ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-11-29 07:21:48

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

ᠲᠦᠷᠦᠭᠦᠭᠡᠨ᠂ ᠪᠠᠶᠠᠨᠨᠠᠭᠤᠷ ᠬᠣᠲᠠ᠎ᠶ᠋ᠢᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯᠰᠤᠷᠤᠯᠴᠠᠬᠤ ᠭᠤᠤᠯ ᠳᠤᠭᠤᠢᠯᠠᠩ ᠰᠤᠷᠤᠯᠴᠠᠯᠭ᠎ᠠ᠎ᠶ᠋ᠢᠨ( ᠥᠷᠭᠡᠳᠭᠡᠭ᠌ᠰᠡᠨ ) ᠬᠤᠷᠠᠯ ᠬᠢᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠪᠠᠢᠷᠢᠯᠠᠭᠤᠯᠪᠠ᠃

ᠬᠤᠷᠠᠯ᠎ᠠᠴᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤᠵᠢᠷᠭᠤᠳᠤᠭᠠᠷ ᠪᠥᠬᠥᠳᠡ ᠬᠤᠷᠠᠯ ᠡᠴᠨ ᠬᠢᠨᠠᠨ ᠵᠥᠪᠯᠡᠵᠦ᠍ ᠪᠠᠲᠤᠯᠠᠭ᠍ᠰᠠᠨ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡ᠎ᠶ᠋ᠢᠨᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》 ᠪᠣᠯ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠣᠭ ᠰᠠᠨᠠᠭ᠎ᠠᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢᠪᠠᠷᠢᠮᠲᠠᠯᠠᠨ ᠬᠥᠭ᠌ᠵᠢᠭᠦᠯᠬᠦ᠌ ᠤᠯᠤᠰ ᠲᠥᠷᠥ᠎ᠶ᠋ᠢᠨ ᠲᠤᠩᠬᠠᠭ ᠮᠥᠨ᠂ ᠲᠡᠦᠬᠡ᠎ᠪᠡᠷ ᠲᠣᠯᠢ ᠪᠣᠯᠭᠠᠵᠤ᠂ ᠢᠷᠡᠭᠡᠳᠦᠶ᠎ᠶ᠋ᠢᠴᠤᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ᠠᠵᠢᠯᠯᠠᠭᠠᠨ᠎ᠤ ᠵᠦᠭ᠌ᠯᠡᠭᠦᠷ ᠮᠥᠨ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ᠎ᠤᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ ᠬᠡᠮᠡᠨ ᠵᠢᠭᠠᠵᠤᠭᠠᠷᠭᠠᠪᠠ᠃

