2021-11-25 09:33:10
— ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠮᠠᠨ᠎ᠤ ᠣᠷᠣᠨ᠎ᠳᠤ ᠴᠢᠩᠭ᠎ᠠ ᠲᠤᠰᠭᠠᠯ ᠭᠠᠷᠪᠠ
11 ᠰᠠᠷ᠎ᠠ᠎ᠶ᠋ᠢᠨ 22 ᠤ᠋ᠨ ᠦᠳᠡ᠎ᠶ᠋ᠢᠨ ᠡᠮᠦᠨ᠎ᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠬᠥᠬᠡᠬᠣᠲᠠ᠎ᠳᠤ ᠶᠠᠪᠤᠭ᠍ᠳᠠᠪᠠ᠃ ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠲᠥᠪ᠎ᠦᠨ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠠᠯᠪᠠᠨ ᠭᠡᠷ᠎ᠦᠨ ᠡᠳᠦᠷ ᠳᠤᠳᠤᠮ᠎ᠤᠨ ᠠᠵᠢᠯ᠎ᠢ ᠬᠤᠪᠢᠳᠠᠨ ᠬᠠᠮᠢᠶᠠᠷᠴᠤ᠌ ᠪᠠᠢᠭ᠎ᠠ ᠳᠡᠳ᠋ ᠡᠷᠬᠢᠯᠡᠭ᠌ᠴᠢ ᠬᠠᠨ ᠸᠸᠨ ᠱᠢᠦ ᠭᠦᠨᠵᠡᠭᠡᠢ ᠪᠥᠭᠡᠳ ᠣᠢᠯᠠᠭᠠᠮᠵᠢᠲᠠᠢ ᠦᠭᠡ ᠶᠠᠷᠢᠶ᠎ᠠ ᠪᠣᠯᠤᠨ ᠶᠡᠬᠡ ᠬᠡᠮᠵᠢᠶᠡᠨ᠎ᠦ ᠪᠣᠳᠠᠲᠤ ᠵᠢᠱ᠌ᠢᠶ᠎ᠡ ᠲᠣᠭ᠎ᠠ ᠪᠠᠷᠢᠮᠲᠠ᠎ᠪᠠᠷ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠠᠢᠯᠤᠮᠵᠢ ᠬᠢᠵᠥ ᠭᠦᠨᠵᠡᠭᠡᠢ ᠲᠠᠢᠯᠪᠤᠷᠢᠯᠠᠪᠠ᠃ ᠣᠯᠠᠨ᠎ᠢᠶᠠᠷ᠎ᠢᠶᠠᠨ᠂ ᠤᠬᠠᠭᠤᠯᠤᠨ ᠲᠠᠢᠯᠪᠤᠷᠢᠯᠠᠬᠰᠠᠨ ᠠᠭᠤᠯᠭ᠎ᠠ᠎ᠨᠢ ᠵᠦᠢᠯ ᠵᠤᠷᠪᠤᠰ ᠳᠤᠳᠤᠷᠬᠠᠢ ᠪᠦᠬᠡᠳ ᠯᠣᠭᠢᠭ ᠴᠢᠨᠡᠷ᠎ᠢᠶᠡᠷ ᠴᠢᠩᠭ᠎ᠠ᠂ ᠦᠵᠡᠯᠲᠡ ᠲᠣᠳᠣ ᠭᠤᠤᠯᠳᠠᠯᠭ᠎ᠠ ᠲᠣᠪᠣᠢᠮ᠎ᠠ ᠪᠠᠢᠵᠤ᠂ ᠮᠠᠰᠢ ᠴᠢᠩᠭ᠎ᠠ ᠢᠲᠡᠭᠡᠭᠦᠯᠬᠦ᠌ ᠬᠦᠴᠦᠨ᠂ ᠲᠠᠲᠠᠬᠤ ᠬᠦᠴᠦᠨ᠂ ᠤᠷᠢᠶᠠᠯᠠᠬᠤ ᠬᠦᠴᠦᠨ᠎ᠲᠡᠶ ᠬᠡᠵᠥ ᠦᠵᠡᠵᠡᠬᠡᠪᠡ᠃ ᠤᠯᠠᠨ᠎ᠢᠶᠠᠷ᠎ᠢᠶᠠᠨ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠴᠢᠷᠮᠠᠢᠨ ᠲᠡᠮᠡᠴᠡᠵᠦ᠍᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠤᠬᠠᠮᠰᠠᠷ ᠡᠴᠡ᠎ᠪᠠᠨ ᠦᠢᠯᠡᠳᠦᠯᠭᠡᠵᠢᠭᠦᠯᠵᠦ᠍᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠱᠢᠨ᠎ᠡ ᠳᠦᠷᠰᠦ ᠪᠠᠢᠳᠠᠯ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ ᠭᠡᠵᠦ᠍ ᠢᠯᠡᠳᠭᠡᠵᠡᠭᠡᠪᠡ᠃
ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠬᠰᠠᠨᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭᠠᠨ᠎ᠤ ᠲᠠᠰᠤᠭ᠎ᠤᠨ ᠠᠯᠪᠠᠨ ᠬᠡᠷ᠎ᠦᠨ ᠳᠡᠳ᠋ ᠡᠷᠬᠢᠯᠡᠭ᠌ᠴᠢ ᠰᠥᠩ ᠯᠢ ᡁᠢ ᠰᠤᠷᠪᠤᠯᠵᠢᠯᠠᠭ᠍ᠴᠢ᠎ᠳᠤ ᠲᠡᠮᠳᠡᠭ᠌ᠯᠡᠯ ᠦᠨ ᠳᠡᠪᠲᠡᠷ ᠳᠡᠭᠡᠷ᠎ᠡ ᠪᠠᠨ ᠪᠢᠴᠢᠭ᠌ᠰᠡᠨ ᠰᠤᠷᠤᠯᠴᠠᠭ᠍ᠰᠠᠨ ᠲᠥᠷᠥᠭ᠌ᠳᠡᠯ᠎ᠢᠶᠡᠨ ᠦᠵᠡᠭᠦᠯᠵᠥ᠂ 《ᠪᠢᠳᠡ ᠮᠠᠷᠺᠰ᠎ᠤᠨ ᠦᠵᠡᠯ᠎ᠦᠨ ᠵᠣᠭ᠍ᠰᠣᠯᠲᠠ ᠦᠵᠡᠯᠲᠡ ᠠᠷᠭ᠎ᠠ᠎ᠶ᠋ᠢ ᠪᠠᠷᠢᠮᠲᠠᠯᠠᠵᠥ᠂〈ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ〉 ᠶ᠋ᠢᠨ ᠭᠤᠤᠯ ᠣᠨᠴᠠᠯᠢᠭ᠂ ᠴᠢᠬᠤᠯᠠ ᠠᠭᠤᠯᠭ᠎ᠠ᠂ ᠵᠣᠷᠢᠭ ᠰᠠᠨᠠᠭᠠᠨ᠎ᠤ ᠮᠥᠨ ᠴᠢᠨᠠᠷ ᠪᠠ ᠱᠢᠨᠵᠢᠯᠡᠬᠦ᠌ ᠤᠬᠠᠭᠠᠨᠴᠢ ᠠᠭᠤᠯᠤᠭ᠍ᠳᠠᠬᠤᠨ᠎ᠢ ᠭᠦᠨᠵᠡᠭᠡᠶ ᠰᠤᠷᠤᠯᠴᠠᠵᠥ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢ ᠣᠨᠣᠪᠴᠢᠲᠠᠶ ᠣᠢᠯᠠᠭᠠᠵᠥ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠰᠦᠷ ᠳᠠᠯᠠᠢᠴᠠᠲᠠᠢ ᠲᠡᠦᠬᠡᠨ ᠠᠶᠠᠨ ᠡᠴᠡ ᠦᠵᠡᠯ ᠰᠠᠨᠠᠭᠠᠨ᠎ᠤ ᠬᠦᠴᠦᠨ ᠴᠢᠳᠠᠯ᠂ ᠢᠲᠡᠭᠡᠯ ᠪᠢᠱᠢᠷᠡᠯ᠎ᠦᠨ ᠬᠦᠴᠦᠨ ᠴᠢᠳᠠᠯ᠂ ᠶᠣᠰᠣ ᠰᠤᠷᠲᠠᠬᠤᠨ᠎ᠤ ᠬᠦᠴᠦᠨ ᠴᠢᠳᠠᠯ᠂ ᠦᠢᠯᠡᠳᠦᠯᠭᠡ᠎ᠶ᠋ᠢᠨ ᠬᠦᠴᠦᠨ ᠴᠢᠳᠠᠯ᠎ᠢ ᠰᠢᠩᠬᠡᠬᠡᠨ ᠠᠪᠬᠤ ᠬᠡᠷᠡᠭᠳᠡᠢ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠶ᠋ᠢ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠶ ᠤᠶᠠᠯᠳᠤᠭᠤᠯᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠲᠠᠶ ᠤᠶᠠᠯᠳᠤᠭᠤᠯᠵᠤ᠂ ᠮᠠᠨ᠎ᠤ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ》 ᠭᠡᠵᠦ᠍ ᠬᠡᠯᠡᠪᠡ᠃
ᠥᠪᠥᠷ ᠮᠣᠩᠭᠣᠯ ᠤᠨ ᠨᠠᠮ ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ᠎ᠦᠨ ᠳᠡᠳ᠋ ᠫᠷᠤᠹᠸᠰᠰᠤᠷ ᠵᠤᠤ ᠱᠸ᠋ ᠯᠦ᠍᠄ 《ᠮᠡᠳᠡᠭᠦᠯᠦᠯᠲᠡ᠎ᠶ᠋ᠢᠨ ᠬᠤᠷᠠᠯ ᠨᠢ ᠶᠤᠰᠤᠳᠠᠢ 〈ᠠᠩᠭᠠᠬᠰᠠᠨ ᠬᠦᠮᠦᠨ᠎ᠤ ᠤᠮᠳᠠ ᠵᠢ ᠳᠠᠷᠤᠬᠰᠠᠨ〉 ᠶᠠᠪᠤᠳᠠᠯ ᠪᠤᠯᠵᠥ᠂ ᠨᠡᠳᠡ ᠴᠢᠭ᠌ᠯᠡᠯ᠎ᠢ ᠲᠣᠳᠣᠷᠬᠠᠢᠯᠡᠨ ᠦᠭᠴᠤ᠂ ᠰᠡᠳᠭᠢᠴᠡ᠎ᠶ᠋ᠢ ᠲᠣᠳᠣᠷᠬᠠᠢ ᠪᠣᠯᠭᠠᠪᠠ᠂ ᠬᠣᠢᠱᠢᠳᠠ ᠪᠢ 〈ᠭᠤᠷᠪᠠᠨ ᠦᠰᠦᠭ〉 ᠳᠡᠭᠡᠷ᠎ᠡ ᠬᠦᠴᠦ᠍ ᠳᠠᠯᠪᠢᠨ᠎ᠠ᠃ ᠨᠢᠭᠡᠳᠦᠭᠡᠷ᠎ᠨᠢ〈ᠰᠤᠷᠤᠯᠴᠠᠯᠭ᠎ᠠ〉᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠᠶᠠᠷᠢᠶᠠᠵᠢᠴᠢᠪᠦᠬᠦᠳᠠᠬᠤᠷᠠᠯ ᠡᠴᠡ ᠬᠢᠨᠠᠨ ᠵᠥᠪᠯᠡᠵᠦ᠍ ᠪᠠᠲᠤᠯᠠᠭ᠍ᠰᠠᠨ 《ᠱᠢᠢᠳᠪᠦᠷᠢ》 ᠵᠡᠷᠭᠡ᠎ᠶ᠋ᠢ ᠲᠡᠷᠡ ᠬᠡᠪ᠎ᠢᠶᠡᠷ ᠨᠢ ᠰᠤᠷᠤᠯᠴᠠᠨ ᠨᠡᠪᠳᠡᠷᠡᠳᠡᠯ᠎ᠠ ᠰᠤᠷᠤᠯᠴᠠᠵᠥ ᠦᠢᠯᠠᠭᠠᠨ᠎ᠠ; ᠬᠣᠶᠠᠳᠤᠭᠠᠷ ᠨᠢ 〈ᠦᠢᠯᠠᠭᠠᠯᠳᠠ〉᠂ 〈ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠪᠣᠯᠬᠤ᠂ ᠮᠠᠷᠺᠰ᠎ᠤᠨ ᠦᠵᠡᠯ ᠶᠠᠭᠠᠬᠢᠭᠠᠳ ᠪᠣᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠶᠠᠭᠠᠬᠢᠭᠠᠳ ᠰᠠᠢ᠌ᠨ ᠪᠠᠢᠬᠤ〉᠎ᠶ᠋ᠢ ᠨᠡᠪᠲᠡ ᠣᠢᠯᠠᠭᠠᠵᠤ᠂ ᠡᠭᠦᠨ᠎ᠦ ᠤᠯᠠᠮ᠎ᠢᠶᠠᠷ 〈ᠲᠦᠷᠪᠡᠨ ᠤᠬᠠᠮᠰᠠᠷ〉 ᠵᠢᠡᠨ ᠤᠯᠠᠮ ᠴᠢᠩᠭᠠᠳᠭᠠᠵᠤ᠂ 〈ᠲᠦᠷᠪᠡᠨ ᠢᠲᠡᠭᠡᠯ〉 ᠵᠢᠡᠨ ᠤᠯᠠᠮ ᠪᠠᠲᠤᠳᠭᠠᠵᠤ᠂ 〈ᠬᠣᠶᠠᠷ᠎ᠢ ᠬᠠᠮᠠᠭᠠᠯᠠᠬᠤ〉 ᠶ᠋ᠢ ᠪᠡᠶᠡᠯᠡᠭᠦᠯᠤᠨ᠎ᠠ; ᠭᠤᠷᠪᠠᠳᠤᠭᠠᠷ ᠨᠢ〈ᠪᠡᠯᠡᠳᠬᠡᠯ〉᠂ ᠬᠢᠴᠢᠶᠡᠯ᠎ᠢᠶᠡᠨ ᠨᠠᠷᠢᠨ ᠨᠢᠮᠪᠠᠶ ᠪᠡᠯᠡᠳᠭᠡᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠤᠬᠠᠭᠤᠯᠤᠨ ᠲᠠᠢᠯᠪᠤᠷᠢᠯᠠᠵᠤ᠂ ᠺᠠᠳ᠋ᠷ᠎ᠤᠨ ᠬᠥᠮᠦᠵᠢᠯ ᠪᠣᠯᠪᠠᠰᠤᠷᠠᠯ᠎ᠤᠨ ᠲᠠᠯ᠎ᠠ᠎ᠪᠠᠷ᠎ᠬᠢ ᠨᠠᠮ᠎ᠤᠨ ᠰᠤᠷᠭᠠᠭᠤᠯᠢ᠎ᠶ᠋ᠢᠨ ᠪᠠᠭ᠍ᠰᠢ᠎ᠶ᠋ᠢᠨ ᠴᠢᠬᠤᠯᠠ ᠦᠶ᠋ᠯᠡᠳᠦᠯ᠎ᠢ ᠰᠠᠢᠲᠤᠷ ᠪᠠᠳᠠᠷᠠᠭᠤᠯᠤᠨ᠎ᠠ》 ᠬᠡᠵᠥ ᠤᠷᠮ᠎ᠠ ᠳᠠᠢ ᠬᠡᠯᠡᠪᠡ᠃
ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠪᠤᠤ ᠶ᠌ᠢᠨ ᠱᠠᠨ᠂ ᠦᠳᠲᠡᠷ ᠲᠦᠷᠭᠡᠨ ᠬᠥᠳᠡᠯᠦᠯᠴᠡᠵᠦ᠍᠂ ᠤᠶᠤᠲᠠᠳ᠎ᠤᠨ ᠳᠤᠮᠳᠠ ᠬᠤᠪᠢᠰᠭᠠᠯ᠎ᠤᠨ ᠦᠯᠢᠭᠡᠷ᠎ᠢ ᠰᠠᠢᠲᠤᠷ ᠶᠠᠷᠢᠵᠤ᠂ ᠰᠤᠷᠤᠭ᠍ᠴᠢᠳ᠎ᠤᠨ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭᠠᠢ᠎ᠪᠠᠨ ᠵᠡᠪᠰᠡᠭ᠌ᠯᠡᠵᠦ᠍᠂ ᠦᠢᠯᠡᠳᠦᠯᠭᠡ᠎ᠪᠡᠨ ᠵᠢᠯᠤᠭᠤᠳᠤᠭᠤᠯᠬᠤ᠎ᠶ᠋ᠢ ᠵᠣᠷᠢᠭ᠍ᠵᠢᠭᠤᠯᠵᠤ᠂ ᠵᠠᠭᠤᠨ ᠵᠢᠯ᠎ᠦᠨ ᠨᠠᠮ᠎ᠤᠨ ᠲᠡᠦᠬᠡ᠎ᠡᠴᠡ ᠬᠤᠪᠢᠰᠭᠠᠯ᠎ᠤᠨ ᠤᠳᠤᠮᠱᠢᠯ᠎ᠢ ᠵᠠᠯᠭᠠᠮᠵᠢᠯᠠᠵᠤ᠂ ᠬᠤᠪᠢᠰᠭᠠᠯ᠎ᠤᠨ ᠤᠴᠢ᠎ᠶ᠋ᠢ ᠤᠯᠠᠮᠵᠢᠯᠠᠵᠥ᠂ ᠥᠨᠢ ᠡᠭᠦᠷᠢᠳᠡᠨᠠᠮᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠳᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ ᠭᠡᠵᠦ᠍ ᠢᠯᠡᠳᠭᠡᠪᠡ᠃
《ᠲᠥᠪ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠮᠠᠨ᠎ᠤ ᠳᠡᠷᠭᠡᠳᠡ ᠢᠷᠡᠵᠥ᠍ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠵᠤ᠂ ᠬᠦᠯᠢᠴᠡᠩᠭᠦᠢ᠎ᠪᠡᠷ ᠬᠠᠷᠢᠭᠤᠯᠲᠠ ᠥᠭ᠌ᠬᠦᠭᠰᠡᠨ ᠨᠢ᠂ ᠪᠢᠳᠡᠨ᠎ᠢ ᠲᠤᠢᠯ᠎ᠢᠶᠠᠷ ᠤᠷᠮᠠᠱᠢᠭᠤᠯᠵᠥ ᠬᠠᠯᠠᠭᠤᠨ ᠳᠣᠲᠣᠨᠣ ᠰᠠᠨᠠᠬᠳᠠᠭᠤᠯᠪᠠ᠂ ᠢᠯᠠᠩᠭᠤᠶ᠎ᠠ 〈ᠵᠠᠮ ᠨᠡᠭᠡᠭᠡᠨ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠬᠤ〉 ᠳᠤᠬᠠᠢ ᠲᠠᠢᠯᠪᠤᠷᠢᠯᠠᠯᠲᠠ ᠨᠢ ᠨᠠᠳᠠ᠎ᠳᠤ ᠭᠦᠨ ᠰᠠᠭᠤᠭ᠍ᠳᠠᠯ ᠦᠯᠡᠳᠡᠭᠡᠵᠡᠢ》 ᠬᠡᠵᠤ ᠢᠯᠢ ᠪᠦᠯᠦᠭ᠌ᠯᠡᠯ᠎ᠦᠨ ᠰᠠᠭᠠᠯᠢ᠎ᠶ᠋ᠢᠨ ᠦᠨᠢᠶᠡᠨ᠎ᠦ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠱᠢᠮ᠎ᠡ ᠲᠡᠵᠢᠭᠡᠯ᠎ᠦᠨ ᠲᠥᠪ᠎ᠦᠨ ᠡᠷᠬᠢᠯᠡᠭ᠌ᠴᠢ ᠬᠠᠨ ᠵᠢᠶ ᠢᠦᠶ ᠬᠡᠯᠡᠪᠡ᠃ ᠲᠡᠭᠦᠨ ᠤ ᠦᠵᠡᠬᠦ ᠪᠠᠷ ᠲᠡᠦᠬᠡ᠎ᠶ᠋ᠢᠨ ᠲᠤᠬᠠᠶ ᠬᠠᠮᠤᠭ᠎ᠤᠨ ᠰᠠᠢᠨ ᠳᠤᠷᠠᠳᠭᠠᠯ ᠪᠣᠯ ᠳᠠᠷᠤᠶ ᠱᠢᠨ᠎ᠡ ᠲᠡᠦᠬᠡ᠎ᠶ᠋ᠢ ᠡᠬᠦᠳᠦᠨ ᠪᠦᠳᠦᠬᠡᠬᠦ ᠶᠠᠪᠤᠳᠠᠯ ᠮᠥᠨ᠃ ᠰᠢᠯᠭᠠᠯᠳᠠ᠎ᠳᠤ ᠤᠷᠤᠯᠴᠠᠬᠤ ᠰᠢᠨ᠎ᠠ ᠠᠶᠠᠨᠳᠠᠭᠠᠨ᠂ ᠭᠠᠬᠴᠠ ᠬᠦ᠌ ᠪᠣᠰᠴᠤ᠌ ᠵᠤᠬᠰᠤᠵᠥ ᠤᠷᠤᠭ᠍ᠰᠢᠯᠠᠨ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠪᠠᠯ ᠰᠠᠶ᠍ᠢ ᠴᠠᠭ ᠦᠶ᠎ᠡ᠎ᠶ᠋ᠢ ᠬᠥᠰᠡᠷᠳᠡᠭᠦᠯᠬᠦ᠌ ᠦᠭᠡᠢ᠂ ᠵᠠᠯᠠᠭᠤ ᠨᠠᠰᠤ᠎ᠪᠠᠨ ᠬᠥᠰᠡᠷᠳᠡᠭᠦᠯᠬᠦ᠌ ᠦᠭᠡᠢ᠂ ᠨᠠᠮ ᠪᠣᠯᠤᠨ ᠠᠷᠠᠳ ᠲᠦᠮᠡᠨ᠎ᠦ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠪᠠᠢᠵᠤ ᠴᠢᠳᠠᠨ᠎ᠠ᠃ ᠰᠠᠭᠠᠯᠢ᠎ᠶ᠋ᠢᠨ ᠦᠨᠢᠶ᠎ᠡ ᠲᠡᠵᠢᠭᠡᠨ ᠦᠷᠡᠵᠢᠭᠦᠯᠬᠦ᠌ ᠮᠡᠷᠭᠡᠵᠢᠯ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ ᠪᠠ ᠦᠶ᠋ᠯᠡᠴᠢᠯᠡᠭᠡᠨ᠎ᠦ ᠠᠵᠢᠯᠲᠠᠨ ᠪᠣᠯᠤᠭ᠍ᠰᠠᠨ᠎ᠤ ᠬᠤᠪᠢ᠎ᠳᠤ᠂ ᠬᠣᠢᠱᠢᠳᠠ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠶᠠᠪᠤᠴᠠ ᠳ᠋ᠠᠭᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠣᠳᠠᠲᠤ ᠦᠢᠯᠡ ᠠᠵᠢᠯᠯᠠᠭ᠎ᠠ ᠳᠡᠭᠡᠷ᠎ᠡ᠎ᠪᠡᠨ ᠨᠠᠢᠳᠠᠪᠤᠷᠢᠵᠢᠭᠤᠯᠤᠨ᠎ᠠ᠃ ᠲᠡᠵᠢᠭᠡᠯ ᠡᠪᠡᠰᠦᠨ᠎ᠦ ᠲᠠᠯ᠎ᠠ ᠪᠡᠷ᠂ ᠲᠡᠷᠢᠭᠦᠨ᠎ᠦ ᠲᠠᠷᠢᠶᠠᠨ ᠭᠠᠵᠠᠷ᠎ᠤᠨ ᠬᠠᠮᠢᠶᠠᠷᠤᠯᠲᠠ ᠪᠠ ᠲᠠᠷᠢᠶᠠᠯᠠᠩ᠎ᠤᠨ ᠲᠣᠮᠣ ᠳ᠋ᠠᠢᠲ᠋ᠠ᠎ᠶ᠋ᠢᠨ ᠡᠬᠢ ᠪᠠᠶᠠᠯᠢᠭ᠎ᠢ ᠣᠷᠣᠭᠤᠯᠤᠨ ᠠᠪᠴᠢᠷᠠᠵᠤ᠂ ᠲᠡᠵᠢᠭᠡᠯ ᠡᠪᠡᠰᠦᠨ ᠦ ᠶᠠᠰᠤ ᠴᠢᠨᠠᠷ ᠪᠠ ᠤᠨᠠᠯᠲᠠ᠎ᠶ᠋ᠢ ᠦᠨᠳᠦᠰᠦᠨ ᠡᠴᠡ ᠨᠢ ᠳᠡᠭᠡᠭ᠌ᠰᠢᠯᠡᠭᠦᠯᠦᠨ᠎ᠡ᠃ ᠮᠠᠯᠵᠢᠯ᠎ᠤᠨ ᠲᠠᠯᠠᠪᠠᠶ᠎ᠶ᠋ᠢᠨ ᠲᠠᠯ᠎ᠠ ᠪᠡᠷ᠂ ᠮᠠᠯᠵᠢᠯ᠎ᠤᠨ ᠲᠠᠯᠠᠪᠠᠶ᠎ᠶ᠋ᠢᠨ ᠨᠠᠷᠢᠯᠢᠭ ᠡᠵᠡᠩᠨᠡᠯᠲᠡ᠂ ᠨᠠᠷᠢᠯᠢᠭ ᠣᠨᠣᠴᠠᠲᠠᠶ᠎ᠪᠠᠷ ᠲᠡᠵᠢᠭᠡᠬᠦ᠌᠎ᠶ᠋ᠢ ᠠᠬᠢᠭᠤᠯᠵᠤ᠂ ᠮᠠᠯᠵᠢᠯ᠎ᠤᠨ ᠲᠠᠯᠠᠪᠠᠶ᠎ᠶ᠋ᠢᠨ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠵᠦ᠍᠂ ᠡᠷᠡᠭᠦᠯ᠎ᠢᠶᠡᠷ ᠬᠥᠭ᠌ᠵᠢᠬᠦ᠌᠎ᠶ᠋ᠢ ᠪᠡᠶᠡᠯᠡᠭᠦᠯᠦᠨ᠎ᠡ ᠬᠡᠪᠡ᠃
ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠬᠢᠮᠢ ᠪᠠ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠳᠡᠭᠡᠳᠦ ᠰᠤᠷᠭᠠᠭᠤᠯᠢ᠎ᠶ᠋ᠢᠨ ᠮᠠᠲ᠋ᠧᠷᠢᠶᠠᠯ᠎ᠤᠨ ᠹᠢᠽᠢᠺ ᠪᠠ ᠬᠢᠮᠢ᠎ᠶ᠋ᠢᠨ ᠲᠤᠰᠭᠠᠶ ᠮᠡᠷᠭᠡᠵᠢᠯ᠎ᠦᠨ 2019 ᠣᠨ᠎ᠤ ᠠᠰᠫᠢᠷᠠᠨᠲ ᠬᠠᠨ ᠰᠢ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠄ 《ᠲᠤᠬᠠᠶ᠎ᠶ᠋ᠢᠨ ᠲᠠᠯᠠᠪᠠᠶ᠎ᠳᠤ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠲᠤᠢᠯ᠎ᠢᠶᠠᠷ ᠤᠷᠮᠠᠱᠢᠨ ᠵᠣᠷᠢᠭ᠍ᠵᠢᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠩ ᠭᠦᠨᠵᠡᠭᠡᠶ ᠣᠢᠯᠠᠭᠠᠪᠠ᠃ ᠮᠠᠨ᠎ᠤ ᠵᠠᠯᠠᠭᠤᠴᠤᠳ ᠡᠨᠡ ᠰᠠᠢᠬᠠᠨ ᠴᠠᠭ ᠦᠶ᠎ᠡ᠎ᠳᠦ ᠲᠦᠷᠦᠵᠤ᠂ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠨ᠎ᠠ᠂ ᠪᠢ ᠲᠤᠰᠭᠠᠢ ᠮᠡᠷᠭᠡᠵᠢᠯ᠎ᠦᠨ ᠮᠡᠳᠡᠯᠭᠡ᠎ᠪᠡᠷ ᠲᠤᠰᠭᠠᠢ ᠮᠡᠷᠭᠡᠵᠢᠯ᠎ᠦᠨ ᠠᠰᠠᠭᠤᠳᠠᠯ᠎ᠢ ᠱᠢᠢᠳᠪᠦᠷᠢᠯᠡᠵᠦ᠍᠂ ᠯᠠᠪᠳᠠᠭᠤᠨ ᠪᠠᠲᠤᠲᠠᠢ ᠠᠵᠢᠯᠯᠠᠵᠤ᠂ ᠮᠡᠳᠡᠯᠭᠡ᠎ᠶ᠋ᠢ ᠰᠠᠢᠲᠤᠷ ᠰᠤᠷᠴᠤ᠌᠂ ᠡᠷᠳᠡᠮ ᠴᠢᠳᠠᠪᠤᠷᠢ᠎ᠪᠠᠨ ᠨᠡᠮᠡᠭ᠌ᠳᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ ᠪᠣᠯᠤᠨ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠦ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠵᠡᠢ᠃
ᠵᠠᠭᠤᠨ ᠵᠢᠯ᠎ᠦᠨ ᠠᠶᠠᠨ ᠬᠥᠮᠦᠰ᠎ᠤᠨ ᠰᠡᠳᠬᠢᠯ᠎ᠢ ᠤᠷᠮᠠᠰᠢᠭᠤᠯᠤᠨ ᠵᠣᠷᠢᠭ᠍ᠵᠢᠭᠤᠯᠤᠨ᠎ᠠ᠃ ᠥᠩᠭᠡᠷᠡᠭ᠌ᠰᠡᠨ ᠵᠠᠭᠤᠨ ᠵᠢᠯ᠎ᠳᠦ᠂ ᠨᠠᠮ᠎ᠡᠴᠡ ᠠᠷᠠᠳ ᠲᠦᠮᠡᠨ᠂ ᠲᠡᠦᠬᠡᠳᠦ ᠨᠢᠭᠡ ᠬᠤᠪᠢ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ ᠵᠢ ᠲᠤᠱᠢᠶᠠᠪᠠ᠃ ᠤᠳᠤ᠂ ᠨᠠᠮ᠎ᠡᠴᠡ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠳᠤ ᠣᠷᠣᠯᠴᠠᠬᠤ ᠵᠠᠮ᠎ᠢ ᠡᠯᠭᠦᠪᠡ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ᠎ᠢ ᠰᠣᠨᠣᠰᠤᠭ᠍ᠰᠠᠨ᠎ᠤ ᠳᠠᠷᠠᠭ᠎ᠠ᠂ ᠬᠢᠩᠭᠠᠨ ᠠᠢᠮᠠᠭ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ᠎ᠦᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠵᠢᠶ ᠴᠢᠩ ᠯᠸ᠋᠄ 《ᠥᠨᠥᠳᠦᠷ᠎ᠦᠨ ᠭᠤᠢᠳᠠ ᠰᠠᠢᠬᠠᠨ ᠤᠬᠠᠭᠤᠯᠤᠨ ᠲᠠᠢᠯᠪᠤᠷᠢᠯᠠᠯᠲᠠ᠎ᠨᠢ ᠪᠢᠳᠡᠨ᠎ᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠨᠠᠩ ᠭᠦᠨᠵᠡᠭᠡᠶ ᠲᠠᠨᠢᠯᠲᠠ᠎ᠲᠠᠶ ᠪᠣᠯᠭᠠᠵᠠᠶ᠃ ᠬᠣᠢᠱᠢᠳᠠ᠂ ᠪᠢᠳᠡ ᠠᠲᠠᠷ ᠬᠠᠭᠠᠯᠪᠤᠷᠢᠯᠠᠯᠲᠠ᠎ᠶ᠋ᠢᠨ ᠪᠣᠳᠠᠲᠤ ᠪᠠᠢᠳᠠᠯ᠎ᠤᠨ ᠲᠣᠭᠣᠷᠢᠨ᠎ᠳᠤ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠯᠢᠭ ᠪᠣᠳᠠᠲᠠᠶ ᠨᠠᠢᠳᠠᠪᠤᠷᠢᠵᠢᠭᠤᠯᠵᠤ᠂ ᠠᠵᠤ ᠠᠬᠤᠢᠯᠠᠯ᠎ᠢᠶᠠᠨ ᠪᠤᠵᠠᠭᠠᠢᠷᠠᠭᠤᠯᠵᠤ᠂ ᠬᠦᠴᠦᠷᠬᠡᠭ᠌ᠵᠢᠭᠦᠯᠵᠦ᠍᠂ ᠱᠢᠯᠢᠳᠡᠭ᠌ᠵᠢᠭᠦᠯᠵᠦ᠍᠂ ᠬᠠᠮᠲᠤ᠎ᠪᠠᠷ ᠪᠠᠶᠠᠵᠢᠬᠤ ᠶ᠋ᠢ ᠪᠡᠶᠡᠯᠡᠭᠦᠯᠬᠦ᠌᠎ᠳᠦ ᠬᠠᠷᠢᠭᠤᠴᠠᠯᠭ᠎ᠠ ᠡᠭᠦᠷᠭᠡᠯᠡᠵᠦ᠍᠂ ᠬᠦᠴᠦᠨ ᠴᠢᠳᠠᠯ᠎ᠢᠶᠠᠨ ᠡᠷᠭᠦᠨ᠎ᠡ》 ᠭᠡᠵᠤ ᠬᠦᠨ ᠰᠡᠳᠬᠢᠯᠬᠡ ᠲᠠᠢ ᠪᠡᠷ ᠬᠡᠯᠡᠪᠡ᠃
ᠦᠬᠠᠢ ᠬᠤᠲᠠ᠎ᠶ᠋ᠢᠨ ᠨᠠᠮ᠎ᠤᠨ ᠬᠣᠷᠢᠶᠠᠨ᠎ᠤ ᠯᠧᠺᠲ᠋ᠣᠷ᠎ᠤᠨ ᠪᠦᠯᠬᠦᠮ᠎ᠦᠨ ᠳᠡᠳ᠋ ᠳᠠᠷᠤᠭ᠎ᠠ ᠵᠢᠶᠠᠩ ᠬᠦᠢ ᡁᠢ᠄ 《ᠪᠦᠬᠦ ᠳᠠᠯᠠᠪᠠᠢ ᠵᠢᠨ ᠤᠬᠠᠭᠤᠯᠤᠨ ᠲᠠᠢᠯᠪᠤᠷᠢᠯᠠᠯᠳᠠ ᠨᠢ ᠪᠦᠬᠦ᠌ ᠲᠠᠯᠠᠵᠢᠨᠱᠢᠰᠲ᠋ᠧᠮᠲᠡᠶ᠂ ᠭᠣᠣᠯᠳᠠᠯᠭᠠᠳᠤᠪᠤᠢᠮᠠ᠂ ᠲᠠᠢᠯᠪᠤᠷᠢᠯᠠᠯᠳᠠ ᠬᠦᠨᠵᠡᠬᠡᠢ ᠪᠠᠢᠵᠥ᠂ ᠮᠢᠨᠦ᠍ ᠲᠠᠷᠠᠭᠠᠴᠢ᠎ᠶ᠋ᠢᠨ ᠤᠬᠠᠭᠤᠯᠤᠨ ᠲᠠᠢᠯᠪᠤᠷᠢᠯᠠᠬᠤ ᠠᠵᠢᠯ᠎ᠳᠤ ᠮᠠᠰᠢ ᠶᠡᠬᠡ ᠵᠢᠯᠤᠭᠤᠳᠤᠯᠭ᠎ᠠ ᠪᠠ ᠬᠠᠪᠰᠤᠷᠤᠯᠭ᠎ᠠ ᠬᠠᠩᠭᠠᠬᠤ ᠪᠤᠯᠤᠨ᠎ᠠ᠃ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢ ᠰᠤᠷᠤᠯᠴᠠᠵᠤ᠂ ᠭᠣᠣᠯ ᠠᠭᠤᠯᠭ᠎ᠠ ᠵᠢᠴᠢ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠢ ᠣᠢᠯᠠᠭᠠᠵᠤ᠂ ᠯᠠᠪᠳᠠᠭᠤᠨ ᠪᠠᠲᠤᠲᠠᠢ ᠪᠠᠷ ᠬᠢᠴᠢᠶᠡᠯ ᠪᠡᠯᠡᠳᠭᠡᠨ᠎ᠡ᠃ ᠡᠭᠦᠨ ᠦ ᠵᠡᠷᠭᠡᠪᠡᠷᠦᠨᠳᠦᠰᠦᠨᠱᠠᠲᠤᠨᠤ ᠡᠮᠦᠨ᠎ᠡ ᠹᠷᠣᠨᠲ᠎ᠲᠤ ᠬᠦᠷᠴᠦ᠍ ᠠᠳᠠᠯᠢ ᠪᠤᠰᠤ ᠰᠤᠨᠤᠰᠤᠬᠴᠢᠳ ᠲᠤ᠌ᠵᠤᠷᠢᠭᠤᠯᠤᠬᠰᠠᠨ᠂ ᠤᠯᠠᠨ᠎ᠯᠤᠭ᠎ᠠ ᠬᠤᠷᠱᠢᠯᠴᠠᠬᠤ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠵᠢ ᠥᠷᠨᠢᠭᠦᠯᠵᠦ᠍᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠷᠠᠳᠠᠯ᠎ᠠ ᠶᠠᠷᠢᠵᠤ᠂ ᠪᠦᠬᠦᠳᠠ ᠬᠤᠷᠠᠯᠤᠨᠵᠣᠷᠢᠭᠰᠠᠨᠠᠭᠠᠶ᠋ᠢᠴᠠᠭᠲᠤᠬᠠᠢᠳᠤᠨᠢᠺᠠᠳ᠋ᠷᠤᠯᠠᠨᠲᠦᠮᠡᠨᠦᠳᠡᠷᠭᠡᠳᠡ ᠬᠦᠷᠭᠡᠨ᠎ᠡ》 ᠭᠡᠪᠡ᠃
