ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-11-25 09:08:18

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠬᠠᠢ ᠥᠭᠦᠯᠡᠬᠦ᠌ ᠨᠢ

ᠠᠷᠠᠤᠨ᠎ᠤᠨ ᠡᠳᠤᠷ ᠎ᠤᠨ ᠰᠤᠨᠢᠨ ᠎ᠤ ᠰᠢᠬᠦᠮᠵᠢᠯᠡᠭᠴᠢ

ᠲᠡᠦᠬᠡ᠎ᠶ᠋ᠢᠨ ᠬᠥᠭ᠌ᠵᠢᠯᠲᠡ᠎ᠳᠦ ᠲᠡᠬᠦᠨ᠎ᠤ ᠥᠪᠡᠷ᠎ᠦᠨ ᠵᠢᠮ᠎ᠡ ᠶᠣᠰᠣ᠎ᠲᠠᠶ ᠪᠠᠢᠳᠠᠭ᠂ ᠲᠡᠦᠬᠡ᠎ᠶ᠋ᠢᠨ ᠵᠢᠮ᠎ᠡ ᠶᠣᠰᠣ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠵᠡᠮᠳᠡᠵᠦ᠍᠂ ᠲᠡᠦᠬᠡ᠎ᠶ᠋ᠢᠨ ᠵᠢᠮ᠎ᠡ ᠶᠣᠰᠣ᠎ᠪᠠᠷ ᠠᠵᠢᠯᠯᠠᠪᠠᠯ ᠳᠠᠷᠤᠢ ᠬᠠᠨᠳᠤᠭ᠍ᠰᠠᠨ ᠵᠦᠭ᠎ᠲᠦ ᠢᠯᠠᠭ᠍ᠳᠠᠰᠢ ᠦᠭᠡᠢ ᠪᠠᠢᠵᠤ ᠴᠢᠳᠠᠨ᠎ᠠ᠃

ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ᠎ᠬᠤᠷᠠᠯ ᠡᠴᠡ ᠲᠡᠦᠬᠡ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ ᠪᠣᠯᠤᠨ ᠶᠡᠬᠡ ᠬᠠᠨᠳᠤᠰᠢ᠎ᠶ᠋ᠢ ᠭᠦᠨᠵᠡᠭᠡᠢ ᠰᠤᠳᠤᠯᠵᠥ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ ᠪᠦᠬᠦ᠌ ᠲᠠᠯ᠎ᠠ᠎ᠪᠠᠷ ᠳ᠋ᠦᠩᠨᠡᠵᠥ᠂ ᠪᠦᠬᠦ᠌ ᠨᠠᠮ᠎ᠢᠶᠠᠷ᠎ᠢᠶᠠᠨ ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠤ ᠪᠣᠯᠬᠤ᠂ ᠶᠠᠭᠤ ᠬᠢᠬᠦ᠌ ᠪᠤᠢ ᠭᠡᠳᠡᠭ ᠡᠨᠡ ᠬᠦ᠌ ᠦᠨᠳᠦᠰᠦᠨ᠎ᠠᠰᠠᠭᠤᠳᠠᠯ᠎ᠢ᠎ᠪᠠᠲᠤ᠎ᠴᠡᠭᠡᠵᠢᠯᠡᠵᠥ᠂᠎ᠲᠡᠦᠬᠡ᠎ᠶ᠋ᠢᠨ᠎ᠬᠥᠭ᠌ᠵᠢᠯᠲᠡ᠎ᠶ᠋ᠢᠨ ᠶᠡᠬᠡ ᠬᠠᠨᠳᠤᠰᠢ᠎ᠶ᠋ᠢ ᠡᠵᠡᠮᠳᠡᠨ᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠥ᠂ ᠬᠡᠵᠢᠶᠡᠳᠡ ᠳᠠᠷᠤᠤ ᠬᠢᠴᠢᠶᠡᠩᠭᠦᠶ᠂ ᠪᠠᠷᠳᠠᠮᠨᠠᠬᠤ ᠦᠭᠡᠢ ᠪᠠᠴᠢᠮᠳᠠᠬᠤ ᠦᠭᠡᠢ᠂ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠵᠥ᠂ ᠶᠠᠮᠠᠷ ᠴᠤ᠌ ᠠᠶᠤᠯ ᠲᠦᠭ᠌ᠰᠢᠭᠦᠷᠢ᠎ᠡᠴᠡ ᠠᠶᠤᠬᠤ ᠦᠭᠡᠢ᠂ ᠶᠠᠮᠠᠷ ᠴᠤ᠌ ᠰᠠᠭᠠᠳ ᠬᠠᠷᠱᠢᠯᠠᠯ᠎ᠳᠤ ᠨᠥᠯᠥᠭᠡᠯᠡᠭ᠌ᠳᠡᠬᠦ᠌ ᠦᠭᠡᠢ᠂ ᠦᠨᠳᠦᠰᠦᠨ ᠴᠢᠨᠠᠷᠲᠠᠢ ᠠᠰᠠᠭᠤᠳᠠᠯ ᠳᠡᠭᠡᠷ᠎ᠡ ᠶᠠᠭᠠᠬᠢᠭ᠍ᠰᠠᠨ ᠴᠤ᠌ ᠬᠦᠨᠳᠤ ᠶᠡᠬᠡ ᠠᠯᠳᠠᠭ᠎ᠠ ᠪᠤᠷᠤᠭᠤ ᠭᠠᠷᠭᠠᠬᠤ ᠦᠭᠡᠢ ᠪᠠᠢᠵᠥ᠂ ᠵᠤᠷᠢᠬᠰᠠᠨ ᠳ᠋ᠠᠭᠠᠨ ᠬᠦᠷᠬᠦ ᠦᠬᠡᠢ ᠪᠤᠯ ᠵᠤᠬᠰᠤᠬᠤ ᠦᠬᠡᠢ ᠱᠢᠨᠲᠠᠷᠠᠰᠢ ᠦᠭᠡᠢ ᠲᠡᠮᠡᠴᠡᠬᠦ᠌ ᠵᠣᠷᠢᠭ᠎ᠢᠶᠠᠷ ᠲᠣᠭ᠍ᠲᠠᠭ᠍ᠰᠠᠨ ᠬᠠᠷᠠᠯᠲᠠ᠎ᠪᠠᠨ ᠪᠡᠶᠡᠯᠡᠭᠦᠯᠵᠥ᠂ ᠵᠠᠭᠤᠨ ᠭᠠᠵᠠᠷ ᠠᠶᠠᠯᠠᠬᠤᠢ ᠳ᠋ᠤᠷ ᠶᠡᠷᠡᠨ ᠭᠠᠵᠠᠷ ᠲᠤᠭᠤᠯᠤᠬᠰᠠᠨ ᠠᠨᠤ ᠬᠠᠭᠠᠰ ᠵᠠᠮᠨᠠᠬᠰᠠᠨ ᠳᠡᠳᠤᠢ ᠪᠤᠯᠠᠢ ᠬᠡᠬᠦ ᠰᠤᠨᠤᠷ ᠰᠡᠷᠡᠮᠵᠢ ᠪᠡᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ᠎ᠰᠡᠷᠭᠦᠨ᠎ᠮᠠᠨᠳᠤᠯᠲᠠ᠎ᠶ᠋ᠢ ᠴᠥᠬᠥᠷᠡᠰᠢ ᠦᠭᠡᠢ ᠠᠬᠢᠭᠤᠯᠬᠤ ᠬᠡᠷᠡᠭ᠌ᠲᠡᠢ ᠬᠡᠵᠥ ᠴᠢᠬᠤᠯᠠᠴᠢᠯᠠᠪᠠ᠃ ᠡᠨᠡ ᠨᠢ ᠰᠢ᠎ᠶ᠋ᠢᠨ ᠫᠢᠩ ᠨᠥᠬᠥᠷ᠎ᠢᠶᠡᠷ ᠭᠣᠣᠯ ᠪᠤᠯᠭᠠᠭ᠍ᠰᠠᠨ ᠨᠠᠮ᠎ᠤᠨ ᠲᠥᠪ ᠬᠣᠷᠢᠶ᠎ᠠ ᠲᠡᠦᠬᠡ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠭᠦᠨᠵᠡᠭᠡᠢ ᠡᠵᠡᠮᠳᠡᠵᠦ᠍᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠲᠡᠦᠬᠡᠨ ᠰᠠᠨᠠᠭᠠᠴᠢᠯᠠᠭᠠᠲᠤ ᠴᠢᠨᠠᠷ ᠪᠠ ᠡᠭᠦᠷᠭᠡ ᠬᠠᠷᠢᠭᠤᠴᠠᠯᠭ᠎ᠠ᠎ᠶ᠋ᠢ ᠢᠮᠠᠭ᠍ᠲᠠ ᠡᠵᠡᠮᠱᠢᠭ᠌ᠰᠡᠨ᠎ᠢ ᠭᠦᠢᠴᠡᠳ ᠬᠠᠷᠠᠭᠤᠯᠵᠤ᠂ ᠪᠦᠬᠦ᠌ ᠨᠠᠮ᠎ᠢᠶᠠᠷ᠎ᠢᠶᠠᠨ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠳᠤᠮᠳᠠ ᠡᠴᠡ ᠥᠩᠭᠡᠷᠡᠭ᠌ᠰᠡᠨ ᠳ᠋ᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠬᠰᠠᠨ᠎ᠢ ᠲᠣᠳᠣᠷᠬᠠᠢ ᠲᠠᠨᠢᠵᠤ᠂ ᠢᠷᠡᠭᠡᠳᠦᠢ᠎ᠳᠦ ᠪᠢᠳᠡ ᠶᠠᠭᠠᠬᠢᠪᠠᠯ ᠰᠠᠶᠢ ᠦᠷᠭᠦᠯᠵᠢᠯᠡᠨ ᠠᠮᠵᠢᠯᠲᠠ ᠣᠯᠵᠤ ᠴᠢᠳᠠᠬᠤ᠎ᠶ᠋ᠢ ᠲᠣᠳᠣᠷᠬᠠᠢ ᠣᠢᠯᠠᠭᠠᠭᠤᠯᠬᠤ᠎ᠶ᠋ᠢᠨ ᠤᠯᠠᠮ ᠡᠴᠡ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠨᠡᠩ ᠡᠷᠡᠰ ᠪᠠᠲᠤ᠂ ᠨᠡᠩ ᠤᠬᠠᠮᠰᠠᠷ ᠡᠴᠡ᠎ᠪᠠᠨ ᠦᠢᠯᠡᠳᠦᠯᠭᠡᠵᠢᠭᠦᠯᠵᠦ᠍᠂ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠨᠡᠩ ᠰᠠᠢᠲᠤᠷ ᠪᠠᠷᠢᠮᠲᠠᠯᠠᠨ ᠬᠥᠭ᠌ᠵᠢᠭᠦᠯᠬᠦ᠌᠎ᠳᠦ᠎ᠴᠢᠬᠤᠯᠠ ᠶᠡᠬᠡ ᠠᠬᠤᠢᠴᠢ ᠠᠴᠢ ᠬᠣᠯᠪᠣᠭ᠍ᠳᠠᠯ ᠪᠠ ᠠᠯᠤᠰ ᠬᠡᠳᠦ᠍᠎ᠶ᠋ᠢᠨ ᠲᠡᠦᠬᠡᠲᠦ ᠠᠴᠢ ᠬᠣᠯᠪᠣᠭ᠍ᠳᠠᠯ᠎ᠲᠠᠶ ᠶᠤᠮ᠃

ᠵᠠᠭᠤᠨ ᠵᠢᠯ᠎ᠦᠨ ᠲᠡᠮᠡᠴᠡᠯ᠎ᠦᠨ ᠳᠤᠮᠳᠠ᠂ ᠮᠠᠨ᠎ᠤ ᠨᠠᠮ ᠢᠮᠠᠭ᠍ᠲᠠ ᠮᠠᠷᠺᠰ᠎ᠤᠨ ᠦᠵᠡᠯ᠎ᠢᠶᠡᠷ ᠵᠢᠯᠤᠭᠤᠳᠤᠯᠭ᠎ᠠ ᠪᠣᠯᠭᠠᠨ ᠲᠡᠦᠬᠡ᠎ᠶ᠋ᠢᠨ ᠶᠡᠬᠡ ᠬᠠᠨᠳᠤᠰᠢ᠎ᠶ᠋ᠢ ᠵᠠᠳᠠᠯᠤᠨ ᠡᠵᠡᠮᠳᠡᠵᠦ᠍᠂ ᠳᠤᠮᠳᠠᠳᠤ ᠤᠯᠤᠰ ᠪᠣᠯᠤᠨ ᠳᠡᠯᠡᠬᠡᠢ᠎ᠶ᠋ᠢᠨ ᠬᠠᠷᠢᠴᠠᠭ᠎ᠠ᠎ᠶ᠋ᠢ ᠵᠥᠪ ᠱᠢᠢᠳᠪᠦᠷᠢᠯᠡᠵᠦ᠍᠂᠎ᠡᠯ᠎ᠡ ᠵᠦᠢᠯ᠎ᠦᠨ ᠲᠡᠦᠬᠡᠨ ᠠᠵᠠ ᠲᠣᠬᠢᠶᠠᠯ᠎ᠢ ᠴᠢᠳᠠᠮᠠᠭᠠᠢ ᠠᠳᠭᠤᠨ ᠰᠠᠢᠲᠤᠷ ᠠᠱᠢᠭ᠍ᠯᠠᠪᠠ᠃ ᠵᠠᠭᠤᠨ ᠵᠢᠯ᠎ᠦᠨ ᠲᠤᠷᠰᠢ᠂ ᠪᠠᠢᠳᠠᠯ ᠪᠠ ᠡᠭᠦᠷᠭᠡ ᠬᠡᠷᠬᠢᠨ ᠬᠤᠪᠢᠷᠠᠬ᠍ᠰᠠᠨ ᠴᠤ᠌᠂ ᠶᠠᠮᠠᠷ ᠶᠠᠩᠵᠤ᠎ᠶ᠋ᠢᠨ ᠲᠤᠬ᠍ᠰᠢᠨ ᠰᠠᠯᠬᠢ ᠱᠢᠷᠦᠭᠦᠨ ᠳᠠᠪᠠᠯᠭᠠᠨ᠎ᠳᠤ ᠲᠤᠯᠭᠠᠷᠠᠭ᠍ᠰᠠᠨ ᠴᠤ᠌᠂ ᠮᠠᠨ᠎ᠤ ᠨᠠᠮ ᠴᠥᠮ ᠢᠮᠠᠭ᠍ᠲᠠ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠵᠦ᠍᠂ ᠲᠡᠮᠡᠴᠡᠯ᠎ᠦᠨ ᠬᠠᠷᠠᠯᠲᠠ᠎ᠪᠠᠨ ᠲᠣᠭ᠍ᠲᠠᠭᠠᠵᠤ᠂ ᠵᠥᠪ ᠴᠢᠭ᠌ᠯᠡᠯ᠎ᠢᠶᠡᠷ ᠡᠷᠡᠰ ᠪᠠᠲᠤ ᠤᠷᠤᠭ᠍ᠰᠢᠯᠠᠪᠠ᠃ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ 30 ᠵᠢᠯ᠎ᠤᠨ ᠬᠤᠭᠤᠴᠠᠭ᠎ᠠ ᠵᠢ ᠬᠡᠷᠡᠭᠰᠡᠵᠤ ᠱᠢᠨ᠎ᠡ ᠠᠷᠠᠳᠴᠢᠯᠠᠭ᠍ᠰᠠᠨ ᠬᠤᠪᠢᠰᠭᠠᠯ᠎ᠢ ᠪᠡᠶᠡᠯᠡᠭᠦᠯᠵᠦ᠍᠂ ᠱᠢᠨ᠎ᠡ ᠳᠤᠮᠳᠠᠳᠤ ᠤᠯᠤᠰ᠎ᠢ ᠪᠠᠢᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠡᠭᠦᠨ᠎ᠡᠴᠡ ᠡᠬᠢᠯᠡᠨ ᠪᠣᠰᠴᠤ᠌ ᠵᠣᠭ᠍ᠰᠣᠪᠠ; ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮᠲᠤ ᠬᠤᠪᠢᠰᠭᠠᠯ ᠪᠠ ᠪᠦᠳᠦᠭᠡᠨ ᠪᠠᠢᠭᠤᠯᠤᠯᠲᠠ᠎ᠶ᠋ᠢᠨ ᠰᠠᠭᠤᠷᠢᠨ ᠳᠡᠭᠡᠷ᠎ᠡ 40 ᠭᠠᠷᠤᠢ ᠵᠢᠯ᠎ᠦᠨ ᠬᠤᠭᠤᠴᠠᠭ᠎ᠠ ᠵᠢ ᠬᠡᠷᠡᠭ᠌ᠰᠡᠵᠦ᠍ ᠥᠭᠡᠷᠡᠴᠢᠯᠡᠯᠲᠡ ᠨᠡᠭᠡᠭᠡᠯᠳᠠ ᠬᠢᠵᠦ᠍᠂ ᠳᠤᠮᠳᠠᠳᠤ᠎ᠶ᠋ᠢᠨ ᠡᠬᠡ ᠭᠠᠵᠠᠷ᠎ᠲᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠲᠤᠢᠯ᠎ᠤᠨ ᠶᠠᠳᠠᠭᠤ ᠬᠦᠴᠢᠷᠳᠡᠯ᠎ᠦᠨ ᠠᠰᠠᠭᠤᠳᠠᠯ᠎ᠢ ᠲᠡᠦᠬᠡᠲᠦ ᠴᠢᠨᠠᠷᠲᠠᠢ᠎ᠪᠠᠷ ᠱᠢᠢᠳᠪᠦᠷᠢᠯᠡᠵᠦ᠍᠂ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠪᠡ ; ᠲᠠᠷᠠᠭᠠᠴᠢ᠎ᠶ᠋ᠢᠨ ᠠᠯᠬᠤᠮ᠎ᠳᠤ᠂ 2035 ᠤᠨ ᠪᠣᠯᠬᠤ᠎ᠳᠤ᠂ ᠮᠠᠨ᠎ᠤ ᠨᠠᠮ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠬᠠᠮᠲᠤ ᠡᠨᠡ ᠬᠦ᠌ ᠰᠠᠭᠤᠷᠢᠨ ᠳᠡᠭᠡᠷ᠎ᠡ 15 ᠵᠢᠯ ᠲᠡᠮᠡᠴᠡᠵᠦ᠍᠂ ᠲᠤᠰ ᠵᠠᠭᠤᠨ᠎ᠤ ᠳᠤᠮᠳᠠᠴᠢ ᠦᠶ᠎ᠡ ᠪᠣᠯᠬᠤ᠎ᠳᠤ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠡᠶᠡᠯᠡᠬᠦᠯᠬᠦ ᠪᠤᠯᠤᠨ᠎ᠠ᠃ ᠦᠢᠯᠡᠳᠦᠯᠭᠡ ᠭᠦᠢᠴᠡᠳ ᠭᠡᠷᠡᠴᠢᠯᠡᠭ᠌ᠰᠡᠨ ᠨᠢ᠂ ᠲᠡᠦᠬᠡ᠎ᠶ᠋ᠢᠨ ᠬᠥᠭ᠌ᠵᠢᠯᠲᠡ᠎ᠶ᠋ᠢᠨ ᠵᠢᠮ᠎ᠡ ᠶᠣᠰᠣ ᠪᠣᠯᠤᠨ ᠶᠡᠬᠡ ᠬᠠᠨᠳᠤᠰᠢ᠎ᠶ᠋ᠢ ᠡᠵᠡᠮᠳᠡᠵᠦ᠍᠂ ᠲᠡᠦᠬᠡ᠎ᠶ᠋ᠢᠨ ᠬᠤᠪᠢᠰᠤᠯᠲᠠ᠎ᠶ᠋ᠢᠨ ᠴᠠᠭ ᠲᠣᠬᠢᠶᠠᠯ᠎ᠢ ᠠᠮᠵᠢᠵᠤ᠂ ᠪᠠᠢᠳᠠᠯ᠎ᠢ ᠳᠠᠭᠠᠨ ᠠᠵᠢᠯᠯᠠᠵᠤ᠂ ᠬᠦᠴᠦᠯᠡᠨ ᠴᠢᠷᠮᠠᠢᠵᠤ ᠵᠢᠳᠬᠦᠯ ᠴᠢᠷᠮᠠᠢᠯᠭ᠎ᠠ ᠭᠠᠷᠭᠠᠳᠠᠭ ᠯᠠ ᠶᠤᠮ ᠪᠣᠯ ᠪᠢᠳᠠ ᠨᠡᠩ ᠰᠠᠢ᠌ᠨ ᠤᠷᠤᠭ᠍ᠰᠢᠯᠠᠵᠤ ᠴᠢᠳᠠᠨ᠎ᠠ᠃

ᠥᠨᠥᠳᠦᠷ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠠᠷᠠᠯᠲᠠ᠎ᠳᠤ ᠲᠡᠦᠬᠡ᠎ᠶ᠋ᠢᠨ ᠠᠯᠢ ᠴᠤ᠌ ᠦᠶ᠎ᠡ᠎ᠡᠴᠡ ᠢᠯᠡᠭᠦᠦ ᠣᠢᠷᠠᠳᠴᠤ᠌᠂ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌ ᠢᠲᠡᠭᠡᠯ ᠪᠠ ᠴᠢᠳᠠᠪᠤᠷᠢ ᠲᠡᠦᠬᠡ᠎ᠶ᠋ᠢᠨ ᠠᠯᠢ ᠴᠤ᠌ ᠦᠶ᠎ᠡ᠎ᠡᠴᠡ ᠢᠯᠡᠭᠦᠦ ᠴᠢᠩᠭᠠᠷᠠᠵᠠᠢ᠃ ᠡᠭᠦᠨ᠎ᠦ ᠬᠠᠮᠲᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠶᠠᠭᠠᠬᠢᠭ᠍ᠰᠠᠨ ᠴᠤ᠌ ᠲᠡᠢᠮᠦ᠍ ᠬᠢᠯᠪᠠᠷᠬᠠᠨ᠎ᠢᠶᠠᠷ᠂ ᠬᠡᠩᠭᠡᠷᠭᠡ ᠴᠠᠩ ᠳᠡᠯᠡᠳᠴᠦ᠍ ᠪᠠᠢᠭᠠᠳ ᠪᠡᠶᠡᠯᠡᠭᠦᠯᠴᠢᠬᠡᠬᠦ᠌ ᠪᠢᠰᠢ ᠭᠡᠳᠡᠭ᠎ᠢ ᠪᠦᠬᠦ᠌ ᠨᠠᠮ᠎ᠢᠶᠠᠷ᠎ᠢᠶᠠᠨ ᠡᠷᠬᠡᠪᠰᠢ ᠰᠡᠷᠭᠡᠭ᠎ᠢᠶᠡᠷ ᠲᠠᠨᠢᠵᠤ ᠤᠯᠬᠤ ᠬᠡᠷᠡᠭ᠌ᠲᠡᠢ᠃ ᠪᠢᠳᠡᠨ᠎ᠳᠦ ᠣᠯᠳᠠᠬᠤᠶ᠎ᠠ ᠪᠡᠷᠬᠡ ᠠᠵᠠ ᠲᠣᠬᠢᠶᠠᠯ ᠲᠤᠯᠭᠠᠷᠠᠵᠤ ᠪᠠᠢᠬᠤ ᠪᠥᠭᠡᠳ ᠪᠠᠰᠠ ᠬᠠᠲᠠᠭᠤ ᠴᠢᠩᠭ᠎ᠠ ᠥᠷᠢᠰᠥᠯᠳᠦᠭᠡᠨ ᠲᠤᠯᠭᠠᠷᠠᠵᠤ ᠪᠠᠢᠨ᠎ᠠ᠃ ᠡᠨᠡ ᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠦ᠂ ᠶᠠᠮᠠᠷ ᠴᠤ᠌ ᠵᠣᠭ᠍ᠰᠣᠩᠭᠢᠷᠠᠬᠤ᠂ ᠰᠡᠵᠢᠭᠯᠡᠬᠦ᠂ ᠪᠠᠢᠳᠠᠯ᠎ᠢ ᠠᠵᠢᠭ᠍ᠯᠠᠨ ᠲᠠᠳᠠᠭᠠᠯᠵᠠᠬᠤ᠎ᠶ᠋ᠢ ᠠᠭᠤᠴᠢᠯᠠᠵᠤ ᠪᠣᠯᠬᠤ ᠦᠭᠡᠢ᠂ ᠡᠷᠬᠡᠪᠰᠢ ᠤᠭ ᠰᠠᠨᠠᠭ᠎ᠠ᠎ᠪᠠᠨ ᠦᠯᠦ᠍ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠍᠂ ᠨᠢᠭᠡ ᠯᠡ ᠠᠮᠢᠰᠭᠤᠭ᠎ᠠ᠎ᠪᠠᠷ ᠬᠢᠵᠦ᠍᠂ ᠦᠷᠭᠦᠯᠵᠢᠯᠡᠨ ᠲᠡᠮᠡᠴᠡᠬᠦ᠌ ᠬᠡᠷᠡᠭ᠌ᠲᠡᠢ᠃ ᠲᠡᠦᠬᠡ᠎ᠶ᠋ᠢ ᠣᠢᠯᠠᠭᠠᠪᠠᠯ ᠰᠠᠶᠢ ᠨᠠᠩ ᠬᠤᠯᠠ᠎ᠶ᠋ᠢ ᠬᠠᠷᠠᠵᠤ ᠴᠢᠳᠠᠨ᠎ᠠ᠂ ᠲᠡᠦᠬᠡ᠎ᠶ᠋ᠢ ᠣᠢᠯᠠᠭᠠᠪᠠᠯ ᠰᠠᠶᠢ ᠨᠡᠩ ᠬᠤᠯᠠ ᠶᠠᠪᠤᠵᠤ ᠴᠢᠳᠠᠨ᠎ᠠ᠃ ᠪᠦᠬᠦ᠌ ᠨᠠᠮ ᠎ᠢᠶᠠᠷ ᠎ᠢᠶᠠᠨ ᠬᠡᠬᠦᠳᠡᠭ ᠴᠡᠭᠡᠵᠢᠨ ᠎ᠳᠡᠭᠡᠨ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ᠎ᠪᠣᠯᠤᠨ᠎ᠳᠡᠯᠡᠬᠡᠢ᠎ᠳ᠋ᠠᠬᠢᠨ᠎ᠤ᠎ᠵᠠᠭᠤᠨ᠎ᠵᠢᠯ᠎ᠳᠦ ᠲᠣᠬᠢᠶᠠᠯᠳᠤᠭ᠎ᠠ ᠦᠬᠡᠢ ᠶᠡᠬᠡ ᠬᠤᠪᠢᠰᠤᠯᠲᠠ᠎ᠶ᠋ᠢ ᠪᠣᠳᠣᠯᠬᠢᠯᠠᠵᠥ᠂ ᠲᠣᠮᠣ ᠲᠡᠦᠬᠡᠨ ᠦᠵᠡᠯᠲᠡ᠎ᠶ᠋ᠢ ᠪᠣᠶ ᠪᠣᠯᠭᠠᠵᠥ᠂ ᠣᠳᠣ ᠦᠶ᠎ᠡ᠎ᠶ᠋ᠢᠨ ᠳᠤᠮᠳᠠᠳᠤ ᠤᠯᠤᠰ᠎ᠤᠨ᠎ᠣᠷᠣᠱᠢᠵᠤ ᠪᠠᠢᠭ᠎ᠠ ᠲᠡᠦᠬᠡᠨ ᠣᠷᠣᠨ ᠪᠠᠢᠷᠢ᠎ᠶ᠋ᠢ ᠲᠣᠳᠣᠷᠬᠠᠶ ᠲᠠᠨᠢᠵᠥ᠂ ᠲᠡᠦᠬᠡ᠎ᠶ᠋ᠢᠨ ᠤᠬᠠᠮᠰᠠᠷ᠎ᠢᠶᠠᠨ ᠴᠢᠩᠭᠠᠳᠭᠠᠵᠥ᠂ ᠭᠠᠰᠠᠯᠠᠩ ᠵᠣᠪᠠᠯᠠᠩ ᠲᠠᠢ ᠬᠡᠷᠡᠯ ᠰᠠᠴᠤᠷᠠᠩᠭᠤᠢ ᠳᠡᠥᠬᠡ᠂ ᠡᠳᠦᠷ ᠡᠴᠡ ᠡᠳᠤᠷ ᠱᠢᠨᠡᠳᠴᠦ᠍ ᠪᠠᠢᠭ᠎ᠠ ᠦᠨᠦᠳᠦᠷ᠂ ᠭᠡᠭᠡᠨ ᠰᠠᠷᠠᠭᠤᠯ ᠠᠤᠭ᠎ᠠ ᠶᠡᠬᠡ ᠢᠷᠡᠭᠡᠳᠦᠶ᠎ᠶ᠋ᠢ ᠬᠣᠯᠪᠣᠵᠤ ᠪᠤᠳᠤᠯᠬᠢᠯᠠᠨ᠂ ᠲᠡᠦᠬᠡ᠎ᠶ᠋ᠢᠨ ᠤᠷᠲᠤ ᠤᠷᠤᠰᠭᠠᠯ᠂ ᠴᠠᠭ ᠦᠶ᠎ᠡ᠎ᠶ᠋ᠢᠨ ᠶᠡᠬᠡ ᠤᠷᠤᠰᠭᠠᠯ᠂ ᠪᠦᠬᠦ᠌ ᠪᠥᠮᠪᠥᠷᠴᠡᠭ᠎ᠦᠨ ᠬᠤᠪᠢᠷᠠᠯᠳᠠ ᠳᠤᠮᠳᠠ ᠡᠴᠡ ᠬᠤᠪᠢᠰᠤᠯᠲᠠ᠎ᠶ᠋ᠢᠨ ᠵᠢᠮ᠎ᠡ ᠶᠣᠰᠣ ᠵᠢ ᠵᠠᠳᠠᠯᠵᠥ᠂ ᠲᠡᠦᠬᠡ᠎ᠶ᠋ᠢᠨ ᠵᠢᠮ᠎ᠡ ᠶᠣᠰᠣ᠎ᠶ᠋ᠢ ᠰᠦᠪᠡᠭ᠌ᠴᠢᠯᠡᠵᠥ᠂ ᠨᠠᠷᠢᠨ ᠪᠤᠳᠤᠯᠢᠶᠠᠨᠳᠠᠢ ᠪᠠᠢᠳᠠᠯ ᠳᠤᠮᠳᠠ ᠵᠥᠪ ᠴᠢᠭ᠌ᠯᠡᠯ᠎ᠢ ᠪᠠᠲᠤ ᠡᠵᠡᠮᠳᠡᠵᠤ᠂ ᠠᠶᠤᠯ ᠲᠦᠭ᠌ᠰᠢᠭᠦᠷᠢ ᠪᠠ ᠥᠷᠢᠰᠥᠯᠳᠦᠭᠡᠨ᠎ᠦ ᠡᠮᠦᠨ᠎ᠡ ᠰᠥᠰᠥ᠍ ᠵᠣᠷᠢᠭ᠎ᠢᠶᠠᠨ ᠬᠠᠲᠠᠭᠤᠵᠢᠭᠤᠯᠵᠥ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠲᠡᠦᠬᠡᠨ ᠰᠠᠨᠠᠭᠠᠴᠢᠯᠠᠭᠠᠲᠤ ᠡᠷᠬᠡ᠎ᠶ᠋ᠢ ᠢᠮᠠᠭ᠍ᠲᠠ ᠡᠵᠡᠮᠳᠡᠵᠥ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠬᠦ᠌ ᠢᠲᠡᠭᠡᠯ ᠵᠣᠷᠢᠭ ᠪᠠ ᠬᠥᠳᠡᠯᠭᠡᠬᠦ᠌ ᠬᠦᠴᠦᠨ᠎ᠢ ᠬᠥᠭ᠌ᠵᠢᠭᠡᠨ᠂ ᠲᠤᠬᠳᠠᠬᠰᠠᠨ ᠲᠡᠮᠡᠴᠡᠬᠦ᠌ ᠬᠠᠷᠠᠯᠲᠠ ᠪᠠᠨ ᠬᠠᠷᠠᠭᠠᠯᠠᠵᠥ᠂ ᠡᠷᠴᠢ ᠵᠣᠷᠢᠭ ᠪᠠᠳᠠᠷᠠᠩᠭᠤᠶ᠎ᠪᠠᠷ ᠢᠷᠡᠭᠡᠳᠦᠶ ᠵᠦᠭ ᠤᠷᠤᠭ᠍ᠰᠢᠯᠠᠵᠥ᠂ ᠮᠠᠨ᠎ᠤ ᠡᠨᠡ ᠦᠶ᠎ᠡ᠎ᠶ᠋ᠢᠨ ᠬᠥᠮᠦᠰ᠎ᠦᠨ ᠲᠡᠦᠬᠡᠨ ᠠᠭᠤᠤ ᠦᠢᠯᠡᠰ᠎ᠢ ᠡᠭᠦᠳᠦᠨ ᠨᠡᠭᠡᠬᠡᠬᠦ ᠬᠡᠷᠡᠭᠳᠡᠢ᠃

ᠲᠤᠬᠳᠠᠬᠰᠠᠨ ᠲᠡᠮᠡᠴᠡᠯ ᠎ᠦᠨ ᠬᠠᠷᠠᠯᠲᠠ ᠎ᠪᠠᠨ ᠬᠠᠷᠠᠭᠠᠯᠠᠵᠥ᠂ ᠡᠷᠴᠢ ᠵᠣᠷᠢᠭ ᠪᠠᠳᠠᠷᠠᠩᠭᠤᠢ᠎ᠪᠠᠷ ᠢᠷᠡᠭᠡᠳᠦᠢ ᠵᠦᠭ ᠤᠷᠤᠭ᠍ᠰᠢᠯᠠᠬᠤ ᠳ᠋ᠤ ᠪᠢᠳᠡ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠮᠠᠷᠺᠰ᠎ᠤᠨ ᠦᠵᠡᠯ᠎ᠦᠨ ᠵᠣᠭ᠍ᠰᠣᠯᠲᠠ᠂ ᠦᠵᠡᠯᠲᠡ᠂ ᠠᠷᠭ᠎ᠠ᠎ᠪᠠᠷ ᠴᠠᠭ ᠦᠶ᠎ᠡ᠎ᠶ᠋ᠢ ᠠᠵᠢᠭ᠍ᠯᠠᠵᠤ᠂ ᠴᠠᠭ ᠦᠶ᠎ᠡ᠎ᠶ᠋ᠢ ᠡᠵᠡᠮᠳᠡᠵᠦ᠍᠂ ᠴᠠᠭ ᠦᠶ᠎ᠡ᠎ᠶ᠋ᠢ ᠬᠦᠳᠦᠯᠦᠨ ᠳᠠᠭᠠᠭᠤᠯᠬᠤ ᠬᠡᠷᠡᠭ᠌ᠲᠡᠢ᠃ ᠮᠠᠷᠺᠰ᠎ᠤᠨ ᠦᠵᠡᠯ ᠪᠣᠯ ᠶᠢᠷᠲᠢᠨᠴᠦ᠍᠎ᠶ᠋ᠢ ᠲᠠᠨᠢᠬᠤ᠂ ᠶᠢᠷᠲᠢᠨᠴᠦ᠍᠎ᠶ᠋ᠢ ᠥᠭᠡᠷᠡᠴᠢᠯᠡᠬᠦ᠌ ᠱᠢᠨᠵᠢᠯᠡᠬᠦ᠌ ᠤᠬᠠᠭᠠᠨᠴᠢ ᠦᠨᠡᠨ ᠶᠣᠰᠣ ᠮᠥᠨ᠂ ᠮᠠᠨ᠎ᠤ ᠨᠠᠮ᠎ᠢᠶᠠᠨ ᠪᠠᠢᠭᠤᠯᠵᠤ ᠤᠯᠤᠰ᠎ᠢᠶᠠᠨ ᠪᠠᠢᠭᠤᠯᠬᠤ᠂ ᠨᠠᠮ᠎ᠢᠶᠠᠨ ᠮᠠᠨᠳᠤᠭᠤᠯᠵᠤ ᠤᠯᠤᠰ᠎ᠢᠶᠠᠨ ᠬᠦᠴᠦᠷᠬᠡᠭ᠌ᠵᠢᠭᠦᠯᠬᠦ᠌᠎ᠶ᠋ᠢᠨ ᠦᠨᠳᠦᠰᠦᠨ ᠵᠢᠯᠣᠭᠣᠳᠭᠤ ᠦᠵᠡᠯ ᠰᠠᠨᠠᠭ᠎ᠠ ᠮᠥᠨ᠃ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯ ᠤᠳᠤ ᠦᠶ᠎ᠡ᠎ᠶ᠋ᠢᠨ ᠳᠤᠮᠳᠠᠳᠤ ᠤᠯᠤᠰ᠎ᠤᠨ ᠮᠠᠷᠺᠰ᠎ᠤᠨ ᠦᠵᠡᠯ᠂ 21 ᠳ᠋ᠤᠭᠡᠷ ᠵᠠᠭᠤᠨ᠎ᠤ ᠮᠠᠷᠺᠰ᠎ᠤᠨ ᠦᠵᠡᠯ ᠮᠥᠨ᠂ ᠳᠤᠮᠳᠠᠳᠤ᠎ᠶ᠋ᠢᠨ ᠰᠣᠶᠣᠯ ᠪᠠ ᠳᠤᠮᠳᠠᠳᠤ ᠤᠯᠤᠰ᠎ᠤᠨ ᠵᠣᠷᠢᠭ ᠰᠠᠨᠠᠭᠠᠨ᠎ᠤ ᠴᠠᠭ ᠦᠶ᠎ᠡ᠎ᠶ᠋ᠢᠨ ᠤᠬᠢ ᠰᠣᠳᠣ ᠮᠥᠨ᠂ ᠮᠠᠷᠺᠰ ᠎ᠤᠨ ᠦᠵᠡᠯ᠎ᠢ ᠳᠤᠮᠳᠠᠳᠤ ᠤᠯᠤᠰᠴᠢᠯᠠᠭ᠍ᠰᠠᠨ ᠱᠢᠨ᠎ᠡ ᠦᠰᠦᠷᠦᠯᠲᠡ᠎ᠶ᠋ᠢ ᠪᠡᠶᠡᠯᠡᠭᠦᠯᠪᠡ᠃ ᠱᠢᠨ᠎ᠡ ᠠᠭᠤᠤ ᠶᠡᠬᠡ ᠠᠶᠠᠨ᠎ᠳᠤ᠂ ᠴᠥᠬᠥᠷᠡᠰᠢ ᠦᠭᠡᠢ᠎ᠪᠡᠷ ᠨᠠᠮ᠎ᠤᠨ ᠱᠢᠨ᠎ᠡ᠎ᠶ᠋ᠢ ᠡᠭᠦᠳᠦᠭ᠌ᠰᠡᠨ ᠤᠨᠤᠯ᠎ᠤᠨ ᠬᠠᠮᠤᠭ ᠎ᠤᠨ ᠱᠢᠨ᠎ᠡ ᠦᠷ᠎ᠡ ᠪᠦᠲᠦᠭᠡᠯ ᠎ᠢᠶᠡᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠵᠤ᠂ ᠠᠵᠢᠯ᠎ᠢᠶᠠᠨ ᠠᠬᠢᠭᠤᠯᠵᠤ᠂ ᠮᠠᠷᠺᠰ᠎ᠤᠨ ᠦᠵᠡᠯ᠎ᠦᠨ ᠦᠨᠡᠨ ᠶᠣᠰᠣᠨ᠎ᠤ ᠬᠡᠷᠡᠯ ᠭᠢᠯᠪᠠᠭ᠎ᠠ᠎ᠪᠠᠷ ᠪᠢᠳᠡᠨ᠎ᠦ ᠤᠷᠤᠭ᠍ᠰᠢᠯᠠᠬᠤ ᠵᠠᠮ᠎ᠢ ᠭᠡᠢᠭᠦᠯᠪᠡᠯ᠂ ᠪᠢᠳᠡ ᠯᠠᠪᠲᠠᠢ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠠᠯᠢᠪᠠ ᠬᠦᠴᠢᠷ ᠪᠡᠷᠬᠡᠱᠢᠶᠡᠯ ᠪᠠ ᠬᠠᠷᠰᠢ ᠰᠠᠭᠠᠳ᠎ᠢ ᠢᠯᠠᠨ ᠳᠠᠪᠠᠵᠤ᠂ ᠨᠡᠩ ᠶᠡᠬᠡ ᠱᠢᠨ᠎ᠡ ᠭᠠᠢᠬᠠᠮᠱᠢᠭ᠎ᠢ ᠡᠭᠦᠳᠴᠦ᠍ ᠴᠢᠳᠠᠨ᠎ᠠ᠃

ᠲᠤᠬᠳᠠᠬᠰᠠᠨ ᠲᠡᠮᠡᠴᠡᠯ ᠎ᠦᠨ ᠬᠠᠷᠠᠯᠲᠠ ᠎ᠪᠠᠨ ᠬᠠᠷᠠᠭᠠᠯᠠᠵᠥ᠂ ᠡᠷᠴᠢ ᠵᠣᠷᠢᠭ ᠪᠠᠳᠠᠷᠠᠩᠭᠤᠢ᠎ᠪᠠᠷ ᠢᠷᠡᠭᠡᠳᠦᠢ ᠵᠦᠭ ᠤᠷᠤᠭ᠍ᠰᠢᠯᠠᠬᠤ᠎ᠳᠤ ᠪᠢᠳᠡ ᠨᠠᠮ᠎ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ᠎ᠶ᠋ᠢ ᠪᠠᠷᠢᠮᠲᠠᠯᠠᠵᠤ᠂ ᠱᠢᠰᠲ᠋ᠧᠮ᠎ᠦᠨ ᠦᠵᠡᠯᠲᠡ᠎ᠶ᠋ᠢ᠎ᠪᠠᠷᠢᠮᠲᠠᠯᠠᠵᠤ᠂《ᠲᠠᠪᠤ᠎ᠶ᠋ᠢ ᠨᠢᠭᠡ ᠴᠤᠭ᠍ᠴᠠᠵᠢᠭᠤᠯᠬᠤ》ᠶᠡᠷᠦᠩᠬᠡᠢ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠲᠦᠷᠪᠡᠨ ᠪᠦᠬᠦ᠌ ᠲᠠᠯ᠎ᠠ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢ ᠵᠣᠬᠢᠴᠠᠭᠤᠯᠤᠨ ᠠᠬᠢᠭᠤᠯᠬᠤ ᠬᠡᠷᠡᠭ᠌ᠲᠡᠢ᠃ ᠮᠠᠨ᠎ᠤ ᠤᠯᠤᠰ᠎ᠤᠨ ᠬᠥᠭ᠌ᠵᠢᠯᠲᠡ ᠮᠥᠨ ᠯᠡ ᠪᠠᠢᠯᠳᠤᠬᠤ ᠪᠤᠳᠤᠯᠭ᠎ᠠ᠎ᠶ᠋ᠢᠨ ᠴᠢᠬᠤᠯᠠ ᠠᠵᠠ ᠲᠣᠬᠢᠶᠠᠯᠳᠤ ᠬᠤᠭᠤᠴᠠᠭᠠᠨ᠎ᠳᠤ ᠣᠷᠣᠱᠢᠵᠤ ᠪᠠᠢᠨ᠎ᠠ᠂ ᠭᠡᠪᠡᠴᠦ᠍ ᠠᠵᠠ ᠲᠣᠬᠢᠶᠠᠯ ᠪᠠ ᠥᠷᠢᠰᠥᠯᠳᠦᠭᠡᠨ ᠴᠥᠮ ᠱᠢᠨ᠎ᠡ ᠬᠥᠭ᠌ᠵᠢᠯᠲᠡ ᠬᠤᠪᠢᠷᠠᠯᠲᠠ᠎ᠲᠠᠶ ᠪᠠᠢᠵᠤ᠂ ᠠᠵᠠ ᠲᠣᠬᠢᠶᠠᠯ ᠪᠠ ᠥᠷᠢᠰᠥᠯᠳᠦᠭᠡᠨ᠎ᠦ ᠣᠯᠠᠩᠬᠢ ᠨᠢ ᠴᠥᠮ ᠤᠷᠢᠳ ᠡᠮᠦᠨ᠎ᠡ ᠪᠠᠢᠭ᠎ᠠ ᠦᠭᠡᠢ ᠪᠠᠢᠵᠤ᠂ ᠶᠡᠷᠦᠩᠬᠡᠢ᠎ᠳᠡᠭᠡᠨ ᠠᠵᠠ ᠲᠣᠬᠢᠶᠠᠯ ᠨᠢ ᠥᠷᠢᠰᠥᠯᠳᠦᠭᠡᠨ᠎ᠡᠴᠡ ᠶᠡᠬᠡ ᠪᠤᠢ᠃ ᠱᠢᠨ᠎ᠡ ᠠᠭᠤᠤ ᠶᠡᠬᠡ ᠠᠶᠠᠨ᠎ᠳᠤ᠂ ᠬᠥᠭ᠌ᠵᠢᠯᠲᠡ᠎ᠶ᠋ᠢᠨ ᠵᠢᠮ᠎ᠡ ᠶᠣᠰᠣ᠎ᠶ᠋ᠢ ᠡᠵᠡᠮᠳᠡᠵᠦ᠍᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠢᠮᠤᠷᠠᠯ᠎ᠤᠨ ᠳᠤᠮᠳᠠ ᠠᠵᠠ ᠲᠣᠬᠢᠶᠠᠯ᠎ᠢ ᠪᠤᠢ ᠪᠣᠯᠭᠠᠵᠤ᠂ ᠬᠤᠪᠢᠷᠠᠯᠲᠠ᠎ᠶ᠋ᠢᠨ ᠳᠤᠮᠳᠠ ᠱᠢᠨ᠎ᠡ ᠪᠠᠢᠳᠠᠯ᠎ᠢ ᠨᠡᠭᠡᠭᠡᠵᠦ᠍᠂ ᠠᠵᠠ ᠲᠣᠬᠢᠶᠠᠯ᠎ᠢ ᠠᠮᠵᠢᠵᠤ᠂ ᠥᠷᠢᠰᠥᠯᠳᠦᠭᠡᠨ᠎ᠢ ᠠᠷᠭᠠᠴᠠᠭᠠᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ᠎ᠤᠢ᠍ᠢᠯᠠᠭᠠᠭ᠍ᠳᠠᠬᠤᠨ᠎ᠢ᠎ᠲᠤᠭᠤᠱᠢᠯᠠᠭᠤᠯᠵᠤ᠂᠎ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠠᠷᠠᠳ ᠲᠦᠮᠡᠨ ᠪᠠᠶᠠᠵᠢᠨ ᠴᠢᠨᠡᠭᠡᠯᠢᠭ᠌ᠵᠢᠬᠦ᠌᠂ ᠤᠯᠤᠰ ᠣᠷᠣᠨ ᠬᠦᠴᠦᠷᠬᠡᠭ᠌ᠵᠢᠬᠦ᠌᠂ ᠳᠤᠮᠳᠠᠳᠤ ᠤᠯᠤᠰ ᠦᠵᠡᠰᠭᠦᠯᠡᠩᠲᠦ ᠰᠠᠢᠬᠠᠨ ᠪᠣᠯᠬᠤ᠎ᠶ᠋ᠢ ᠬᠠᠮᠳᠤ ᠪᠡᠷ ᠵᠤᠬᠢᠴᠠᠭᠤᠯᠤᠨ ᠠᠬᠢᠭᠤᠯᠪᠠᠯ᠂ ᠪᠢᠳᠠ ᠯᠠᠪᠲᠠᠢ ᠢᠷᠡᠭᠡᠳᠦᠢ᠎ᠶ᠋ᠢᠨ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠵᠦ᠍᠂ ᠨᠡᠩ ᠴᠢᠨᠠᠷ ᠰᠠᠢᠲᠠᠢ᠂ ᠨᠡᠩ ᠦᠷ᠎ᠡ ᠪᠦᠲᠦᠮᠵᠢᠲᠡᠢ᠂ ᠨᠡᠩ ᠡᠷᠬᠡ ᠲᠡᠭ᠌ᠰᠢ᠂ ᠨᠡᠩ ᠦᠷᠭᠦᠯᠵᠢᠯᠡᠬᠦ᠌᠂ ᠨᠡᠩ ᠠᠮᠤᠷ ᠲᠦᠪᠱᠢᠨ ᠬᠥᠭ᠌ᠵᠢᠯᠲᠡ᠎ᠶ᠋ᠢ ᠪᠡᠶᠡᠯᠡᠭᠦᠯᠵᠦ᠍ ᠴᠢᠳᠠᠨ᠎ᠠ᠃

ᠲᠤᠬᠳᠠᠬᠰᠠᠨ ᠲᠡᠮᠡᠴᠡᠯ᠎ᠦᠨ ᠬᠠᠷᠠᠯᠲᠠ᠎ᠪᠠᠨ ᠬᠠᠷᠠᠭᠠᠯᠠᠵᠥ᠂ ᠡᠷᠴᠢ ᠵᠣᠷᠢᠭ ᠪᠠᠳᠠᠷᠠᠩᠭᠤᠢ᠎ᠪᠠᠷ ᠢᠷᠡᠭᠡᠳᠦᠢ ᠵᠦᠭ ᠤᠷᠤᠭ᠍ᠰᠢᠯᠠᠬᠤ᠎ᠳᠤ ᠪᠢᠳᠡ ᠠᠷᠠᠳ ᠤᠯᠠᠨ᠎ᠯᠤᠭ᠎ᠠ᠎ᠶ᠋ᠢᠨ ᠴᠢᠰᠤ ᠮᠢᠬᠠᠨ᠎ᠤ ᠬᠠᠷᠢᠴᠠᠭ᠎ᠠ᠎ᠪᠠᠨ ᠡᠭᠦᠷᠢᠳᠡ ᠪᠠᠲᠤᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠵᠦ᠍᠂ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠦ ᠦᠨᠳᠦᠰᠦᠨ ᠠᠱᠢᠭ ᠲᠤᠰᠠ᠎ᠶ᠋ᠢ ᠲᠠᠰᠤᠷᠠᠯᠳᠠ ᠦᠭᠡᠢ ᠰᠠᠢᠲᠤᠷ ᠪᠡᠶᠡᠯᠡᠭᠦᠯᠵᠦ᠍᠂ ᠰᠠᠢᠲᠤᠷ ᠬᠠᠮᠠᠭᠠᠯᠠᠵᠤ᠂ ᠰᠠᠢᠲᠤᠷ ᠬᠥᠭ᠌ᠵᠢᠭᠦᠯᠬᠦ᠌ ᠬᠡᠷᠡᠭ᠌ᠲᠡᠢ᠃ ᠲᠥᠷᠥ᠍ ᠵᠠᠰᠠᠭ ᠪᠣᠯ ᠲᠠᠷᠤᠢ ᠠᠷᠠᠳ ᠲᠦᠮᠡᠨ᠂ ᠠᠷᠠᠳ ᠲᠦᠮᠡᠨ ᠪᠣᠯ ᠲᠠᠷᠤᠢ ᠲᠥᠷᠥ᠍ ᠵᠠᠰᠠᠭ᠂ ᠲᠥᠷᠥ᠍ ᠵᠠᠰᠠᠭ᠎ᠢ ᠪᠠᠢᠭᠤᠯᠵᠤ᠂ ᠲᠥᠷᠥ᠍ ᠵᠠᠰᠠᠭ᠎ᠢ ᠰᠠᠬᠢᠬᠤ ᠪᠣᠯ ᠠᠷᠠᠳ ᠲᠦᠮᠡᠨ᠎ᠦ ᠰᠡᠳᠭᠢᠯ᠎ᠢ ᠰᠠᠬᠢᠵᠤ ᠪᠠᠢᠭ᠎ᠠ ᠶᠠᠪᠤᠳᠠᠯ ᠪᠣᠯᠤᠨ᠎ᠠ᠃ ᠱᠢᠨ᠎ᠡ ᠠᠭᠤᠤ ᠶᠡᠬᠡ ᠠᠶᠠᠨ ᠳ᠋ᠤ᠂ ᠪᠦᠬᠦ᠌ ᠰᠡᠳᠭᠢᠯ ᠪᠦᠬᠦ᠌ ᠵᠣᠷᠢᠭ ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠵᠤ᠂ ᠠᠯᠢᠪᠠ ᠪᠦᠬᠦᠨ᠎ᠳᠦ ᠠᠷᠠᠳ ᠲᠦᠮᠡᠨ᠎ᠦ ᠲᠥᠯᠥᠭᠡ ᠪᠠᠢᠬᠤ᠂ ᠠᠯᠢᠪᠠ ᠪᠦᠬᠦᠨ᠎ᠳᠦ ᠠᠷᠠᠳ ᠲᠦᠮᠡᠨ᠎ᠳᠦ ᠲᠦᠱᠢᠭ᠌ᠯᠡᠬᠦ᠌᠎ᠶ᠋ᠢ ᠪᠠᠷᠢᠮᠲᠠᠯᠠᠵᠤ᠂ ᠢᠮᠠᠭ᠍ᠲᠠ ᠠᠷᠠᠳ ᠲᠦᠮᠡᠨ᠎ᠢ ᠰᠡᠳᠭᠢᠯ ᠵᠢᠷᠦᠬᠡᠨ᠎ᠦ᠎ᠪᠡᠨ ᠬᠠᠮᠤᠭ᠎ᠤᠨ ᠳᠡᠭᠡᠳᠦ ᠪᠠᠢᠷᠢᠨ᠎ᠳᠤ ᠲᠠᠯᠪᠢᠵᠤ᠂ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢᠶᠡᠷ ᠲᠡᠮᠡᠴᠡᠬᠦ᠌ ᠬᠠᠷᠠᠯᠲᠠ᠎ᠪᠠᠨ ᠪᠣᠯᠭᠠᠵᠤ᠂ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ 14 ᠳ᠋ᠦᠩᠱᠢᠭᠤᠷ ᠭᠠᠷᠤᠢ ᠠᠷᠠᠳ ᠲᠦᠮᠡᠨ᠎ᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠠᠬᠢᠭᠤᠯᠬᠤ ᠰᠦᠷ ᠳᠠᠯᠠᠢᠴᠠᠲᠠᠢ ᠬᠦᠴᠦᠨ ᠪᠣᠯᠭᠠᠨ ᠨᠢᠭ᠍ᠲᠠᠷᠠᠭᠤᠯᠪᠠᠯ᠂ ᠪᠢᠳᠠ ᠯᠠᠪᠲᠠᠢ ᠠᠷᠠᠳ ᠲᠦᠮᠡᠨ᠎ᠳᠦ ᠴᠢᠩᠭ᠎ᠠ ᠲᠦᠱᠢᠭ᠌ᠯᠡᠨ ᠱᠢᠨ᠎ᠡ ᠲᠡᠦᠬᠡ᠎ᠶ᠋ᠢᠨ ᠠᠭᠤᠤ ᠦᠢᠯᠡᠰ᠎ᠢ ᠡᠭᠦᠳᠴᠦ᠍ ᠴᠢᠳᠠᠨ᠎ᠠ᠃

ᠲᠤᠬᠳᠠᠬᠰᠠᠨ ᠲᠡᠮᠡᠴᠡᠯ᠎ᠦᠨ ᠬᠠᠷᠠᠯᠲᠠ᠎ᠪᠠᠨ ᠬᠠᠷᠠᠭᠠᠯᠠᠵᠥ᠂ ᠡᠷᠴᠢ ᠵᠣᠷᠢᠭ ᠪᠠᠳᠠᠷᠠᠩᠭᠤᠢ᠎ᠪᠠᠷ ᠢᠷᠡᠭᠡᠳᠦᠢ ᠵᠦᠭ ᠤᠷᠤᠭ᠍ᠰᠢᠯᠠᠬᠤ᠎ᠳᠤ ᠪᠢᠳᠠ ᠵᠤᠪᠠᠵᠤ ᠵᠦᠳᠡᠬᠦᠢ ᠳ᠋ᠤᠷ ᠤᠷᠤᠰᠢᠨ ᠲᠤᠬᠳᠠᠨᠢᠵᠤ᠂ ᠵᠢᠷᠭᠠᠵᠤ ᠴᠡᠨᠭᠭᠡᠬᠦᠢ ᠳ᠋ᠤᠷ ᠰᠦᠨᠦᠨ᠎ᠠ ᠬᠡᠳᠡᠭ᠎ᠢ ᠪᠠᠲᠤ ᠴᠡᠭᠡᠵᠢᠯᠡᠵᠦ᠍᠂ ᠦᠷᠭᠦᠯᠵᠢ ᠬᠤᠯᠠ᠎ᠶ᠋ᠢ ᠪᠣᠳᠣᠯᠬᠢᠯᠠᠨ᠂ ᠠᠮᠤᠷ ᠲᠦᠪᠱᠢᠨ ᠪᠠᠢᠬᠤ ᠦᠶ᠎ᠡ᠎ᠳᠡᠭᠡᠨ ᠠᠶᠤᠯ ᠲᠦᠭ᠌ᠰᠢᠭᠦᠷᠢ᠎ᠶ᠋ᠢ ᠪᠣᠳᠣᠯᠬᠢᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠠᠭᠤᠤ ᠶᠡᠬᠡ ᠱᠢᠨ᠎ᠡ ᠢᠨᠵᠧᠨᠧᠷᠢᠩ᠎ᠢ ᠦᠷᠭᠦᠯᠵᠢᠯᠡᠨ ᠠᠬᠢᠭᠤᠯᠬᠤ ᠬᠡᠷᠡᠭ᠌ᠲᠡᠢ᠃ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠪᠣᠯ ᠮᠠᠨ᠎ᠤ ᠨᠠᠮ᠎ᠤᠨ ᠬᠠᠮᠤᠭ᠎ᠤᠨ ᠢᠯᠡ ᠲᠣᠳᠣ ᠵᠠᠩ ᠰᠤᠷᠲᠠᠯ ᠮᠥᠨ᠂ ᠪᠠᠰᠠ ᠴᠤ᠌ ᠮᠠᠨ᠎ᠤ ᠨᠠᠮ᠎ᠤᠨ ᠬᠠᠮᠤᠭ᠎ᠤᠨ ᠶᠡᠬᠡ ᠳᠠᠪᠠᠭᠤᠯᠢᠭ ᠮᠥᠨ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ ᠪᠣᠯ ᠨᠠᠮ᠎ᠤᠨ ᠤᠷᠢ ᠵᠠᠯᠠᠭᠤ ᠵᠢᠨ ᠠᠮᠢᠵᠢᠷᠠᠯ᠎ᠤᠨ ᠬᠦᠴᠦᠨ᠎ᠢᠶᠡᠨ ᠡᠭᠦᠷᠢᠳᠡ ᠪᠠᠲᠤᠯᠠᠬᠤ ᠬᠦᠴᠦᠷᠬᠡᠭ ᠶᠡᠬᠡ ᠲᠤᠯᠭᠠᠭᠤᠷᠢᠯᠠᠯ ᠮᠥᠨ᠃ ᠱᠢᠨ᠎ᠡ ᠠᠭᠤᠤ ᠶᠡᠬᠡ ᠠᠶᠠᠨ᠎ᠳᠤ᠂ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠬᠦ᠌᠎ᠶ᠋ᠢ ᠪᠠᠷᠢᠮᠲᠠᠯᠠᠵᠤ᠂ ᠡᠭᠦᠷᠢᠳᠡ ᠵᠤᠬ᠍ᠰᠤᠰᠢ ᠦᠭᠡᠢ ᠪᠠᠢᠬᠤ ᠡᠷᠡᠰ ᠪᠠᠲᠤ ᠪᠠᠷᠢᠮᠲᠠᠯᠠᠯ᠎ᠢᠶᠠᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠨᠠᠮ᠎ᠤᠨ ᠲᠡᠷᠢᠭᠦᠨ᠎ᠦ ᠴᠢᠨᠠᠷ ᠪᠣᠯᠤᠨ ᠴᠡᠪᠡᠷ ᠴᠢᠨᠠᠷ᠎ᠢ ᠬᠣᠬᠢᠷᠠᠭᠤᠯᠬᠤ ᠠᠯᠢᠪᠠ ᠬᠦᠴᠦᠨ ᠵᠦᠢᠯ᠎ᠢ ᠲᠠᠰᠤᠷᠠᠯᠳᠠ ᠦᠭᠡᠢ ᠠᠷᠢᠯᠭᠠᠵᠤ᠂ ᠨᠠᠮ᠎ᠤᠨ ᠡᠷᠡᠭᠦᠯ ᠴᠢᠭᠢᠷᠠᠭ ᠪᠡᠶ᠎ᠡ ᠴᠣᠭ᠍ᠴᠠ᠎ᠶ᠋ᠢ ᠬᠤᠬᠢᠷᠠᠭᠤᠯᠬᠤ᠌ ᠠᠯᠢᠪᠠ ᠸᠢᠷᠦ᠋ᠰ᠎ᠢ ᠲᠠᠰᠤᠷᠠᠯᠳᠠ ᠦᠭᠡᠢ ᠠᠷᠢᠯᠭᠠᠪᠠᠯ᠂ ᠪᠢᠳᠠ ᠯᠠᠪᠲᠠᠢ ᠨᠠᠮ᠎ᠤᠨ ᠴᠢᠨᠠᠷ ᠦᠯᠦ ᠬᠤᠪᠢᠷᠠᠬᠤ᠂ ᠦᠨᠭ᠌ᠭᠡ ᠦᠯᠦ ᠬᠤᠪᠢᠷᠠᠬᠤ᠂ ᠦᠨᠦᠷ ᠠᠮᠲᠠ ᠦᠯᠦ ᠬᠤᠪᠢᠷᠠᠬᠤ᠎ᠶ᠋ᠢ ᠪᠠᠲᠤᠯᠠᠵᠤ᠂ ᠨᠠᠮ᠎ᠤᠨ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠲᠡᠦᠬᠡᠨ ᠠᠬᠢᠴᠠ ᠳᠤᠮᠳᠠ ᠢᠮᠠᠭ᠍ᠲᠠ ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠪᠣᠯᠬᠤ᠎ᠶ᠋ᠢ ᠪᠠᠲᠤᠯᠠᠵᠤ ᠴᠢᠳᠠᠨ᠎ᠠ᠃

ᠲᠡᠦᠬᠡ᠎ᠶ᠋ᠢᠨ ᠤᠷᠤᠭ᠍ᠰᠢᠯᠠᠯᠲᠠ᠎ᠶ᠋ᠢᠨ ᠯᠣᠭᠢᠭ ᠳᠤᠮᠳᠠ ᠤᠷᠤᠭ᠍ᠰᠢᠯᠠᠵᠤ᠂ ᠴᠠᠭ ᠦᠶ᠎ᠡ ᠶ᠋ᠢᠨ ᠬᠥᠭ᠌ᠵᠢᠯᠲᠡ᠎ᠶ᠋ᠢᠨ ᠤᠷᠤᠰᠭᠠᠯ ᠳᠤᠮᠳᠠ ᠬᠥᠭ᠌ᠵᠢᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠶ᠋ᠢᠨ ᠵᠠᠮ᠎ᠢᠶᠠᠷ ᠵᠠᠮᠨᠠᠬᠤ᠎ᠳᠤ ᠪᠢᠳᠡ ᠡᠷᠬᠡᠪᠰᠢ ᠦᠷᠭᠦᠯᠵᠢᠯᠡᠨ ᠰᠠᠢ᠌ᠨ ᠬᠢᠷᠢ ᠪᠦᠲᠦᠮᠵᠢ ᠣᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠱᠢᠨ᠎ᠡ ᠳᠦᠷᠰᠦ ᠪᠠᠢᠳᠠᠯ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠢ᠃ ᠪᠢᠳᠠ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠤ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠦᠬᠦ ᠲᠠᠯ᠎ᠠ ᠪᠡᠷ ᠲᠤᠭᠤᠰᠢᠯᠠᠭᠤᠯᠵᠤ᠂《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠤ᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠵᠤ᠂ ᠥᠴᠥᠭᠡᠳᠦᠷ᠎ᠦᠨ ᠭᠠᠰᠠᠯᠠᠩ ᠵᠣᠪᠠᠯᠠᠩ ᠪᠠ ᠭᠡᠷᠡᠯ ᠰᠠᠴᠤᠷᠠᠩᠭᠤᠶ᠎ᠪᠠᠨ ᠦᠯᠤ ᠮᠠᠷᠳᠠᠵᠤ᠂ ᠥᠨᠥᠳᠦᠷ᠎ᠦᠨ ᠡᠭᠦᠷᠭᠡ ᠬᠠᠷᠢᠭᠤᠴᠠᠯᠭ᠎ᠠ᠎ᠳᠠᠭᠠᠨ ᠣᠰᠣᠯᠳᠠᠬᠤ ᠦᠭᠡᠢ᠂ ᠮᠠᠷᠭᠠᠰᠢ᠎ᠶ᠋ᠢᠨ ᠠᠭᠤᠤ ᠶᠡᠬᠡ ᠬᠦᠰᠡᠯ ᠵᠡᠭᠦᠳᠦ᠍ ᠪᠡᠨ ᠬᠥᠰᠡᠷᠳᠡᠭᠦᠯᠬᠦ᠌ ᠦᠭᠡᠢ ᠪᠡᠷ᠂ ᠲᠡᠦᠬᠡ᠎ᠪᠡᠷ ᠲᠣᠯᠢ ᠪᠣᠯᠭᠠᠵᠤ᠂ ᠢᠷᠡᠭᠡᠳᠦᠶ᠎ᠶ᠋ᠢ ᠨᠡᠭᠡᠭᠡᠵᠤ᠂ ᠱᠢᠷᠭᠠᠭᠤ ᠠᠵᠢᠯᠯᠠᠨ᠂ ᠡᠷᠡᠮᠡᠭᠡᠢᠯᠡᠨ ᠤᠷᠤᠭ᠍ᠰᠢᠯᠠᠵᠤ᠂ ᠱᠢᠯᠢᠳᠡᠭ ᠠᠮᠵᠢᠯᠳᠠ᠎ᠪᠡᠷ ᠵᠢᠡᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠬᠤᠷᠠᠯᠳᠤᠬᠤ᠎ᠶ᠋ᠢ ᠤᠭ᠍ᠲᠤᠵᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ!

(ᠰᠢᠨᠬᠤᠸᠠ ᠬᠤᠷᠢᠶᠠᠨ᠎ᠤ ᠪᠡᠭᠡᠵᠢᠩ᠎ᠤᠨ 11 ᠰᠠᠷ᠎ᠠ ᠵᠢᠨ 19 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄
兼容浏览器的HTML页面