ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-12-09 09:40:49

ᠵᠣᠬᠢᠶᠠᠭ᠍ᠴᠢ᠄ ᠬᠤᠸᠠᠩ ᠹᠦ ᠱᠢᠤ ᠯᠢᠩ ᠣᠩᠱᠢᠭ᠍ᠰᠠᠨ ᠣᠳᠠᠭ᠎ᠠ᠄ 3

12 ᠰᠠᠷ᠎ᠠ ᠶ᠋ᠢᠨ 7 ᠤ᠋ ᠡᠳᠦᠷ ᠂ ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ᠲᠥᠪ ᠬᠣᠷᠢᠶᠠᠨ ᠤ᠋ ᠵᠢᠷᠭᠤᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠢ᠋ᠢ ᠰᠤᠷᠤᠯᠴᠠᠨ ᠲᠦ᠍ᠭᠤᠱᠢᠯᠠᠭᠤᠯᠬᠤᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠠᠡᠭᠬᠠᠨ᠎ᠤ ᠲᠠᠯᠠᠪᠠᠢ ᠮᠡᠳᠡᠭᠦᠯᠦᠯᠲᠡᠶ᠋ᠢᠨ ᠬᠤᠷᠠᠯ ᠬᠥᠬᠡᠬᠣᠲᠠ ᠳ᠋ᠤ ᠶᠠᠪᠤᠭᠳᠠᠵᠠᠢ᠃

ᠥᠪᠡᠷᠲᠡᠭᠡᠨ ᠵᠠᠰᠠᠬᠤ ᠣᠷᠣᠨ ᠤ᠋ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨᠪᠦᠷᠢᠯᠳᠦᠬᠦᠨ᠂ ᠥᠪᠥᠷ ᠮᠣᠩᠭᠣᠯ ᠤ᠋ᠨ ᠨᠡᠢᠭᠡᠮ ᠤ᠋ᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠳᠠᠷᠤᠭ᠎ᠠᠯᠢ ᠴᠦᠨ ᠯᠢᠨ 《ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠵᠢᠷᠭᠤᠳᠤᠭᠠᠷ ᠪᠦᠬᠦᠳᠠᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ ᠢ᠋ ᠭᠦᠨᠵᠡᠭᠡᠢ ᠲᠠᠨᠢᠬᠤ》᠂ 《ᠨᠠᠮ ᠤ᠋ᠨ ᠠᠷᠪᠠ ᠶᠢᠰᠦᠳᠦᠭᠡᠷ ᠬᠤᠭᠤᠴᠠᠭᠠᠨᠤ᠋ ᠲᠥᠪ ᠬᠣᠷᠢᠶᠠᠨ ᠤ᠋ ᠵᠢᠷᠭᠤᠳᠤᠭᠠᠷ ᠪᠦᠬᠦᠳᠠ ᠬᠤᠷᠠᠯ ᠤ᠋ᠨ ᠵᠣᠷᠢᠭ ᠰᠠᠨᠠᠭᠠᠨ ᠤ᠋ ᠪᠠᠶᠠᠯᠢᠭ ᠠᠭᠤᠯᠤᠭ᠍ᠳᠠᠬᠤᠨᠪᠠ ᠭᠣᠣᠯ ᠤᠳᠬ᠎ᠠ ᠰᠠᠨᠠᠭ᠎ᠠ ᠢ᠋ᠢ ᠭᠦᠨᠵᠡᠭᠡᠢ ᠣᠢᠯᠠᠭᠠᠬᠤ》᠂ 《ᠨᠠᠮ ᠤ᠋ᠨ ᠠᠷᠪᠠ ᠶᠢᠰᠦᠳᠦᠭᠡᠷ ᠬᠤᠭᠤᠴᠠᠭᠠᠨ ᠤ᠋ ᠲᠥᠪ ᠬᠣᠷᠢᠶᠠᠨ ᠤ᠋ ᠵᠢᠷᠭᠤᠳᠤᠭᠠᠷ ᠪᠦᠬᠦᠳᠠᠬᠤᠷᠠᠯ ᠤ᠋ᠨ ᠵᠣᠷᠢᠭ ᠰᠠᠨᠠᠭ᠎ᠠ ᠢ᠋ᠢ ᠥᠪᠥᠷ ᠮᠣᠩᠭᠣᠯ ᠳ᠋ᠤ ᠲᠦ᠍ᠭᠤᠱᠢᠯᠠᠭᠤᠯᠤᠨ ᠨᠠᠢᠳᠠᠪᠤᠷᠢᠵᠢᠭᠤᠯᠬᠤ ᠢ᠋ᠢᠯᠠᠪᠳᠠᠭᠤᠨ ᠪᠠᠲᠤᠲᠠᠢ ᠠᠬᠢᠭᠤᠯᠬᠤ》 ᠭᠤᠷᠪᠠᠨ ᠲᠠᠯ᠎ᠠ ᠡᠴᠡ ᠪᠣᠳᠠᠲᠤᠪᠠᠢᠳᠠᠯ ᠲᠠᠢ ᠪᠡᠨ ᠤᠶᠠᠯᠳᠤᠭᠤᠯᠤᠨ ᠪᠦᠬᠦᠳᠠ ᠬᠤᠷᠠᠯ ᠤ᠋ᠨ ᠵᠣᠷᠢᠭ ᠰᠠᠨᠠᠭ᠎ᠠ ᠢ᠋ᠢ ᠭᠦᠨᠵᠡᠭᠡᠢ ᠲᠣᠳᠣᠷᠬᠠᠢᠯᠠᠨᠲᠠᠢᠯᠪᠤᠷᠢᠯᠠᠪᠠ᠃ ᠬᠢᠯᠪᠡᠷ ᠣᠢᠯᠠᠭᠠᠮᠵᠢᠲᠠᠶ ᠲᠠᠢᠯᠪᠤᠷᠢᠯᠠᠯᠲᠠ ᠨᠢ ᠬᠤᠷᠠᠯ ᠤᠷᠤᠯᠴᠠᠭᠰᠠᠳ ᠲᠦ᠍ ᠪᠦᠭᠦᠳᠡ ᠬᠤᠷᠠᠯᠤ᠋ᠨ ᠴᠢᠬᠤᠯᠠ ᠶᠡᠬᠡ ᠠᠴᠢ ᠬᠣᠯᠪᠣᠭ᠍ᠳᠠᠯ᠂ ᠪᠠᠶᠠᠯᠢᠭ ᠠᠭᠤᠯᠤᠭ᠍ᠳᠠᠬᠤᠨ ᠪᠠ ᠭᠣᠣᠯ ᠤᠳᠬ᠎ᠠ ᠰᠠᠨᠠᠭ᠎ᠠ ᠢ᠋ᠢ ᠣᠢᠯᠠᠭᠠᠭᠤᠯᠤᠨ᠂ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤ᠋ᠨ ᠲᠥᠯᠥᠭᠡᠯᠡᠭ᠌ᠴᠢᠳ ᠤ᠋ᠨ ᠶᠡᠬᠡᠬᠤᠷᠠᠯ ᠤ᠋ᠨ ᠬᠠᠷᠠᠯᠲᠠ ᠡᠭᠦᠷᠭᠡ ᠪᠠ ᠠᠵᠢᠯ ᠤ᠋ᠨ ᠱᠠᠭᠠᠷᠳᠠᠯᠭ᠎ᠠ ᠢ᠋ᠢ ᠪᠦᠬᠦ᠌ ᠲᠠᠯ᠎ᠠ᠎ᠪᠠᠷ ᠣᠨᠣᠪᠴᠢᠲᠠᠶ ᠡᠵᠡᠮᠱᠢᠭᠦᠯᠵᠦ᠍᠂ᠦᠨᠳᠦᠰᠦᠨ ᠱᠠᠲᠤᠨ ᠤ᠋ ᠺᠠᠳ᠋ᠷ ᠣᠯᠠᠨ ᠲᠦᠮᠡᠨ᠎ᠦ ᠪᠦᠭᠦᠳᠡ ᠬᠤᠷᠠᠯ ᠪᠠ ᠨᠠᠮ ᠤ᠋ᠨ ᠲᠥᠯᠥᠭᠡᠯᠡᠭ᠌ᠴᠢᠳ ᠤ᠋ᠨ ᠶᠡᠬᠡᠬᠤᠷᠠᠯ ᠤ᠋ᠨ ᠵᠣᠷᠢᠭ ᠰᠠᠨᠠᠭ᠎ᠠ ᠢ᠋ᠢ ᠤᠯᠠᠮ ᠨᠢᠭᠡ ᠠᠯᠬᠤᠮ ᠰᠠᠢᠲᠤᠷ ᠰᠤᠷᠤᠯᠴᠠᠨ᠂ ᠰᠠᠢᠲᠤᠷ ᠤᠬᠠᠭᠤᠯᠵᠤ᠂ ᠰᠠᠢᠲᠤᠷ ᠲᠦ᠍ᠭᠤᠰᠢᠯᠠᠭᠤᠯᠬᠤ ᠳ᠋ᠤ ᠮᠠᠰᠢ ᠴᠢᠬᠤᠯᠠ ᠵᠢᠯᠣᠭᠣᠳᠭᠤᠠᠴᠢ ᠬᠣᠯᠪᠣᠭ᠍ᠳᠠᠯ ᠲᠠᠢ ᠪᠤᠯᠤᠨ᠎ᠠ᠃

ᠬᠥᠬᠡᠬᠣᠲᠠ ᠶ᠋ᠢᠨ ᠨᠠᠮ ᠤ᠋ᠨ ᠬᠣᠷᠢᠶ᠎ᠠ᠎ᠵᠢᠨ ᠳᠡᠳ᠋ ᠱᠦᠵᠢ᠂ ᠤᠯᠤᠰ ᠲᠦᠷᠦ᠍ᠬᠠᠤᠯᠢ ᠴᠠᠭᠠᠵᠠ ᠶ᠋ᠢᠨ ᠬᠣᠷᠢᠶ᠎ᠠ᠎ᠵᠢᠨ ᠱᠦᠵᠢ ᠼᠤᠤ ᠰᠧ ᠶᠠᠩ᠄ 《ᠪᠦᠭᠦᠳᠡ ᠬᠤᠷᠠᠯ ᠤ᠋ᠨᠵᠣᠷᠢᠭ ᠰᠠᠨᠠᠭ᠎ᠠ ᠢ᠋ᠢ ᠰᠠᠢᠲᠤᠷ ᠰᠤᠷᠤᠯᠴᠠᠨ ᠤᠬᠠᠭᠤᠯᠵᠤ ᠲᠦ᠍ᠭᠤᠰᠢᠯᠠᠭᠤᠯᠬᠤ ᠪᠣᠯ ᠤᠷᠤᠨ ᠤ᠋ ᠲᠦᠪ ᠤ᠋ᠨ ᠣᠳᠣᠬᠠᠨᠤ᠋ ᠪᠠ ᠬᠣᠢᠱᠢᠳᠠ ᠶ᠋ᠢᠨ ᠨᠢᠭᠡ ᠬᠤᠭᠤᠴᠠᠭᠠᠨ ᠤ᠋ ᠴᠢᠬᠤᠯᠠ ᠶᠡᠬᠡ ᠤᠯᠤᠰ ᠲᠦᠷᠦ᠍ ᠶ᠋ᠢᠨ ᠡᠭᠦᠷᠭᠡ ᠪᠣᠯᠤᠨ᠎ᠠ᠂ᠪᠢᠳᠡ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷᠢ᠋ ᠬᠥᠲᠥᠯᠥᠨ ᠵᠢᠯᠤᠭᠤᠳᠴᠤ ᠪᠠᠢᠭᠠᠳ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠢ᠋ᠢ ᠰᠤᠷᠤᠯᠴᠠᠨ ᠤᠬᠠᠭᠤᠯᠵᠤᠲᠦ᠍ᠭᠤᠱᠢᠯᠠᠭᠤᠯᠬᠤ ᠢ᠋ᠢ ᠶᠡᠷᠦᠩᠬᠡᠶ ᠱᠦᠵᠢ ᠰᠢ ᠶ᠋ᠢᠨ ᠫᠢᠩ ᠤ᠋ᠨ ᠥᠪᠥᠷ ᠮᠣᠩᠭᠣᠯ ᠤ᠋ᠨ ᠲᠦ᠍ᠬᠠᠶ ᠴᠢᠬᠤᠯᠠ ᠶᠠᠷᠢᠶ᠎ᠠᠴᠢᠬᠤᠯᠠ ᠵᠢᠭᠠᠪᠤᠷᠢ᠎ᠴᠣᠬᠣᠯᠠᠪᠤᠷᠢ᠎ᠶ᠋ᠢᠨ᠎ᠵᠣᠷᠢᠭ᠎ᠰᠠᠨᠠᠭ᠎ᠠ᠎ᠲᠠᠢ᠎ᠤᠶᠠᠯᠳᠤᠭᠤᠯᠤᠨ᠂ ᠨᠠᠮ ᠤ᠋ᠨ ᠲᠥᠯᠥᠭᠡᠯᠡᠭ᠌ᠴᠢᠳᠤ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠬᠥᠬᠡᠬᠣᠲᠠ ᠶ᠋ᠢᠨ ᠠᠷᠪᠠᠨ ᠭᠤᠷᠪᠠᠳᠤᠭᠠᠷᠤᠳᠠᠭ᠎ᠠ᠎ᠵᠢᠨ ᠨᠠᠮ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ᠠᠵᠤ ᠠᠬᠤᠶ ᠨᠡᠢᠭᠡᠮ ᠤ᠋ᠨ ᠬᠥᠭ᠌ᠵᠢᠯᠲᠡ ᠪᠠ ᠨᠠᠮ ᠤ᠋ᠨ ᠪᠠᠢᠭᠤᠯᠤᠯᠲᠠ ᠶ᠋ᠢᠨ ᠡᠯ᠎ᠡ ᠲᠠᠯ᠎ᠠ ᠡᠯ᠎ᠠ ᠬᠦᠷᠢᠶᠡᠨᠳ᠋ᠤ ᠪᠦᠬᠦ᠌ ᠬᠦᠴᠦᠨ ᠢ᠋ᠢᠡᠷ ᠢ᠋ᠢᠡᠨ ᠲᠦ᠍ᠭᠤᠱᠢᠯᠠᠭᠤᠯᠵᠤ᠂ ᠣᠳᠣᠬᠠᠨ ᠤ᠋ ᠪᠠ ᠬᠣᠢᠱᠢᠳᠠ ᠶ᠋ᠢᠨ ᠨᠢᠭᠡ ᠬᠤᠭᠤᠴᠠᠭᠠᠨᠤ᠋ ᠡᠯ᠎ᠡ ᠵᠦᠢᠯ ᠤ᠋ᠨ᠎ᠠᠵᠢᠯ᠎ᠢ᠋ ᠯᠠᠪᠳᠠᠭᠤᠨ ᠪᠠᠲᠤᠲᠠᠢ ᠰᠠᠢᠲᠤᠷ ᠬᠢᠵᠦ᠂ ᠪᠦᠬᠦ᠌ ᠬᠣᠲᠠ ᠶ᠋ᠢᠨ ᠦᠨᠳᠦᠰᠦᠲᠡᠨ᠎ᠨᠦᠭᠦᠳᠤ᠋ᠨ ᠠᠷᠠᠳ ᠲᠦᠮᠡᠨ ᠢ᠋ ᠳᠠᠢᠴᠢᠯᠠᠨ 〈ᠦᠵᠡᠰᠭᠦᠯᠡᠩᠲᠦ ᠰᠠᠢᠬᠠᠨ ᠥᠪᠥᠷᠮᠣᠩᠭᠣᠯ᠎ᠵᠢᠡᠨ ᠪᠦᠲᠦᠭᠡᠨ᠎ᠪᠠᠢᠭᠤᠯᠵᠤ᠂᠎ᠠᠭᠤᠤ᠎ᠶᠡᠬᠡ᠎ᠳᠤᠮᠳᠠᠳᠤ᠎ᠶ᠋ᠢᠨ᠎ᠵᠡᠭᠦᠳᠦ᠍᠎ᠪᠡᠨ ᠬᠠᠮᠲᠤ ᠪᠠᠷ ᠲᠡᠷᠭᠡᠯᠱᠢᠭᠦᠯᠬᠦ᠌〉 ᠳ᠋ᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠠ 》 ᠭᠡᠪᠠ ᠃