ᠬᠤᠷᠠᠯ᠎ᠠᠴᠠ᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡ᠎ᠶ᠋ᠢᠨ ᠲᠤᠷᠱᠢᠯᠭ᠎ᠠ᠎ᠶ᠋ᠢᠨ ᠲᠤᠬᠠᠢ ᠳᠤᠮᠳᠠᠳᠤ ᠤᠯᠤᠰ᠎ᠤᠨ ᠡᠪᠬᠠᠮᠲᠤ ᠨᠠᠮ᠎ᠤᠨ ᠲᠥᠪ ᠬᠣᠷᠢᠶᠠᠨ᠎ᠤ ᠱᠢᠢᠳᠪᠦᠷᠢ》 ᠵᠢᠨ ᠡᠯᠪᠡᠭ ᠪᠠᠶᠠᠯᠢᠭᠠᠭᠤᠯᠤᠭ᠍ᠳᠠᠬᠤᠨ ᠪᠣᠯᠤᠨ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ᠡᠭᠦᠨ᠎ᠦ ᠤᠯᠠᠮ᠎ᠢᠶᠠᠷ ᠤᠶᠤᠨ ᠤᠬᠠᠭᠠᠨ ᠪᠣᠯᠤᠨ ᠬᠦᠴᠦᠨ ᠴᠢᠳᠠᠯ᠎ᠢ ᠲᠠᠰᠤᠷᠠᠯᠳᠠ ᠦᠭᠡᠢ ᠤᠯᠬᠤ ᠬᠡᠷᠡᠭ᠌ᠲᠡᠢ᠃ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠲᠦ ᠠᠴᠢ ᠬᠣᠯᠪᠣᠭ᠍ᠳᠠᠯ᠎ᠢᠣᠨᠣᠪᠴᠢᠲᠠᠢ ᠡᠵᠡᠮᠳᠡᠵᠦ᠍᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠣᠮᠣᠭ᠍ᠰᠢᠯᠲᠤ ᠠᠮᠵᠢᠯᠲᠠ ᠳᠤᠮᠳᠠ᠎ᠡᠴᠨᠢᠲᠡᠭᠡᠯ ᠵᠣᠷᠢᠭ᠎ᠢᠶᠠᠨ ᠪᠠᠲᠤᠳᠭᠠᠵᠤ᠂ ᠲᠡᠮᠡᠴᠡᠯ᠎ᠦᠨ ᠵᠣᠷᠢᠭ᠎ᠢᠶᠠᠨ ᠬᠥᠪᠴᠢᠯᠡᠬᠦ᠌ ᠬᠡᠷᠡᠭ᠌ᠲᠡᠢ᠃ ᠨᠠᠮ᠎ᠤᠨᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ᠎ᠶ᠋ᠢ ᠣᠨᠣᠪᠴᠢᠲᠠᠢ ᠡᠵᠡᠮᠳᠡᠵᠦ᠍᠂ ᠲᠡᠭᠦᠨ᠎ᠢ ᠦᠨᠡᠨ᠎ᠬᠦ᠌ᠪᠠᠲᠤ ᠴᠢᠡᠭᠭ᠎ᠠ ᠤᠯᠤᠰ ᠲᠦᠷᠦ᠍᠎ᠶ᠋ᠢᠨ ᠴᠢᠳᠠᠪᠤᠷᠢ᠂ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ᠂ᠪᠣᠳᠠᠲᠠᠢ᠎ᠶ᠋ᠢ ᠡᠷᠬᠢᠮᠯᠡᠬᠦ᠌ ᠠᠵᠢᠯ᠎ᠤᠨ ᠰᠤᠷᠲᠠᠯ᠂ ᠯᠠᠪᠳᠠᠭᠤᠨ ᠪᠠᠲᠤᠲᠠᠢ ᠠᠵᠢᠯ᠎ᠤᠨ ᠦᠷ᠎ᠡ ᠪᠦᠲᠦᠮᠵᠢ ᠪᠣᠯᠭᠠᠨᠬᠤᠪᠢᠷᠠᠭᠤᠯᠬᠤ ᠬᠡᠷᠡᠭ᠌ᠲᠡᠢ᠃ ᠲᠡᠦᠬᠡ᠎ᠪᠡᠷ ᠲᠤᠯᠢ ᠪᠣᠯᠭᠠᠬᠤ᠂ ᠢᠷᠡᠭᠡᠳᠦᠢ᠎ᠶ᠋ᠢ ᠴᠤᠭ᠍ᠴᠠᠯᠠᠬᠤ ᠴᠢᠬᠤᠯᠠ ᠱᠠᠭᠠᠷᠳᠠᠯᠭ᠎ᠠ᠎ᠶ᠋ᠢᠣᠨᠣᠪᠴᠢᠲᠠᠢ ᠡᠵᠡᠮᠳᠡᠵᠦ᠍᠂ ᠨᠠᠮ ᠪᠣᠯᠤᠨ ᠠᠷᠠᠳ ᠲᠦᠮᠡᠨ᠂ ᠲᠡᠦᠬᠡ ᠪᠣᠯᠤᠨ ᠴᠠᠭ ᠦᠶ᠎ᠡ᠎ᠡᠴᠨ ᠣᠯᠭᠣᠭ᠍ᠰᠠᠨ ᠡᠭᠦᠷᠭᠡᠬᠠᠷᠢᠭᠤᠴᠠᠯᠭ᠎ᠠ᠎ᠶ᠋ᠢ ᠡᠷᠡᠭᠡᠯᠵᠡᠯ ᠦᠭᠡᠢ᠎ᠪᠡᠷ ᠡᠭᠦᠷᠭᠡᠯᠡᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨᠵᠢᠡᠷ ᠠᠬᠢᠭᠤᠯᠬᠤ ᠬᠡᠷᠡᠭ᠌ᠲᠡᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠤᠨᠰᠠᠢᠲᠤᠷ ᠠᠳᠭᠤᠵᠤ᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠬᠠᠷᠠᠯᠲᠠᠡᠭᠦᠷᠭᠡ᠎ᠶ᠋ᠢ ᠬᠦᠴᠦᠯᠡᠨ ᠪᠡᠶᠡᠯᠡᠭᠦᠯᠵᠦ᠍᠂ ᠠᠵᠤ ᠠᠬᠤᠢ ᠨᠡᠢᠭᠡᠮ᠎ᠦᠨ ᠲᠣᠭ᠍ᠲᠠᠭᠤᠨ ᠡᠷᠡᠭᠦᠯ ᠬᠥᠭ᠌ᠵᠢᠯᠲᠡ᠎ᠶ᠋ᠢᠦᠨᠡᠨ ᠬᠦ᠌ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

