2021-11-30 09:15:17
ᠤᠢᠷ᠎ᠠ᠎ᠳᠤ ᠦᠪᠦᠷ ᠮᠤᠨᠭᠭᠤᠯ᠎ᠤᠨ ᠲᠠᠪᠤᠰᠤᠨ᠎ᠤ ᠦᠢᠯᠡᠰ᠎ᠤᠨ ᠪᠦᠯᠦᠭᠯᠡᠯ ᠺᠤᠮᠫᠠᠨᠢ ᠨᠠᠮ᠎ᠤᠨ ᠬᠤᠷᠢᠶᠠᠨ᠎ᠤ(ᠥᠷᠭᠡᠳᠭᠡᠭ᠌ᠰᠡᠨ)ᠬᠤᠷᠠᠯ ᠬᠤᠷᠠᠯᠳᠤᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ ᠃
ᠬᠤᠷᠠᠯ ᠡᠴᠡ᠂ ᠥᠪᠥᠷ ᠮᠣᠩᠭᠣᠯ᠎ᠤᠨ ᠳᠠᠪᠤᠰᠤᠨ᠎ᠤ ᠦᠶ᠋ᠯᠡᠰ᠎ᠦᠨ ᠪᠦᠯᠦᠭ᠌ᠯᠡᠯ ᠺᠤᠮᠫᠠᠨᠢ᠎ᠶᠢᠨ ᠬᠠᠷᠢᠶ᠎ᠠ ᠡᠯ᠎ᠡ ᠰᠠᠯᠠᠭ᠎ᠠ ᠮᠥᠴᠢᠷ᠎ᠦᠨ᠎ᠬᠢᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ ᠂ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠶ᠋ᠴᠡᠳ ᠲᠠᠨᠢᠵᠤ᠂ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠶ ᠰᠤᠷᠤᠯᠴᠠᠨ᠂ 《ᠳᠥᠷᠪᠡᠨ ᠤᠬᠠᠮᠰᠠᠷ》 ᠢ᠋ᠶ᠋ᠡᠨ ᠴᠢᠩᠭᠠᠳᠭᠠᠵᠤ᠂ 《ᠳᠥᠷᠪᠡᠨ ᠢᠳᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠍᠂ ᠨᠠᠮ᠎ᠤᠨ ᠲᠡᠮᠡᠴᠡᠯ᠎ᠦᠨ ᠥᠩᠭᠡᠷᠡᠯᠲᠡ ᠪᠣᠯᠤᠨ ᠠᠭᠤᠤ ᠶᠡᠬᠡ ᠠᠮᠵᠢᠯᠲᠠ ᠪᠦᠲᠦᠮᠵᠢ᠎ᠪᠡᠷ ᠲᠡᠮᠡᠴᠡᠯ᠎ᠦᠨ ᠵᠣᠷᠢᠭ᠎ᠢᠶᠠᠨ ᠬᠥᠪᠴᠢᠯᠡᠵᠦ᠍᠂ ᠨᠠᠮ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠱᠢᠯᠢᠳᠡᠭ ᠰᠤᠷᠲᠠᠯ᠎ᠢᠶᠠᠷ ᠢᠲᠡᠭᠡᠯ ᠵᠣᠷᠢᠭ᠎ᠢᠶᠠᠨ ᠪᠠᠲᠤᠳᠭᠠᠨ᠂ ᠬᠦᠴᠦᠨ ᠴᠢᠳᠠᠯ᠎ᠢᠶᠠᠨ ᠨᠢᠭ᠍ᠲᠠᠷᠠᠭᠤᠯᠵᠤ᠂ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ ᠪᠣᠯᠤᠨ ᠰᠠᠢᠨ ᠰᠠᠢᠬᠠᠨ ᠵᠤᠷᠢᠭ ᠰᠠᠨᠠᠭᠠᠨ᠎ᠤ ᠳᠦᠷᠰᠦ ᠪᠠᠢᠳᠠᠯ᠎ᠢᠶᠠᠷ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠳᠠᠪᠤᠰᠤᠨ᠎ᠤ ᠦᠶ᠋ᠯᠡᠰ᠎ᠦᠨ ᠡᠯ᠎ᠡ ᠲᠦᠷᠦᠯ᠎ᠦᠨ ᠠᠵᠢᠯ᠎ᠢ ᠰᠠᠢᠲᠤᠷ ᠬᠢᠬᠦ᠌ ᠬᠡᠷᠡᠭ᠌ᠲᠡᠶ ᠭᠡᠵᠦ᠍ ᠱᠠᠭᠠᠷᠳᠠᠪᠠ᠃