ᠬᠥᠬᠡᠬᠣᠲᠠ ᠶ᠋ᠢᠨ ᠨᠠᠮ ᠤ᠋ᠨ ᠬᠣᠷᠢᠶ᠎ᠠ᠎ᠵᠢᠨ ᠤᠬᠠᠭᠤᠯᠬᠤᠬᠡᠯᠲᠡᠰ ᠤ᠋ᠨ ᠳᠡᠳ᠋ ᠳᠠᠷᠤᠭ᠎ᠠ᠂ ᠬᠣᠲᠠ ᠶ᠋ᠢᠨ ᠰᠣᠶᠣᠯ ᠪᠠ ᠵᠢᠭᠤᠯᠴᠢᠯᠠᠯ ᠷᠠᠳᠢᠣ᠋ ᠲᠧᠯᠸᠢᠰ ᠤ᠋ᠨ ᠲᠣᠪᠴᠢᠶ᠎ᠠ᠎ᠵᠢᠨᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠣᠪᠴᠢᠶᠠᠨ ᠳᠠᠷᠤᠭ᠎ᠠ ᠯᠠᠨ ᠢ᠄ 《ᠪᠦᠬᠦᠳᠡ ᠬᠤᠷᠠᠯ ᠨᠢ ᠪᠦᠬᠦ᠌ ᠨᠠᠮ ᠤ᠋ᠨ ᠴᠢᠬᠤᠯᠠ ᠶᠡᠬᠡ ᠱᠢᠨ᠎ᠡ ᠲᠡᠦᠬᠡᠨ ᠵᠠᠩᠭᠢᠯᠠᠭ᠎ᠠᠢ᠋ᠢᠨ ᠴᠠᠭ ᠦᠶ᠎ᠡ ᠢ᠋ᠢᠨ ᠤᠷᠤᠭ᠍ᠰᠢᠯᠠᠬᠤ ᠴᠢᠭ᠌ᠯᠡᠯ ᠢ᠋ ᠲᠦ᠍ᠳᠤᠷᠬᠠᠢᠯᠠᠵᠤ᠂ ᠨᠠᠮ ᠤ᠋ᠨ ᠲᠥᠯᠥᠭᠡᠯᠡᠭ᠌ᠴᠢᠳ ᠤ᠋ᠨᠶᠡᠬᠡ ᠬᠤᠷᠠᠯ ᠨᠢ ᠮᠠᠨ ᠤ᠋ ᠰᠣᠶᠣᠯ ᠪᠠ ᠵᠢᠭᠤᠯᠴᠢᠯᠠᠯ ᠤ᠋ᠨ ᠦᠢᠯᠡᠰ ᠤ᠋ᠨ ᠪᠣᠳᠠᠲᠠᠢ ᠲᠡᠮᠡᠴᠡᠬᠦ ᠬᠠᠷᠠᠯᠲᠠ᠎ᠶᠢᠳᠤᠷᠠᠳᠴᠤ ᠂ ᠪᠢᠳᠡᠨ ᠤ᠋ ᠰᠡᠳᠭᠢᠯ ᠢ᠋ ᠨᠢᠭᠡᠳᠭᠡᠨ ᠬᠦᠴᠦ ᠢ᠋ᠢ ᠬᠠᠮᠲᠤᠳᠬᠠᠨ ᠂ ᠡᠷᠴᠢ ᠵᠣᠷᠢᠭ ᠢ᠋ ᠳᠠᠬᠢᠨᠳᠠᠬᠦᠪᠴᠢᠯᠡᠵᠠᠢ᠂ ᠪᠢᠳᠡ ᠪᠥᠬᠥ᠌ ᠬᠣᠲᠠ ᠶ᠋ᠢᠨ ᠰᠣᠶᠣᠯ ᠪᠠᠵᠢᠭᠤᠯᠴᠢᠯᠠᠯ ᠤ᠋ᠨ ᠠᠵᠤ ᠦᠶ᠋ᠯᠡᠰ ᠤ᠋ᠨ ᠴᠢᠨᠠᠷ ᠰᠠᠢᠲᠠᠶ ᠠᠭᠤᠰᠤᠯᠴᠠᠨ ᠬᠥᠭ᠌ᠵᠢᠬᠦ᠌ ᠢ᠋ᠢ ᠠᠬᠢᠭᠤᠯᠵᠤ ᠂ ᠪᠦᠬᠦ᠌ᠣᠷᠣᠨ ᠪᠦᠰᠡ ᠶ᠋ᠢᠨ ᠵᠢᠭᠤᠯᠴᠢᠯᠠᠯ᠂ ᠳᠥᠷᠪᠡᠨ ᠤᠯᠠᠷᠢᠯ ᠤ᠋ᠨ ᠵᠢᠭᠤᠯᠴᠢᠯᠠᠯ ᠵᠡᠷᠭᠡ ᠢ᠋ᠢ ᠪᠦᠬᠦ ᠬᠦᠴᠦᠨ ᠢ᠋ᠢᠡᠷᠬᠦᠭᠵᠢᠭᠦᠯᠦᠭᠰᠡᠨ ᠰᠠᠭᠤᠷᠢᠨ ᠳᠡᠭᠡᠷ᠎ᠡ᠂ ᠵᠢᠭᠤᠯᠴᠢᠯᠠᠯ ᠤ᠋ᠨ ᠡᠵᠡᠩᠨᠡᠯᠳᠡ ᠢ᠋ᠢᠨ ᠬᠡᠯᠪᠡᠷᠢ ᠢ᠋ᠢ ᠪᠠᠶᠠᠯᠢᠭ᠍ᠵᠢᠭᠤᠯᠬᠤ᠂ᠵᠢᠭᠤᠯᠴᠢᠯᠠᠯ ᠤ᠋ᠨ ᠡᠯᠧᠮᠧᠨ᠋ᠲ ᠢ᠋ ᠲᠡᠭᠦᠯᠳᠡᠷᠵᠢᠭᠦᠯᠬᠦ᠂ ᠵᠢᠭᠤᠯᠴᠢᠯᠠᠯ ᠤ᠋ᠨ ᠤᠯᠠᠨ ᠡᠱᠢᠵᠢᠭ᠌ᠰᠡᠨ ᠦᠢᠯᠡᠴᠢᠯᠡᠭᠡᠢ᠋ᠢ ᠨᠡᠮᠡᠭ᠌ᠳᠡᠭᠦᠯᠬᠦ᠌ ᠵᠡᠷᠭᠡ ᠲᠠᠯ᠎ᠠ᠎ᠪᠠᠷ ᠨᠠᠡᠭ ᠬᠦᠴᠦᠯᠡᠵᠤ᠂ ᠭᠠᠵᠠᠷ ᠪᠣᠯᠭᠠᠨ ᠦᠵᠡᠮᠵᠢ ᠲᠠᠢ᠂ ᠴᠠᠭ ᠢᠮᠠᠭ᠍ᠲᠠᠦᠢᠯᠡᠴᠢᠯᠡᠭᠡ᠎ᠲᠡᠶ᠂ ᠬᠥᠮᠦᠨ ᠪᠣᠯᠭᠠᠨ ᠲᠠᠭᠠᠯᠠᠮᠵᠢᠲᠠᠶ ᠣᠳᠣᠬᠢᠴᠢᠯᠠᠭᠰᠠᠨ᠂ ᠡᠷᠴᠢᠮᠵᠢᠭᠰᠡᠨ᠂ ᠴᠢᠨᠠᠷᠵᠢᠭᠤᠨ〈ᠵᠢᠭᠤᠯᠴᠢᠯᠠᠬᠤ ᠳ᠋ᠤ ᠲᠣᠬᠢᠷᠠᠮᠵᠢᠲᠠᠶ 〉 ᠬᠣᠲᠠ᠂ ᠣᠷᠣᠨ ᠪᠦᠰᠡ ᠶ᠋ᠢᠨ ᠵᠢᠭᠤᠯᠴᠢᠯᠠᠨ ᠰᠡᠯᠡᠭᠦᠴᠡᠬᠦ ᠠᠮᠠᠷᠠᠯᠲᠠ ᠶ᠋ᠢᠨ ᠲᠥᠪ ᠢ᠋ᠪᠠᠢᠭᠤᠯᠤᠨ᠎ᠠ》 ᠭᠡᠵᠦ ᠢᠳᠡᠭᠡᠯ ᠲᠡᠭᠦᠯᠳᠡᠷ ᠬᠡᠯᠠᠯ᠎ᠠ᠃

ᠬᠥᠬᠡᠬᠣᠲᠠ ᠶ᠋ᠢᠨ ᠨᠠᠮ ᠤ᠋ᠨ ᠬᠣᠷᠢᠶ᠎ᠠ᠎ᠵᠢᠨ ᠨᠠᠮ ᠤ᠋ᠨ ᠰᠤᠷᠭᠠᠭᠤᠯᠢ ᠶ᠋ᠢᠨᠨᠠᠮ ᠤ᠋ᠨ ᠲᠡᠦᠬᠡ ᠨᠠᠮ ᠤ᠋ᠨ ᠪᠠᠢᠭᠤᠯᠤᠯᠲᠠ ᠶ᠋ᠢᠨ ᠵᠢᠭᠠᠨ ᠰᠤᠳᠤᠯᠬᠤ ᠲᠠᠰᠤᠭ ᠤ᠋ᠨ ᠡᠷᠬᠢᠯᠡᠭ᠌ᠴᠢ᠂ ᠳᠡᠳ᠋ ᠫᠷᠤᠹᠸᠰᠰᠤᠷᠯᠢ ᠧᠨ ᠸᠧᠢ ᠄ 《ᠥᠨᠥᠳᠦᠷ ᠤ᠋ᠨ ᠮᠡᠳᠡᠭᠦᠯᠦᠯᠲᠡ ᠶ᠋ᠢᠨ ᠬᠤᠷᠠᠯ ᠢ᠋ᠢᠡᠷ ᠲᠠᠮᠵᠢᠨ᠂ ᠪᠢᠳᠡ ᠪᠥᠬᠥᠳᠡ ᠬᠤᠷᠠᠯ ᠤ᠋ᠨ ᠵᠣᠷᠢᠭ ᠰᠠᠨᠠᠭᠠᠨ ᠤ᠋ ᠠᠭᠤᠯᠤᠭ᠍ᠳᠠᠬᠤᠨᠢ᠋ ᠨᠠᠩ ᠭᠦᠨᠵᠡᠭᠡᠶ ᠣᠬᠠᠪᠠ᠂ ᠢᠯᠠᠩᠭᠤᠶ᠎ᠠ ᠦᠵᠡᠯ ᠰᠠᠨᠠᠭ᠎ᠠ ᠪᠡᠨ ᠨᠢᠭᠡᠳᠭᠡᠬᠦ᠂ ᠢᠳᠡᠭᠡᠯ ᠵᠤᠷᠢᠭ ᠢ᠋ᠢᠡᠨᠨᠢᠭᠡᠳᠭᠡᠬᠦ᠂ ᠬᠦᠴᠦᠨ ᠴᠢᠳᠠᠯ ᠢ᠋ᠢᠡᠨ ᠨᠢᠭᠡᠳᠭᠡᠬᠦ 〈ᠭᠤᠷᠪᠠ ᠢ᠋ᠢ ᠨᠢᠭᠡᠳᠭᠡᠬᠦ᠌〉 ᠢ᠋ᠢᠨ ᠭᠦᠨᠵᠡᠭᠡᠶ ᠠᠭᠤᠯᠤᠭ᠍ᠳᠠᠬᠤᠨ ᠢ᠋ ᠤᠯᠠᠨ ᠢ᠋ᠢᠡᠷ ᠢ᠋ᠢᠡᠨ ᠬᠦᠨᠵᠡᠭᠡᠢ ᠤᠢᠯᠠᠭᠠᠵᠠᠢ᠂ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠪᠦᠷᠢᠯᠳᠦᠬᠦᠨ ᠪᠣᠯᠤᠭ᠍ᠰᠠᠨᠤ᠋ ᠬᠤᠪᠢ ᠳ᠋ᠤ᠂ ᠳᠠᠷᠠᠭᠠᠴᠢ ᠪᠡᠷ᠂ ᠪᠢᠳᠠ ᠠᠮᠢᠳᠤᠯᠢᠭ ᠪᠤᠳᠠᠳᠠᠢ ᠵᠢᠱ᠌ᠢᠶ᠎ᠡ᠂ ᠬᠢᠯᠪᠡᠷ ᠤᠢᠯᠠᠭᠠᠮᠵᠢᠳᠠᠢ ᠬᠡᠯᠡᠬᠡᠯᠡᠯᠭᠡ ᠪᠡᠷ ᠬᠤᠷᠠᠯ᠎ᠤᠨ ᠪᠦᠬᠦ ᠠᠭᠤᠯᠭ᠎ᠠ᠎ᠵᠢ ᠦᠨᠳᠦᠰᠦᠨ ᠱᠠᠲᠤᠨ ᠤ᠋ ᠨᠠᠮ ᠤ᠋ᠨ ᠭᠡᠱᠢᠭᠦᠨ ᠺᠠᠳ᠋ᠷ ᠣᠯᠠᠨᠲᠦᠮᠡᠨ᠎ᠳᠦ ᠲᠠᠢᠯᠪᠤᠷᠢᠯᠡᠨ ᠥᠭ᠌ᠴᠤ᠂ ᠣᠯᠠᠨ ᠢ᠋ ᠨᠠᠮ ᠤ᠋ᠨ ᠵᠠᠭᠤᠨ ᠵᠢᠯ ᠤ᠋ᠨ ᠭᠡᠷᠡᠯ ᠰᠠᠴᠤᠷᠠᠩᠭᠤᠶ ᠥᠩᠭᠡᠷᠡᠯᠲᠡ᠎ᠡᠴᠡᠣᠶᠤᠨ ᠤᠬᠠᠭᠠᠨ ᠪᠠ ᠬᠦᠴᠦᠨ ᠴᠢᠳᠠᠯ ᠤᠯᠵᠤ᠂ ᠠᠵᠢᠯ ᠤ᠋ᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠂ᠳᠤᠮᠳᠠᠳᠤ ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠶ᠋ᠢᠨ ᠳᠤᠮᠳᠠᠳᠤ ᠶ᠋ᠢᠨ ᠵᠡᠭᠦᠳᠦ᠍ ᠢ᠋ᠢᠲᠡᠷᠭᠡᠯᠱᠢᠭᠦᠯᠬᠦ᠌᠎ᠳᠦ ᠬᠤᠪᠢ ᠨᠡᠮᠡᠷᠢ ᠦᠵᠡᠭᠦᠯᠬᠦ᠌ ᠪᠤᠯᠭᠠᠨ᠎ᠠ》 ᠭᠡᠵᠦᠰᠡᠳᠬᠢᠯ ᠳᠤᠭᠳᠤᠯᠤᠨ ᠭᠡᠯᠡᠨ᠎ᠠ ᠃

《ᠡᠨᠡ ᠤᠳᠠᠭ᠎ᠠ᠎ᠵᠢᠨ ᠮᠡᠳᠡᠭᠦᠯᠦᠯᠲᠡ ᠨᠢ ᠪᠢᠳᠡᠨ᠎ᠦ ᠨᠡᠩ ᠶᠡᠬᠡ ᠡᠷᠴᠢ ᠵᠣᠷᠢᠭ ᠢ᠋ᠢᠡᠷᠰᠠᠨᠠᠭᠠᠴᠢᠯᠠᠭ᠎ᠠ ᠡᠴᠡ ᠪᠡᠨ ᠥᠭᠡᠷᠡᠴᠢᠯᠡᠯᠲᠡ ᠬᠢᠵᠦ᠍ ᠱᠢᠨ᠎ᠡ ᠢ᠋ᠢ ᠡᠭᠦᠳᠦᠨ᠂ ᠠᠮᠢ ᠠᠬᠤᠢ ᠣᠷᠴᠢᠨ ᠲᠣᠭᠣᠷᠢᠨᠢ᠋ ᠬᠠᠮᠠᠭᠠᠯᠠᠬᠤ ᠠᠵᠢᠯ ᠢ᠋ ᠠᠬᠢᠭᠤᠯᠤᠨ ᠪᠣᠬᠢᠷᠲᠤᠯ ᠦᠭᠡᠢ ᠴᠢᠨᠠᠷ ᠰᠠᠢᠲᠠᠢ ᠬᠥᠭ᠌ᠵᠢᠯᠲᠡ ᠶ᠋ᠢᠨ ᠵᠠᠮ ᠢ᠋ᠢᠡᠷᠵᠠᠮᠨᠠᠬᠤ ᠡᠷᠴᠢ ᠵᠤᠷᠢᠭ᠎ᠢ ᠬᠦᠪᠴᠢᠯᠡᠪᠠ᠃ ᠲᠠᠷᠠᠭᠠᠴᠢ ᠪᠡᠷ ᠂ ᠪᠢᠳᠡ ᠤᠯᠤᠰ ᠤ᠋ᠨ ᠠᠮᠢ ᠠᠬᠤᠶ ᠶ᠋ᠢᠨ ᠪᠣᠯᠪᠠᠰᠤᠨᠤ᠋ ᠪᠠᠢᠭᠤᠯᠤᠯᠲᠠ ᠶ᠋ᠢᠨ ᠵᠢᠱ᠌ᠢᠶ᠎ᠡ ᠦᠵᠡᠭᠦᠯᠬᠦ᠌ ᠬᠣᠲᠠ ᠢ᠋ᠢ ᠴᠢᠷᠮᠠᠢᠨ ᠪᠠᠢᠭᠤᠯᠬᠤ᠎ᠪᠠᠷ ᠬᠠᠷᠠᠯᠲᠠ ᠪᠣᠯᠭᠠᠨ᠂ ᠪᠣᠬᠢᠷᠲᠤᠯ ᠢ᠋ ᠰᠡᠷᠭᠡᠢᠯᠡᠨ ᠵᠠᠰᠠᠬᠤ ᠪᠤᠭᠤᠮᠳᠠ ᠰᠢᠪᠳᠤᠯᠬᠤᠳᠠᠢᠯᠠᠯᠳᠤᠭᠠᠨ ᠢ᠋ ᠭᠦᠨᠵᠡᠭᠡᠶ ᠰᠠᠢᠲᠤᠷ ᠬᠢᠵᠦ᠍᠂ ᠠᠭᠠᠷ ᠮᠠᠨᠳᠠᠯ᠂ ᠤᠰᠤ᠂ ᠬᠥᠷᠥᠰᠥ᠍᠎ᠱᠢᠷᠣᠶ᠎ᠶ᠋ᠢᠨ ᠣᠷᠴᠢᠨᠲᠣᠭᠣᠷᠢᠨ ᠤ᠋ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠵᠤ᠂ ᠪᠠᠢᠭᠠᠯᠢ ᠶ᠋ᠢᠨ ᠠᠮᠢ ᠠᠬᠤᠶ ᠢ᠋ᠢ ᠬᠠᠮᠠᠭᠠᠯᠠᠬᠤᠡᠷᠴᠢᠮ ᠢ᠋ ᠦᠨᠡᠨ ᠬᠦ᠌ ᠴᠢᠩᠭᠠᠷᠠᠭᠤᠯᠵᠤ᠂ ᠠᠮᠢ ᠠᠬᠤᠶ ᠣᠷᠴᠢᠨ ᠲᠣᠭᠣᠷᠢᠨ ᠤ᠋ ᠵᠠᠰᠠᠯᠲᠠ ᠶ᠋ᠢᠨ ᠦᠷ᠎ᠡ ᠪᠦᠲᠦᠮᠵᠢᠢ᠋ᠢ ᠲᠠᠰᠤᠷᠠᠯᠲᠠ ᠥᠬᠡᠶ ᠨᠡᠮᠡᠭᠳᠡᠬᠦᠯᠤᠨ᠂ ᠡᠷᠡᠰ ᠭᠤᠢᠪᠢᠰᠢ ᠦᠭᠡᠢ ᠪᠡᠷ ᠮᠠᠨ ᠤ᠋ ᠤᠯᠤᠰ ᠤ᠋ᠨ ᠤᠮᠠᠷᠠᠲᠤ ᠶ᠋ᠢᠨᠴᠢᠬᠤᠯᠠ ᠠᠮᠢ ᠠᠬᠤᠶ ᠶ᠋ᠢᠨ ᠠᠮᠤᠷ ᠲᠦᠪᠱᠢᠨ᠎ᠦ ᠬᠠᠯᠬᠠᠪᠴᠢ ᠶ᠋ᠢᠨ ᠪᠥᠲᠥᠭᠡᠨ ᠪᠠᠢᠭᠤᠯᠤᠭ᠍ᠴᠢ ᠪᠠ ᠣᠷᠣᠨ ᠤ᠋ ᠲᠥᠪ ᠤ᠋ᠨ ᠠᠮᠢ ᠠᠬᠤᠶ ᠣᠷᠴᠢᠨ ᠲᠣᠭᠣᠷᠢᠨ ᠤ᠋ ᠶᠠᠰᠤᠴᠢᠨᠠᠷ ᠤ᠋ᠨ ᠰᠠᠬᠢᠨ ᠬᠠᠮᠠᠭᠠᠯᠠᠭ᠍ᠴᠢ ᠪᠣᠯᠤᠨ᠎ᠠ》 ᠭᠡᠵᠦ᠍ ᠬᠥᠬᠡᠬᠣᠲᠠᠶ᠋ᠢᠨ ᠠᠮᠢ ᠠᠬᠤᠶ ᠣᠷᠴᠢᠨ ᠲᠣᠭᠣᠷᠢᠨ ᠤ᠋ ᠲᠦ᠍ᠪᠴᠢᠶ᠎ᠠ᠎ᠵᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢᠶᠢᠨ ᠱᠦ᠍ ᠭᠠᠩ ᠬᠡᠯᠡᠯ᠎ᠠ᠃

ᠲᠦ᠍ᠰ ᠡᠳᠦᠷ ᠤ᠋ᠨ ᠦᠳᠡ ᠶ᠋ᠢᠨ ᠬᠣᠢᠨ᠎ᠠ᠂ ᠯᠢ ᠴᠦᠨ ᠯᠢᠨ ᠬᠣᠲᠣᠩ ᠠᠷᠠᠳ ᠤ᠋ᠨᠲᠣᠭᠣᠷᠢᠭ ᠤ᠋ᠨ ᠵᠦᠩᠱᠠᠨ ᠪᠠᠷᠠᠭᠤᠨ ᠵᠠᠮ ᠤ᠋ᠨ ᠬᠤᠳᠠᠯᠳᠤᠭᠠᠨᠤ᠋ ᠲᠣᠭᠣᠷᠢᠭ ᠤ᠋ᠨ ᠨᠠᠮ ᠤ᠋ᠨ ᠪᠠᠢᠭᠤᠯᠤᠯᠲᠠ ᠶ᠋ᠢᠨ ᠬᠤᠯᠪᠤᠭᠠᠳᠤ ᠴᠣᠭ᠍ᠴᠠ ᠶ᠋ᠢᠨ ᠬᠦᠳᠡᠯᠭᠡᠭᠡᠨ᠎ᠤ ᠲᠥᠪ᠎ᠲᠦᠬᠦᠷᠴᠦ᠍᠂ ᠬᠠᠷᠢᠶ᠎ᠠ ᠤᠷᠤᠨ ᠤ᠋ ᠠᠵᠤ ᠠᠬᠤᠢᠯᠠᠯ ᠤ᠋ᠨ ᠨᠠᠮ ᠤ᠋ᠨ ᠭᠡᠱᠢᠭᠦᠨ ᠤ᠋ ᠲᠥᠯᠥᠭᠡᠯᠡᠭ᠌ᠴᠢ ᠪᠣᠯᠤᠨ ᠨᠡᠢᠭᠡᠮᠲᠣᠭᠣᠷᠢᠭ᠎ᠤ᠋ᠨ ᠺᠠᠳ᠋ᠷᠴᠤᠳ ᠲᠦ᠍ ᠲᠦ᠍ᠰᠭᠠᠢ ᠰᠡᠳᠦᠪᠲᠦ ᠤᠬᠠᠭᠤᠯᠤᠨ ᠲᠠᠢᠯᠪᠤᠷᠢᠯᠡᠬᠤ ᠠᠵᠢᠯᠯᠠᠭ᠎ᠠ ᠦᠷᠨᠢᠬᠦᠯᠦᠭᠰᠡᠨ ᠪᠥᠭᠡᠳ ᠤᠯᠠᠨ ᠲᠠᠢ ᠪᠤᠳᠤᠯ ᠰᠠᠨᠠᠯ ᠢ᠋ᠢᠡᠨ ᠰᠣᠯᠢᠯᠴᠠᠵᠤ᠂ ᠲᠠᠷᠠᠴᠢᠯᠠᠨᠤᠯᠠᠨ ᠤ᠋ ᠠᠩᠬᠠᠷᠴᠤ ᠪᠠᠢᠭ᠎ᠠ ᠠᠰᠠᠭᠤᠳᠠᠯ ᠎ᠳ᠋ᠤ ᠨᠠᠷᠢᠨ ᠨᠢᠮᠪᠠᠢ ᠲᠠᠢᠯᠪᠤᠷᠢᠯᠡᠯᠳᠠ ᠬᠢᠪᠠ᠃ ᠤᠯᠠᠨ ᠢ᠋ᠢᠡᠷ ᠢ᠋ᠢᠡᠨ᠂ᠬᠦᠰᠡᠯᠡᠩ ᠢᠲᠡᠭᠡᠯ ᠪᠢᠱᠢᠷᠡᠯ ᠢ᠋ᠢᠡᠨ ᠪᠠᠲᠤᠳᠭᠠᠵᠤ᠂ ᠴᠠᠭᠦᠶ᠎ᠡ ᠶ᠋ᠢᠨ ᠠᠯᠬᠤᠭ᠎ᠠ ᠢ᠋ᠢ ᠲᠠᠭᠠᠵᠤ᠂ ᠯᠠᠪᠳᠠᠭᠤᠨ ᠪᠠᠲᠤᠲᠠᠢ ᠠᠵᠢᠯᠯᠠᠨ᠂ ᠵᠣᠷᠢᠭ᠍ᠲᠠᠢ᠎ᠪᠠᠷ ᠱᠢᠨ᠎ᠡ ᠢ᠋ᠢᠡᠭᠦᠳᠴᠦ᠍᠂ ᠰᠤᠷᠤᠯᠴᠠᠯᠭ᠎ᠠ ᠶ᠋ᠢᠨ ᠦᠷ᠎ᠡ ᠪᠦᠲᠦᠭᠡᠯ ᠢ᠋ᠢᠡᠨ ᠲᠦ᠍ᠬᠠᠢᠯᠠᠭ᠍ᠰᠠᠨ ᠠᠵᠢᠯ ᠢ᠋ᠢᠡᠨ ᠰᠠᠢᠲᠤᠷ ᠬᠢᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦᠨᠪᠣᠯᠭᠠᠨ ᠬᠤᠪᠢᠷᠠᠭᠤᠯᠤᠨ᠎ᠠ ᠭᠡᠵᠡᠭᠡᠪᠠ᠃

ᠬᠣᠲᠣᠩ ᠠᠷᠠᠳ᠎ᠤ᠋ᠨ ᠲᠣᠭᠣᠷᠢᠭ ᠤ᠋ᠨ ᠵᠦᠩᠱᠠᠨ ᠪᠠᠷᠠᠭᠤᠨ ᠵᠠᠮ ᠤ᠋ᠨ ᠵᠡᠭᠡᠯᠢᠭᠤᠳᠤᠮᠵᠢ ᠶ᠋ᠢᠨ ᠬᠡᠷᠡᠭ ᠡᠷᠬᠢᠯᠡᠬᠦ᠌ ᠭᠠᠵᠠᠷ ᠤ᠋ᠨ ᠬᠠᠢ ᠯᠢᠶᠠᠩ ᠨᠡᠢᠭᠡᠮ ᠲᠣᠭᠣᠷᠢᠭ ᠤ᠋ᠨ ᠨᠠᠮ ᠤ᠋ᠨ ᠡᠭᠦᠷᠤ᠋ᠨ ᠱᠦᠵᠢ ᠯᠢ ᠱᠢᠶᠤᠤ ᠳ᠋ᠦᠩ ᠄ 《ᠯᠢ ᠫᠷᠤᠹᠸᠰᠰᠤᠷ ᠤ᠋ᠨ ᠲᠠᠢᠯᠤᠮᠵᠢ ᠢ᠋ᠢ ᠰᠣᠨᠣᠰᠤᠭᠠᠳ ᠶᠡᠬᠡ ᠳᠣᠭ᠍ᠳᠣᠯᠵᠠᠢ᠂ ᠮᠡᠳᠡᠭᠦᠯᠦᠯᠲᠡᠶ᠋ᠢᠨ ᠠᠭᠤᠯᠭ᠎ᠠ ᠨᠢ ᠪᠢᠳᠡᠨ ᠤ᠋ ᠪᠣᠳᠠᠲᠠᠢ ᠠᠵᠢᠯ ᠳ᠋ᠤ ᠮᠠᠰᠢ ᠴᠢᠩᠭ᠎ᠠ ᠵᠢᠯᠣᠭᠣᠳᠭᠤ ᠠᠴᠢ ᠬᠣᠯᠪᠣᠭ᠍ᠳᠠᠯ ᠲᠠᠢ᠂ ᠪᠢᠳᠡ ᠯᠠᠪᠳᠠᠢ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠢ᠋ᠢ ᠨᠠᠮ ᠤ᠋ᠨ ᠭᠡᠱᠢᠭᠦᠨ ᠠᠵᠢᠯᠳᠠᠨ ᠠᠵᠢᠯᠴᠢᠨᠨᠢᠭᠡᠪᠦᠷᠢ᠎ᠳᠡᠭᠡᠨ ᠤᠯᠠᠮᠵᠢᠯᠠᠵᠤ᠂ ᠰᠤᠷᠤᠯᠴᠠᠯᠭ᠎ᠠ᠎ᠶ᠋ᠢᠨ᠎ᠦᠷ᠎ᠡ᠎ᠪᠦᠲᠦᠮᠵᠢ᠎ᠢ᠋ᠢ᠎ᠠᠵᠢᠯ᠎ᠤ᠋ᠨ᠎ᠬᠥᠳᠡᠯᠭᠡᠬᠦ᠌᠎ᠬᠦᠴᠦᠨ᠎ᠪᠣᠯᠭᠠᠨ ᠬᠤᠪᠢᠷᠠᠭᠤᠯᠵᠤ᠂ ᠬᠠᠷᠢᠶ᠎ᠠ ᠣᠷᠣᠨ ᠤ᠋ ᠰᠠᠭᠤᠭᠠᠯᠢ ᠠᠷᠠᠳ ᠲᠦ᠍ ᠨᠡᠩ ᠰᠠᠢᠲᠤᠷ ᠦᠢᠯᠡᠴᠢᠯᠡᠵᠦ᠍᠂ᠰᠠᠭᠤᠭᠠᠯᠢ ᠠᠷᠠᠳ᠎ᠤᠨ᠎ᠵᠢᠡᠨ᠎ᠬᠦᠷᠲᠡᠮᠵᠢ᠎ᠶ᠋ᠢᠨ ᠲᠦᠷᠦᠭ᠌ᠳᠡᠯ ᠪᠠ ᠵᠢᠷᠭᠠᠯᠲᠤ ᠲᠦᠷᠦᠭ᠌ᠳᠡᠯ᠎ᠢ ᠨᠠᠡᠭ ᠨᠠᠮᠡᠭᠳᠡᠬᠦᠯᠬᠦᠶᠤᠮ》 ᠭᠡᠵᠦᠢᠳᠡᠭᠡᠯ ᠲᠠᠬᠦᠯᠳᠡᠷ ᠭᠡᠯᠡᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面