ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-11-30 09:11:31

ᠵᠣᠬᠢᠶᠠᠭ᠍ᠴᠢ᠄ ᠰᠠᠷᠭᠠᠢ ᠣᠩᠱᠢᠭ᠍ᠰᠠᠨ ᠣᠳᠠᠭ᠎ᠠ᠄ 3

ᠤᠢᠷ᠎ᠠ᠎ᠳᠤ᠂ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠤᠪᠴᠢᠶ᠎ᠠ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠢᠯᠠᠩ᠎ᠤ᠋ᠨ(ᠦᠷᠭᠡᠳᠭᠡᠭᠰᠡᠨ) ᠰᠤᠷᠤᠯᠴᠠᠯᠭ᠎ᠠ᠎ᠶᠢᠨ ᠬᠤᠷᠠᠯ ᠬᠤᠷᠠᠯᠳᠤᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ ᠃

ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠤᠪᠴᠢᠶ᠎ᠠ ᠎ᠵᠢᠨ ᠨᠠᠮ᠎ᠤᠨ ᠬᠡᠰᠢᠬᠦᠳ᠂ ᠱᠢᠨ᠎ᠡ ᠲᠡᠦᠬᠡ ᠎ᠶ᠋ᠢᠨ ᠭᠠᠷᠤᠭ᠎ᠠ᠎ᠳ᠋ᠤ ᠵᠣᠭ᠍ᠰᠣᠵᠤ᠂ ᠰᠢ᠎ᠶ᠋ᠢᠨ ᠫᠢᠩ ᠨᠦᠬᠦᠷ ᠎ᠢᠶᠡᠷ ᠭᠣᠣᠯ ᠪᠣᠯᠭᠠᠭ᠍ᠰᠠᠨ ᠨᠠᠮ ᠎ᠤᠨ ᠲᠥᠪ ᠬᠣᠷᠢᠶᠠᠨ᠎ᠤ ᠲᠣᠭᠣᠷᠢᠨ᠎ᠳᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠱᠢᠨ᠎ᠡ ᠠᠶᠠᠨ ᠳ᠋ᠤ ᠲᠠᠬᠢᠨ ᠱᠢᠨ᠎ᠡ ᠭᠠᠪᠢᠶ᠎ᠠ ᠪᠠᠢᠭᠤᠯᠤᠨ᠎ᠠ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠠᠴᠠ ᠵᠠᠭᠤᠨ ᠵᠢᠯ᠎ᠦᠨ ᠲᠡᠮᠡᠴᠡᠯ᠎ᠢ ᠡᠷᠭᠢᠴᠡᠭᠦᠯᠵᠦ᠍᠂ ᠱᠢᠨ᠎ᠡ ᠠᠶᠠᠨ᠎ᠢᠶᠡᠨ ᠪᠠᠷᠠᠯᠠᠵᠤ᠂ 9500 ᠭᠠᠷᠤᠶ ᠲᠦᠮᠡᠨ ᠨᠠᠮ᠎ᠤᠨ ᠭᠡᠱᠢᠭᠦᠨ᠎ᠳᠦ ᠣᠭ ᠰᠠᠨᠠᠭ᠎ᠠ᠎ᠪᠠᠨ ᠥᠯᠥ᠍ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ᠂ ᠦᠷᠭᠦᠯᠵᠢᠯᠡᠨ ᠲᠡᠮᠡᠴᠡᠬᠦ᠌ ᠤᠷᠤᠭ᠍ᠰᠢᠯᠠᠯᠲᠠ᠎ᠶ᠋ᠢᠨ ᠵᠠᠷᠯᠢᠭ ᠪᠠᠭᠤᠯᠭᠠᠪᠠ᠃ ᠪᠢᠳᠠ ᠤᠷᠤᠭ᠍ᠰᠢᠯᠠᠯᠲᠠ᠎ᠶ᠋ᠢᠨ ᠵᠠᠷᠯᠢᠭ ᠎ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠬᠦᠰᠡᠯᠡᠩ ᠢᠲᠡᠭᠡᠯ ᠪᠢᠱᠢᠷᠡᠯ᠎ᠢᠶᠡᠨ ᠪᠠᠲᠤᠳᠭᠠᠵᠤ᠂ ᠬᠤᠪᠢᠰᠭᠠᠯ᠎ᠤᠨ ᠤᠯᠠᠮᠵᠢᠯᠠᠯ᠎ᠢ ᠵᠠᠯᠭᠠᠮᠵᠢᠯᠠᠵᠤ᠂ ᠤᠷᠢᠳ ᠎ᠢᠶᠠᠷ ᠰᠤᠷᠤᠯᠴᠠᠨ ᠤᠷᠢᠳ᠎ᠢᠶᠠᠷ ᠬᠢᠵᠦ᠍᠂ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ ᠎ᠢ ᠭᠦᠢᠴᠡᠳ ᠪᠠᠳᠠᠷᠠᠭᠤᠯᠵᠤ᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠳᠠ ᠲᠠᠢ ᠬᠤᠷᠠᠯᠳᠤᠬᠤ ᠎ᠶ᠋ᠢ ᠤᠭ᠍ᠲᠤᠨ᠎ᠠ ᠬᠡᠵᠤ ᠢᠳᠡᠭᠡᠯ ᠵᠤᠷᠢᠭ᠎ᠵᠢᠡᠨ ᠢᠯᠡᠳᠭᠡᠵᠡᠬᠡᠪᠠ᠃

ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ ᠲᠤᠪᠴᠢᠶ᠎ᠠ᠎ᠵᠢᠨ ᠬᠢᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠠᠯᠪᠠᠨ ᠮᠡᠳᠡᠭᠡ》 ᠵᠢ ᠪᠠᠢᠭᠤᠯᠭ᠎ᠠ᠎ᠶ᠋ᠢᠨ ᠵᠢᠷᠬᠢᠶ᠎ᠠ᠎ᠵᠢᠨ ᠬᠣᠯᠪᠣᠭ᠎ᠠ᠎ᠪᠠᠷ ᠲᠠᠮᠵᠢᠭᠤᠯᠤᠨ᠂ ᠺᠠᠳ᠋ᠷ ᠠᠵᠢᠯᠲᠠᠨ ᠨᠢᠭᠡ ᠪᠦᠷᠢ᠎ᠳ᠋ᠡᠬᠡᠨ《ᠠᠯᠪᠠᠨ ᠮᠡᠳᠡᠭᠡ》 ᠶ᠋ᠢᠨ ᠪᠥᠬᠥ᠌ ᠠᠭᠤᠯᠭ᠎ᠠ᠎ᠶ᠋ᠢ ᠨᠢᠭᠡ ᠬᠤᠪᠢ ᠳᠠᠷᠤᠮᠠᠯᠯᠠᠨ ᠲᠠᠷᠬᠠᠭᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠠᠢᠭᠤᠯᠭ᠎ᠠ᠎ᠶ᠋ᠢᠨ ᠺᠠᠳ᠋ᠷ ᠠᠵᠢᠯᠲᠠᠨ ᠨᠢᠭᠡ ᠪᠦᠷᠢ ᠎ᠳ᠋ᠡᠬᠡᠨ ᠤᠯᠠᠮᠵᠢᠯᠠᠵᠤ᠂ ᠲᠤᠭᠤᠰᠢᠳᠠᠢ ᠰᠤᠷᠤᠯᠴᠠᠨ ᠤᠢᠯᠠᠭᠠᠵᠤ ᠬᠦᠨᠵᠡᠭᠡᠢ ᠲᠤᠭᠤᠰᠢᠯᠠᠭᠤᠯᠬᠤ ᠭᠡᠷᠡᠭᠳᠡᠢ ᠭᠡᠵᠤ ᠱᠠᠭᠠᠷᠳᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面