ᠬᠤᠷᠠᠯ ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠣᠨᠣᠯ ᠰᠤᠷᠤᠯᠴᠠᠬᠤ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠂ 《ᠭᠤᠷᠪᠠᠨ ᠬᠤᠷᠠᠯ ᠨᠢᠭᠡ ᠬᠢᠴᠢᠶᠡᠯ》᠂ ᠭᠤᠤᠯ ᠰᠡᠳᠦᠪᠲᠦ ᠨᠠᠮ᠎ᠤᠨ ᠡᠳᠦᠷᠯᠢᠭ᠎ᠤᠨ ᠠᠵᠢᠯᠯᠠᠭ᠎ᠠ ᠦᠷᠨᠢᠬᠦᠯᠬᠦ ᠵᠡᠷᠭᠡ ᠬᠡᠯᠪᠡᠷᠢ᠎ᠪᠡᠷ ᠳᠠᠮᠵᠢᠭᠤᠯᠤᠨ᠂ ᠰᠤᠷᠤᠯᠴᠠᠭ᠍ᠰᠠᠨ ᠤᠯᠤᠯᠳᠠ ᠲᠥᠷᠥᠭ᠌ᠳᠡᠯ᠎ᠢᠶᠡᠨ ᠬᠤᠪᠢᠶᠠᠯᠴᠠᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠪᠤᠢ ᠪᠤᠯᠭᠠᠬᠤ ᠬᠡᠷᠡᠭ᠌ᠲᠡᠶ᠃ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠨᠠᠮ᠎ᠤᠨ ᠲᠡᠦᠬᠡ ᠶ᠋ᠢᠨ ᠰᠤᠷᠤᠯᠴᠠᠯᠭ᠎ᠠ ᠬᠥᠮᠦᠵᠢᠯ᠎ᠦᠨ ᠭᠣᠣᠯ ᠡᠭᠦᠷᠭᠡ ᠪᠣᠯᠭᠠᠵᠤ᠂ 《ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ ᠦᠭᠭᠦ》ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭ᠌ᠲᠡᠢ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠪᠦᠯᠦᠭ᠌ᠯᠡᠯ ᠺᠣᠮᠫᠠᠨᠢ᠎ᠶ᠋ᠢᠨ ᠦᠭᠡᠷᠡᠴᠢᠯᠡᠯᠲᠡ ᠬᠦᠭᠵᠢᠯᠲᠡ᠎ᠶᠢᠨ ᠪᠠᠢᠯᠳᠤᠬᠤ ᠪᠤᠳᠤᠯᠭ᠎ᠠ ᠲᠠᠢ ᠤᠶᠠᠯᠳᠤᠭᠤᠯᠵᠤ᠂ ᠳᠠᠪᠤᠰᠤᠨ᠎ᠤ ᠦᠶ᠋ᠯᠡᠰ᠎ᠦᠨ ᠬᠥᠭ᠌ᠵᠢᠯᠲᠡ᠎ᠶ᠋ᠢᠨ ᠬᠠᠨᠳᠤᠰᠢ᠎ᠶ᠋ᠢ ᠰᠡᠷᠭᠡᠭ᠎ᠢᠶᠡᠷ ᠲᠠᠨᠢᠵᠤ᠂ ᠬᠥᠭ᠌ᠵᠢᠯᠲᠡ᠎ᠶ᠋ᠢᠨ ᠶᠡᠬᠡ ᠬᠠᠨᠳᠤᠰᠢ᠎ᠶ᠋ᠢ ᠡᠵᠡᠮᠳᠡᠨ᠂ ᠥᠪᠥᠷ ᠮᠣᠩᠭᠣᠯ᠎ᠤᠨ ᠳᠠᠪᠤᠰᠤᠨ᠎ᠤ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠶ ᠭᠡᠵᠦ ᠱᠠᠭᠠᠷᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