ᠤᠢᠷ᠎ᠠ ᠵᠢᠨ ᠡᠳᠦᠷ᠂ ᠪᠠᠶᠠᠨᠨᠠᠭᠤᠷ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ ᠰᠤᠷᠤᠯᠴᠠᠯᠭ᠎ᠠ ᠶ᠋ᠢᠨ ( ᠥᠷᠭᠡᠳᠭᠡᠭ᠌ᠰᠡᠨ ) ᠬᠤᠷᠠᠯ ᠬᠢᠵᠤ᠂ ᠠᠷᠪᠠ ᠶᠢᠰᠦᠳᠦᠭᠡᠷᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨᠰᠤᠷᠤᠯᠴᠠᠪᠠ᠃ ᠬᠤᠷᠠᠯ᠎ᠠᠴᠠ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠳᠥᠷᠪᠡᠨ ᠲᠠᠯ᠎ᠠ᠎ᠡᠴᠡ ᠣᠨᠣᠪᠴᠢᠲᠠᠶ ᠡᠵᠡᠮᠳᠡᠵᠦ᠍᠂ ᠰᠤᠷᠤᠯᠴᠠᠨᠣᠢᠯᠠᠭᠠᠬᠤ ᠬᠡᠷᠡᠭ᠌ᠲᠡᠶ᠃ ᠲᠤᠬᠠᠢᠯᠠᠪᠠᠯ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠᠪᠦᠲᠦᠮᠵᠢ᠎ᠶ᠋ᠢ ᠣᠨᠣᠪᠴᠢᠲᠠᠶ ᠡᠵᠡᠮᠳᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨᠲᠡᠦᠬᠡᠲᠦ ᠠᠴᠢ ᠬᠣᠯᠪᠣᠭ᠍ᠳᠠᠯ᠎ᠢ ᠣᠨᠣᠪᠴᠢᠲᠠᠢ ᠡᠵᠡᠮᠳᠡᠵᠦ᠍᠂ ᠠᠵᠢᠯ᠎ᠢᠶᠠᠨ ᠰᠠᠢᠲᠤᠷ ᠬᠢᠬᠦ᠌ ᠢᠲᠡᠭᠡᠯ ᠵᠣᠷᠢᠭ᠎ᠢᠶᠠᠨᠦᠨᠡᠨ᠎ᠬᠦ᠌ ᠴᠢᠩᠭᠠᠳᠭᠠᠬᠤ ᠬᠡᠷᠡᠭ᠌ᠲᠡᠢ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ᠎ᠶ᠋ᠢᠣᠨᠣᠪᠴᠢᠲᠠᠢ ᠡᠵᠡᠮᠳᠡᠵᠦ᠍᠂ ᠠᠵᠢᠯ᠎ᠢᠶᠠᠨ ᠰᠠᠢᠲᠤᠷ ᠬᠢᠬᠦ᠌ ᠬᠥᠳᠡᠯᠭᠡᠬᠦ᠌ ᠬᠦᠴᠦᠨ᠎ᠢ ᠦᠨᠡᠨ ᠬᠦ᠌ ᠴᠢᠩᠭᠠᠳᠭᠠᠬᠤᠬᠡᠷᠡᠭ᠌ᠲᠡᠢ᠂ ᠲᠡᠦᠬᠡ᠎ᠪᠡᠷ ᠲᠤᠯᠢ ᠪᠣᠯᠭᠠᠬᠤ᠂ ᠢᠷᠡᠭᠡᠳᠦᠢ᠎ᠶ᠋ᠢ ᠴᠤᠭ᠍ᠴᠠᠯᠠᠬᠤ ᠴᠢᠬᠤᠯᠠ ᠱᠠᠭᠠᠷᠳᠠᠯᠭ᠎ᠠ᠎ᠶ᠋ᠢᠣᠨᠣᠪᠴᠢᠲᠠᠢ ᠡᠵᠡᠮᠳᠡᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨᠦᠢᠯᠡᠳᠦᠯ᠎ᠢ ᠦᠨᠡᠨ ᠬᠦ᠌ ᠰᠠᠢᠲᠤᠷ ᠪᠠᠳᠠᠷᠠᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃

ᠬᠤᠷᠠᠯ᠎ᠠᠴᠠ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠰᠠᠯᠠᠭ᠎ᠠ ᠮᠥᠴᠢᠷᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠤᠠᠬᠠᠵᠤ᠂ ᠨᠢᠮᠪᠠᠢ ᠲᠤᠬᠢᠷᠠᠭᠤᠯᠤᠨ ᠪᠠᠢᠷᠢᠯᠠᠭᠤᠯᠵᠤ᠂ ᠲᠥᠪᠯᠡᠷᠡᠭᠦᠯᠦᠨᠰᠤᠷᠤᠯᠴᠠᠬᠤ᠂ ᠨᠡᠢᠳᠡᠮ᠎ᠳᠦᠨᠢ ᠥᠷᠭᠡᠨ ᠲᠡᠯᠭᠡᠷ ᠰᠤᠷᠤᠯᠴᠠᠬᠤ᠂ ᠪᠣᠳᠠᠲᠠᠢ᠎ᠲᠠᠶ ᠤᠶᠠᠯᠳᠤᠭᠤᠯᠤᠨ ᠰᠤᠷᠤᠯᠴᠠᠬᠤᠵᠡᠷᠭᠡ ᠠᠷᠭ᠎ᠠ᠎ᠶ᠋ᠢ ᠠᠪᠴᠤ᠌᠂ ᠦᠳᠲᠡᠷ ᠲᠦᠷᠭᠡᠨ ᠰᠤᠷᠤᠯᠴᠠᠵᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠠᠯᠠᠭᠤᠨᠥᠷᠨᠢᠯᠲᠡ᠎ᠭᠠᠷᠭᠠᠬᠤ ᠬᠡᠷᠡᠭ᠌ᠲᠡᠢ ᠭᠡᠵᠦ᠍ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面