ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-11-26 10:29:06

ᠵᠣᠬᠢᠶᠠᠭ᠍ᠴᠢ᠄ ᠨᠠᠪᠴᠢ ᠣᠩᠱᠢᠭ᠍ᠰᠠᠨ ᠣᠳᠠᠭ᠎ᠠ᠄ 3

ᠤᠢᠷ᠎ᠠ᠎ᠳᠦ᠂ ᠥᠪᠤᠷ ᠮᠤᠩᠭᠤᠯ᠎ᠤᠨ ᠰᠤᠷᠭᠠᠨ ᠬᠥᠮᠦᠵᠢᠯ᠎ᠦᠨ ᠲᠢᠩᠬᠢᠮ᠎ᠦᠨ ᠨᠠᠮ᠎ᠤᠨᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ 2021 ᠣᠨ᠎ᠤ 18 ᠳ᠋ᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ᠎ᠬᠢᠵᠤ᠂ ᠨᠠᠮ᠎ᠤᠨᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠰᠤᠷᠤᠯᠴᠠᠨ ᠤᠯᠠᠮᠵᠢᠯᠠᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃

ᠬᠤᠷᠠᠯ ᠡᠴᠡ᠂ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠪᠣᠯ ᠮᠠᠨ᠎ᠤᠨᠠᠮ᠎ᠤᠨ ᠵᠠᠭᠤᠨ ᠵᠢᠯ᠎ᠦᠨ ᠤᠢ᠎ᠶ᠋ᠢᠨ ᠴᠢᠬᠤᠯᠠ ᠴᠠᠭ ᠮᠥᠴᠡ᠂ 《ᠬᠣᠣᠰ ᠵᠠᠭᠤᠨᠵᠢᠯ》 ᠤ᠋ᠨ ᠲᠡᠮᠡᠴᠡᠬᠦ᠌ ᠬᠠᠷᠠᠯᠲᠠ᠎ᠶ᠋ᠢᠨ ᠲᠡᠦᠬᠡ᠎ᠶ᠋ᠢᠨ ᠠᠭᠤᠯᠵᠠᠷ᠎ᠲᠤ ᠬᠤᠷᠠᠯᠳᠤᠭ᠍ᠰᠠᠨ ᠨᠢᠭᠡ ᠤᠳᠠᠭ᠎ᠠ᠎ᠶ᠋ᠢᠨᠴᠢᠬᠤᠯᠠ ᠬᠤᠷᠠᠯ ᠪᠠᠢᠵᠤ᠂ ᠨᠠᠮ᠎ᠤᠨ ᠲᠡᠦᠬᠡᠨ ᠳᠡᠭᠡᠷ᠎ᠡᠬᠥᠱᠢᠢ᠎ᠡ ᠳᠤᠷᠠᠰᠭᠠᠯ᠎ᠤᠨ ᠠᠴᠢ ᠬᠣᠯᠪᠣᠭ᠍ᠳᠠᠯ᠎ᠲᠠᠶ ᠶᠤᠮ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷᠰᠤᠷᠤᠯᠴᠠᠵᠤ᠂ ᠰᠠᠢᠲᠤᠷ ᠤᠬᠠᠭᠤᠯᠵᠤ᠂ ᠰᠠᠢᠲᠤᠷ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠬᠡᠰᠡᠭᠬᠤᠭᠤᠴᠠᠭᠠᠨ᠎ᠤ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ ᠲᠡᠷᠢᠭᠦᠨ ᠴᠢᠬᠤᠯᠠ ᠤᠯᠤᠰ ᠲᠥᠷᠥ᠎ᠶ᠋ᠢᠨᠡᠭᠦᠷᠭᠡ ᠪᠣᠯᠤᠨ᠎ᠠ ᠬᠡᠵᠦ ᠵᠢᠭᠠᠵᠤ ᠭᠠᠷᠭᠠᠪᠠ᠃