《ᠡᠨᠡ ᠤᠳᠠᠭ᠎ᠠ ᠶ᠋ᠢᠨ ᠤᠬᠠᠭᠤᠯᠤᠨ ᠲᠠᠢᠯᠪᠤᠷᠢᠯᠠᠯᠲᠠ ᠮᠠᠰᠢ ᠴᠠᠭ᠎ᠲᠠᠭᠠᠨ ᠲᠤᠬᠢᠷᠠᠵᠠᠢ᠃ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠭᠤ᠎ᠪᠠᠷ ᠲᠠᠮᠵᠢᠨ᠂ ᠪᠢ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠱᠢᠯᠭ᠎ᠠ᠎ᠳᠤ ᠨᠡᠩᠭᠦᠨᠵᠡᠭᠡᠢᠲᠠᠨᠢᠯᠲᠠᠲᠠᠶᠪᠣᠯᠤᠭ᠍ᠰᠠᠨ ᠪᠥᠭᠡᠳ ᠲᠡᠦᠬᠡ᠎ᠪᠡᠷ ᠲᠤᠯᠢ ᠪᠣᠯᠭᠠᠬᠤ᠂ ᠢᠷᠡᠭᠡᠳᠦᠢ᠎ᠶ᠋ᠢ ᠨᠡᠭᠡᠭᠡᠬᠦ᠌ ᠢᠲᠡᠭᠡᠯ ᠵᠣᠷᠢᠭ᠎ᠢᠶᠠᠨ ᠴᠢᠨᠠᠭ᠍ᠰᠢᠳᠠ ᠪᠠᠲᠤᠳᠭᠠᠵᠠᠢ》 ᠬᠡᠵᠤ ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠸᠠᠩ ᡁᠢ ᠭᠦᠸᠧ᠂ ᠲᠠᠷᠠᠭᠠᠴᠢ᠎ᠶ᠋ᠢᠨ ᠠᠯᠬᠤᠮ᠎ᠳᠤ᠂ ᠪᠢᠳᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠱᠢᠯᠠᠭᠤᠯᠵᠤ᠂ ᠵᠠᠩᠭᠢᠯᠠᠭ᠎ᠠ᠎ᠶ᠋ᠢᠨ ᠴᠥᠭᠡᠨ ᠲᠣᠭᠠᠳᠠᠨᠤ ᠵᠢᠱ᠌ᠢᠶ᠎ᠡ ᠦᠵᠡᠭᠦᠯᠵᠥ ᠳᠠᠢᠴᠢᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠡᠯ᠎ᠡ ᠬᠣᠱᠢᠭᠤ ᠱᠢᠶᠠᠨ ᠬᠣᠲᠠ (ᠲᠣᠭᠣᠷᠢᠭ) ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ ᠦᠨᠳᠦᠰᠦᠨ ᠱᠠᠲᠤᠨ᠎ᠳᠤ ᠭᠦᠨᠵᠡᠭᠡᠢᠷᠡᠨ᠂ ᠤᠬᠠᠭᠤᠯᠤᠨ ᠲᠠᠢᠯᠪᠤᠷᠢᠯᠠᠬᠤ ᠠᠵᠢᠯ᠎ᠢ ᠦᠷᠨᠢᠬᠦᠯᠵᠥ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠶ᠋ᠢ ᠱᠢᠯᠢ ᠶ᠋ᠢᠨ ᠭᠤᠤᠯ ᠠᠢᠮᠠᠭ ᠲᠤ ᠲᠤᠭᠤᠰᠢᠯᠠᠭᠤᠯᠤᠨ ᠨᠠᠢᠳᠠᠪᠤᠷᠢᠵᠢᠭᠤᠯᠵᠤ ᠪᠤᠳᠠᠳᠤ ᠦᠷ᠎ᠠ ᠪᠦᠳᠦᠮᠵᠢ ᠭᠠᠷᠭᠠᠨ᠎ᠠ ᠭᠡᠪᠡ᠃
ᠵᠠᠭᠤᠨ ᠵᠢᠯ᠎ᠦᠨ ᠲᠡᠮᠡᠴᠡᠯ ᠨᠢ ᠬᠥᠮᠦᠰ᠎ᠢ ᠤᠷᠮᠠᠱᠢᠭᠤᠯᠤᠨ ᠵᠤᠷᠢᠬᠵᠢᠭᠤᠯᠤᠨ᠎ᠠ᠂ ᠲᠦᠪᠯᠡᠷᠡᠬᠦᠯᠤᠨ ᠤᠬᠠᠭᠤᠯᠤᠨ ᠲᠠᠢᠯᠪᠤᠷᠢᠯᠠᠬᠤ ᠨᠢ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠬᠰᠡᠨ ᠬᠥᠮᠦᠰ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃
(ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠬᠤᠤ ᠵᠢᠶᠠ ᠯᠢ ᠰᠤᠷᠪᠤᠯᠵᠢᠯᠠᠭ᠍ᠴᠢ ᠰᠦᠩ ᠱᠤᠸᠠᠩ ᠬᠤᠤ ᠪᠢᠶᠤᠤ ᠬᠤᠷᠴᠠ ᠭᠤᠤ ᠮᠢᠨ ᠨᠠ ᠪᠢᠯᠢᠭ᠌ᠪᠠᠭᠠᠲᠤᠷ ᠶᠡᠷᠦᠩᠬᠡᠢᠯᠡᠨ ᠮᠡᠳᠡᠭᠡᠯᠡᠪᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