ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-12-04 11:37:24

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

12 ᠰᠠᠷ᠎ᠠ ᠎ᠶ᠋ᠢᠨ 1 ᠤ᠋ ᠡᠳᠦᠷ᠂ ᠨᠠᠮ᠎ᠤᠨ ᠠᠷᠪᠠ ᠶᠢᠰᠦᠳᠦᠭᠡᠷᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠲᠠᠢ᠌ᠴᠢᠯᠠᠯᠳᠠ᠎ᠶ᠋ᠢᠨ ᠬᠤᠷᠠᠯ ᠬᠥᠬᠡᠬᠣᠲᠠ᠎ᠳᠤᠬᠤᠷᠠᠯᠳᠤᠵᠤ᠂ ᠲᠦᠪ ᠤ᠋ᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷᠪᠦᠬᠦᠳᠠ ᠬᠤᠷᠠᠯ᠎ᠤᠨ ᠵᠤᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠬᠢ᠎ᠶ᠋ᠢᠨᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃ ᠬᠤᠷᠠᠯ᠎ᠢ ᠸᠢᠳᠢᠣ᠋ ᠢ᠋ᠢᠨ ᠬᠡᠯᠪᠡᠷᠢ ᠎ᠪᠡᠷ ᠬᠤᠷᠠᠯᠳᠤᠭᠤᠯᠪᠠ᠃

ᠥᠪᠡᠷᠲᠡᠭᠡᠨᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠤᠬᠠᠭᠤᠯᠬᠤ ᠬᠡᠯᠲᠡᠰ᠎ᠦᠨ ᠳᠠᠷᠤᠭ᠎ᠠ ᠵᠧᠩ ᠬᠣᠩ ᠹᠠᠨ ᠬᠤᠷᠠᠯ᠎ᠳᠤ ᠣᠷᠣᠯᠴᠠᠵᠤᠶᠠᠷᠢᠶ᠎ᠠ ᠲᠠᠯᠪᠢᠪᠠ᠃

ᠵᠧᠩᠬᠣᠩ ᠹᠠᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨᠵᠣᠷᠢᠭ ᠰᠠᠨᠠᠭ᠎ᠠ᠎ᠶ᠋ᠢ ᠲᠥᠪᠯᠡᠷᠡᠭᠦᠯᠦᠨ ᠤᠬᠠᠭᠤᠯᠵᠤ ᠲᠠᠢᠯᠪᠤᠷᠢᠯᠠᠬᠤ ᠪᠣᠯ ᠨᠡᠢᠭᠡᠮ᠎ᠦᠨ ᠬᠠᠮᠲᠤ᠎ᠶ᠋ᠢᠨ ᠲᠠᠨᠢᠯᠲᠠ᠎ᠶ᠋ᠢᠴᠢᠨᠠᠭ᠍ᠰᠢᠳᠠ ᠨᠢᠭ᠍ᠲᠠᠷᠠᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠦᠵᠡᠯ ᠰᠠᠨᠠᠭ᠎ᠠ᠎ᠶ᠋ᠢ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠲᠠᠶ ᠨᠢᠭᠡᠳᠭᠡᠬᠦ᠌ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ᠎ᠬᠢᠨ ᠳᠡᠭᠡᠳᠦᠬᠡᠮᠵᠢᠶ᠎ᠡ᠎ᠪᠡᠷ ᠴᠢᠬᠤᠯᠠᠴᠢᠯᠠᠵᠤ᠂ ᠨᠠᠷᠢᠨ ᠬᠢᠨᠠᠮᠠᠭᠠᠶ ᠬᠠᠨᠳᠤᠵᠤ᠂ ᠪᠠᠲᠤ ᠴᠢᠩᠭ᠎ᠠ ᠤᠯᠤᠰ ᠲᠥᠷᠥ ᠎ᠶ᠋ᠢᠨᠬᠠᠷᠢᠭᠤᠴᠠᠯᠭᠠᠲᠤ ᠰᠡᠳᠭᠢᠯᠭᠡ ᠲᠡᠦᠬᠡᠨ ᠡᠭᠦᠷᠭᠡᠲᠦ ᠰᠡᠳᠬᠢᠯᠭᠡ ᠪᠡᠷ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨᠲᠠᠢᠯᠪᠤᠷᠢᠯᠠᠬᠤ ᠪᠦᠯᠬᠦᠮ᠎ᠦᠨ ᠲᠥᠪᠯᠡᠷᠡᠭᠦᠯᠦᠨ ᠤᠬᠠᠭᠤᠯᠵᠤ ᠲᠠᠢᠯᠪᠤᠷᠢᠯᠠᠬᠤ ᠠᠵᠢᠯ᠎ᠢ ᠨᠠᠷᠢᠨ ᠬᠢᠨᠠᠮᠠᠭᠠᠶᠵᠣᠬᠢᠶᠠᠨ ᠪᠠᠢᠭᠤᠯᠵᠤ᠂ ᠦᠨᠳᠦᠰᠦᠨ ᠱᠠᠲᠤᠨ᠎ᠳᠤ ᠬᠠᠨᠳᠤᠭᠤᠯᠤᠭ᠍ᠰᠠᠨᠠᠳᠠᠯᠢ ᠪᠤᠰᠤ ᠵᠢᠨ ᠤᠯᠨᠨ ᠨᠡᠢᠳᠡ ᠳ᠋ᠤ ᠬᠠᠨᠳᠤᠭᠤᠯᠤᠭᠰᠠᠨ ᠤᠬᠠᠭᠤᠯᠤᠨ ᠲᠠᠢᠯᠪᠤᠷᠢᠯᠠᠬᠤ ᠠᠵᠢᠯ᠎ᠢ ᠦᠳᠲᠡᠷ ᠲᠦᠷᠭᠡᠨᠥᠷᠨᠢᠭᠦᠯᠵᠦ᠍᠂ ᠨᠢᠭᠤᠷᠳᠠᠨ ᠬᠤᠷᠰᠢᠯᠴᠠᠬᠤ ᠬᠡᠯᠪᠡᠷᠢ ᠪᠡᠷ ᠶᠠᠷᠢᠯᠴᠠᠵᠦ ᠤᠬᠠᠭᠤᠯᠤᠨ ᠲᠠᠢᠯᠪᠤᠷᠢᠯᠠᠬᠤ ᠠᠵᠢᠯ᠎ᠢ ᠦᠨᠡᠨ ᠬᠦ᠌ ᠰᠠᠢᠲᠤᠷ ᠠᠳᠭᠤᠵᠤ᠂ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ᠎ᠶ᠋ᠢᠨ ᠤᠬᠠᠭᠤᠯᠭ᠎ᠠ ᠮᠡᠳᠡᠭᠡᠯᠡᠯ᠎ᠢᠨᠠᠷᠢᠨ ᠨᠢᠮᠪᠠᠶ ᠵᠣᠬᠢᠶᠠᠨ ᠪᠠᠢᠭᠤᠯᠵᠤ᠂ ᠪᠥᠬᠥᠳᠡ ᠬᠤᠷᠠᠯ᠎ᠤᠨ᠎ᠵᠣᠷᠢᠭ ᠰᠠᠨᠠᠭ᠎ᠠ᠎ᠶ᠋ᠢ ᠦᠨᠡᠨ ᠬᠦ᠌ ᠰᠠᠢᠲᠤᠷ ᠣᠢᠯᠠᠭᠠᠵᠤ᠂ ᠰᠠᠢᠲᠤᠷ ᠲᠠᠢᠯᠪᠤᠷᠢᠯᠠᠵᠤ᠂ ᠰᠠᠢᠲᠤᠷ ᠤᠬᠠᠭᠤᠯᠵᠤ᠂ᠦᠵᠡᠯ ᠰᠠᠨᠠᠭ᠎ᠠ᠎ᠪᠠᠨ ᠨᠠᠩ ᠰᠠᠢᠲᠤᠷ ᠨᠢᠭᠡᠳᠭᠡᠵᠦ᠍᠂ ᠬᠦᠴᠦᠨ ᠴᠢᠳᠠᠯ ᠎ᠢᠶᠠᠨ ᠨᠠᠩ ᠰᠠᠢᠲᠤᠷ ᠨᠢᠭ᠍ᠲᠠᠷᠠᠭᠤᠯᠬᠤᠬᠡᠷᠡᠭ᠌ᠲᠡᠶ ᠬᠡᠵᠦ ᠵᠢᠭᠠᠵᠦ ᠭᠠᠷᠭᠠᠪᠠ᠃

ᠵᠧᠩᠬᠣᠩ ᠹᠠᠨ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢ ᠥᠪᠡᠷᠲᠡᠭᠡᠨ ᠵᠠᠰᠠᠬᠤᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ ᠎ᠦᠨ ᠎ᠶᠡᠬᠡ ᠎ᠬᠤᠷᠠᠯ ᠎ᠤᠨ ᠵᠣᠷᠢᠭᠰᠠᠨᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠲᠠᠶ ᠨᠢᠭᠡᠳᠦᠯᠲᠡᠢ ᠲᠥᠯᠥᠪᠵᠢᠭᠦᠯᠵᠦ᠍᠂ ᠨᠢᠭᠡ ᠴᠤᠬ᠍ᠴᠠᠵᠢᠭᠤᠯᠤᠨᠠᠬᠢᠭᠤᠯᠵᠤ᠂ ᠥᠷᠭᠡᠨ ᠤᠯᠠᠨ ᠺᠠᠳ᠋ᠷ ᠤᠯᠠᠨ ᠲᠦᠮᠡᠨ᠎ᠦ 《ᠬᠣᠶᠠᠷ᠎ᠢ ᠲᠣᠭ᠍ᠲᠠᠭᠠᠬᠤ》 ᠵᠢ ᠡᠷᠡᠰ ᠬᠦᠷᠢᠶᠡᠯᠡᠬᠦ᠌᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ᠤᠯᠤᠰ ᠲᠦᠷᠦ᠍ ᠎ᠶ᠋ᠢᠨ ᠤᠬᠠᠮᠰᠠᠷ᠂ ᠦᠵᠡᠯ ᠰᠠᠨᠠᠭᠠᠨ᠎ᠤ᠎ᠤᠬᠠᠮᠰᠠᠷ᠂᠎ᠠᠵᠢᠯᠯᠠᠭᠠᠨ᠎ᠤ᠎ᠤᠬᠠᠮᠰᠠᠷ᠎ᠢᠶᠠᠨ ᠴᠢᠩᠭᠠᠳᠭᠠᠵᠤ᠂ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠣᠷᠢᠭ᠍ᠲᠠᠢ᠎ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ᠱᠢᠯᠢᠳᠡᠭ ᠠᠮᠵᠢᠯᠲᠠ᠎ᠪᠠᠷ ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢᠤᠭ᠍ᠲᠤᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面