ᠬᠤᠷᠠᠯ ᠡᠴᠡ᠂ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠᠰᠤᠷᠤᠯᠴᠠᠬᠤ᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ) ᠶ᠋ᠢᠨ ᠣᠨᠣᠯᠰᠤᠷᠤᠯᠴᠠᠬᠤ ᠭᠤᠤᠯ ᠳᠤᠭᠤᠢᠯᠠᠩ᠎ᠤᠨ ᠰᠤᠷᠤᠯᠴᠠᠯᠭ᠎ᠠ᠂ ᠦᠨᠳᠦᠰᠦᠨ ᠱᠠᠲᠤᠨ᠎ᠤ ᠨᠠᠮ᠎ᠤᠨ ᠡᠭᠦᠷ᠎ᠦᠨ ᠰᠤᠷᠤᠯᠴᠠᠯᠭ᠎ᠠᠶᠠᠷᠢᠯᠴᠠᠭ᠎ᠠ ᠰᠣᠯᠢᠯᠴᠠᠭ᠎ᠠ᠂ ᠲᠤᠰᠭᠠᠶ ᠰᠡᠳᠦᠪᠲᠦ ᠪᠣᠯᠪᠠᠰᠤᠷᠠᠯ ᠵᠡᠷᠭᠡ ᠣᠯᠠᠨ ᠵᠦᠶ᠋ᠯ᠎ᠦᠨ ᠬᠡᠯᠪᠡᠷᠢ᠎ᠪᠡᠷᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ᠎ᠶ᠋ᠢᠨᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》 ᠎ᠶ᠋ᠢ ᠨᠠᠷᠢᠨ ᠬᠢᠨᠠᠮᠠᠭᠠᠶ ᠰᠤᠷᠤᠯᠴᠠᠵᠤ᠂ ᠵᠣᠷᠢᠭ ᠰᠠᠨᠠᠭᠠᠨ᠎ᠤ ᠮᠥᠨ ᠴᠢᠨᠠᠷ᠎ᠢ᠎ᠨᠢ ᠨᠡᠪᠲᠡᠷᠡᠲᠡᠯ᠎ᠡᠤᠢᠯᠠᠭᠠᠵᠤ ᠂ ᠭᠤᠤᠯ ᠠᠭᠤᠯᠭ᠎ᠠ᠎ᠶ᠋ᠢ᠎ᠨᠢ ᠡᠵᠡᠮᠰᠢᠬᠦ ᠬᠡᠷᠡᠭ᠌ᠲᠡᠶ᠃ ᠤᠳᠤᠷᠢᠳᠤᠯᠭ᠎ᠠ ᠲᠦᠷᠦᠭᠦᠯᠡᠨ ᠰᠤᠷᠤᠯᠴᠠᠬᠤ᠂ᠨᠡᠪᠲᠡᠷᠡᠲᠡᠯ᠎ᠡ ᠰᠤᠷᠤᠯᠴᠠᠬᠤ᠂ ᠪᠣᠳᠠᠲᠠᠶ᠎ᠲᠠᠶ ᠤᠶᠠᠯᠳᠤᠭᠤᠯᠤᠨ ᠰᠤᠷᠤᠯᠴᠠᠬᠤ᠎ᠶ᠋ᠢ ᠪᠠᠷᠢᠮᠲᠠᠯᠠᠵᠤ᠂ ᠪᠥᠬᠥᠳᠡᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢᠦᠨᠡᠨ ᠬᠦ᠌ ᠪᠠᠲᠤᠯᠠᠬᠤ ᠬᠡᠷᠡᠭ᠌ᠲᠡᠶ᠃ ᠨᠠᠮ᠎ᠤᠨ ᠭᠡᠱᠢᠭᠦᠨ ᠺᠠᠳ᠋ᠷ ᠪᠣᠯᠤᠨ ᠥᠷᠭᠡᠨ ᠣᠯᠠᠨ ᠪᠠᠭ᠍ᠰᠢᠰᠤᠷᠤᠭ᠍ᠴᠢᠳ᠎ᠲᠤ ᠬᠠᠨᠳᠤᠭᠤᠯᠤᠭ᠍ᠰᠠᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ᠦᠵᠡᠮᠵᠢ᠎ᠶ᠋ᠢᠨ ᠬᠡᠯᠪᠡᠷᠢ ᠵᠢᠨ᠂ ᠪᠣᠰᠣᠭ᠎ᠠ ᠴᠣᠭ᠍ᠴᠠᠲᠤ᠂ ᠥᠨᠳᠥᠷ ᠳᠠᠪᠲᠠᠮᠵᠢᠲᠤ ᠤᠬᠠᠭᠤᠯᠭ᠎ᠠ᠎ᠶ᠋ᠢ ᠥᠷᠨᠢᠭᠦᠯᠵᠦ᠍᠂ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠦᠨᠡᠨ ᠬᠦ᠌ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠲᠡᠮᠡᠴᠡᠯ᠎ᠦᠨ ᠵᠣᠷᠢᠭ᠎ᠢᠶᠠᠨ ᠪᠠᠳᠤᠳᠬᠠᠬᠤ ᠬᠡᠷᠡᠭ᠌ᠲᠡᠶ ᠬᠡᠵᠦ ᠴᠢᠬᠤᠯᠠᠴᠢᠯᠠᠪᠠ᠃

