠶ᠋ᠢᠰᠠᠢᠲᠤᠷ ᠠᠳᠭᠤᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠪᠥᠬᠥᠳᠡ ᠬᠤᠷᠠᠯ᠎ᠤᠨ ᠵᠣᠷᠢᠭ ᠰᠠᠨᠠᠭᠠᠲᠠᠶᠡᠷᠡᠰ ᠨᠢᠭᠡᠳᠭᠡᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤᠶ᠋ᠢᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