ᠪᠥᠬᠥ᠌ ᠣᠷᠣᠨ᠎ᠤᠰᠤᠷᠭᠠᠨ ᠬᠥᠮᠦᠵᠢᠯ᠎ᠦᠨ ᠱᠢᠰᠲ᠋ᠧᠮ᠎ᠦᠨ ᠬᠢᠨ ᠰᠤᠷᠤᠯᠴᠠᠯᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠂ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ᠎ᠶ᠋ᠢᠨᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠵᠢᠭᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠦᠨ ᠲᠠᠩᠬᠢᠮ᠎ᠳᠤᠣᠷᠣᠭᠤᠯᠬᠤ᠂ ᠲᠠᠷᠢᠬᠢ ᠲᠣᠯᠣᠭᠠᠢ ᠪᠠᠨ ᠵᠡᠪᠰᠡᠭᠯᠡᠬᠦ ᠵᠢᠰᠠᠢᠳᠤᠷ ᠬᠢᠵᠦ᠂ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠵᠢᠭᠦᠯᠦᠭ᠌ᠰᠡᠨ ᠦᠷ᠎ᠡ ᠪᠦᠲᠦᠭᠡᠯ᠎ᠵᠢᠡᠨ ᠪᠥᠬᠥ᠌ ᠲᠠᠯ᠎ᠠ᠎ᠪᠠᠷᠪᠡᠬᠢᠵᠢᠭᠦᠯᠦᠨ ᠳᠡᠭᠡᠭ᠌ᠰᠢᠯᠡᠭᠦᠯᠵᠦ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠦᠨ ᠰᠤᠷᠭᠠᠨᠬᠥᠮᠦᠵᠢᠯ ᠵᠢᠭᠠᠨ ᠰᠤᠷᠭᠠᠯᠲᠠ᠎ᠶ᠋ᠢᠨ ᠠᠵᠢᠯ᠎ᠢ ᠴᠢᠩᠭᠠᠳᠭᠠᠵᠤ᠂ ᠴᠢᠨᠠᠷ ᠰᠠᠢᠲᠠᠢ ᠰᠤᠷᠭᠠᠨ ᠬᠥᠮᠦᠵᠢᠯ᠎ᠦᠨ ᠱᠢᠰᠲ᠋ᠧᠮ᠎ᠢᠪᠠᠢᠭᠤᠯᠬᠤ᠎ᠶ᠋ᠢ ᠢᠳᠡᠪᠬᠢᠲᠡᠢ ᠠᠬᠢᠭᠤᠯᠵᠤ᠂ ᠶᠡᠬᠡ ᠳᠡᠭᠡᠳᠦ ᠰᠤᠷᠭᠠᠭᠤᠯᠢ᠎ᠳᠤ ᠰᠤᠷᠤᠭᠴᠢ ᠡᠯᠰᠡᠬᠦ᠌ ᠤᠯᠤᠰ᠎ᠤᠨᠨᠢᠬᠡᠳᠦᠯᠳᠡᠢ ᠱᠢᠯᠭᠠᠯᠲᠠ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠡᠬᠢᠯᠡᠬᠦᠯᠵᠦ᠂ ᠣᠯᠠᠨ ᠲᠦᠮᠡᠨ᠎ᠦᠰᠤᠷᠭᠠᠨ ᠬᠥᠮᠦᠵᠢᠯ᠎ᠦᠨ ᠲᠤᠬᠠᠢ ᠠᠰᠠᠭᠤᠳᠠᠯ᠎ᠢ ᠦᠷᠭᠦᠯᠵᠢᠯᠡᠨ ᠱᠢᠶ᠋ᠳᠪᠦᠷᠢᠯᠡᠵᠦ᠂ ᠰᠤᠷᠤᠯᠴᠠᠯᠭ᠎ᠠ᠎ᠶ᠋ᠢᠨ ᠦᠷ᠎ᠡᠪᠦᠲᠦᠭᠡᠯ᠎ᠢ ᠰᠤᠷᠭᠠᠨ ᠬᠥᠮᠦᠵᠢᠯ᠎ᠦᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠬᠤ ᠪᠣᠯᠭᠠᠨ ᠬᠤᠪᠢᠷᠠᠭᠤᠯᠬᠤᠬᠡᠷᠡᠭᠳᠡᠢ ᠬᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠨ ‍ᠤ ᠰᠤᠨᠢᠨ ᠮᠡᠳᠡᠬᠡ᠎ᠶᠢᠨ ᠰᠦᠯᠵᠢᠶ᠎ᠠ
兼容浏览器的HTML页面