ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-12-19 21:04:09

ᠵᠣᠬᠢᠶᠠᠭ᠍ᠴᠢ᠄ ᠬᠤᠤ ᠱᠢᠤᠸᠠᠢ ᠯᠢᠶᠠᠨ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ8 ᠤ᠋ ᠡᠳᠦᠷ ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠡᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨᠲᠠᠢᠯᠪᠤᠷᠢᠯᠠᠬᠤ ᠪᠦᠯᠬᠦᠮ ᠤᠷᠳᠤᠰ᠎ᠬᠤᠲᠠ ᠎ᠳᠦ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠡᠳ᠋ᠳᠠᠷᠤᠭ᠎ᠠ ᠪᠦᠦ ᠰᠡᠴᠡᠨ《ᠲᠡᠦᠬᠡ᠎ᠪᠡᠷᠲᠤᠯᠢ ᠪᠣᠯᠭᠠᠵᠦ᠂ ᠢᠷᠡᠭᠡᠳᠦᠶ᠎ᠶ᠋ᠢ ᠴᠤᠭᠴᠠᠯᠠᠨ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠱᠢᠨ᠎ᠡ ᠬᠠᠭᠤᠳᠠᠰᠤ᠎ᠶ᠋ᠢᠴᠢᠷᠮᠠᠢᠨ ᠪᠢᠴᠢᠭ᠌ᠯᠡᠶ᠎ᠡ》 ᠭᠡᠬᠦ᠌ ᠰᠡᠳᠦᠪ᠎ᠵᠢᠡᠷ᠂ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭᠰᠠᠨᠠᠭ᠎ᠠ ᠪᠠ ᠪᠥᠬᠥᠳᠡ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠠ ᠲᠡᠦᠬᠡ᠎ᠶ᠋ᠢᠨ ᠲᠤᠷᠱᠢᠯᠭ᠎ᠠ᠎ᠶ᠋ᠢᠨᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢ 》᠎ᠶ᠋ᠢᠨ ᠲᠣᠭᠣᠷᠢᠨ᠎ᠳᠤ᠂ ᠪᠦᠬᠦ᠌ ᠲᠠᠯ᠎ᠠ ᠪᠠ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠨᠠᠮ᠎ᠤᠨᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡᠠᠴᠢ ᠬᠣᠯᠪᠣᠭ᠍ᠳᠠᠯ᠎ᠢ ᠭᠦᠨᠵᠡᠭᠡᠢ ᠲᠠᠨᠢᠵᠤ᠂ ᠪᠥᠬᠥᠳᠡ ᠬᠤᠷᠠᠯ᠎ᠤᠨ ᠪᠠᠶᠠᠯᠢᠭ ᠠᠭᠤᠯᠤᠭ᠍ᠳᠠᠬᠤᠨ ᠪᠠ ᠭᠤᠤᠯ ᠠᠭᠤᠯᠭ᠎ᠠ᠎ᠶ᠋ᠢᠭᠦᠨᠵᠡᠭᠡᠶ ᠣᠢᠯᠠᠭᠠᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠪᠥᠬᠥᠳᠡ ᠬᠤᠷᠠᠯ᠎ᠤᠨᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠤᠨ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠶᠠᠬᠢᠭᠤᠯᠬᠤ ᠵᠡᠷᠭᠡ ᠲᠠᠯ᠎ᠠ᠎ᠪᠠᠷ ᠱᠢᠰᠲ᠋ᠧᠮ᠎ᠲᠡᠶ ᠲᠣᠳᠣᠷᠬᠠᠢᠯᠠᠨ ᠥᠭᠦᠯᠡᠭ᠌ᠰᠡᠨ ᠪᠥᠭᠡᠳ ᠭᠦᠨᠵᠡᠭᠡᠶ ᠲᠠᠢᠯᠤᠮᠵᠢᠬᠢᠪᠠ᠃

ᠮᠡᠳᠡᠭᠦᠯᠦᠯᠲᠡ᠎ᠶ᠋ᠢᠨ ᠭᠤᠤᠯ ᠰᠡᠳᠦᠪ ᠢᠯᠡ ᠲᠣᠳᠣ᠂ ᠠᠭᠤᠯᠤᠭ᠍ᠳᠠᠬᠤᠨᠡᠯᠪᠡᠭ ᠪᠠᠶᠠᠯᠢᠭ᠂ ᠭᠦᠨᠵᠡᠭᠡᠶ ᠪᠥᠭᠡᠳ ᠣᠢᠯᠠᠭᠠᠮᠵᠢᠲᠠᠶ᠂ ᠤᠯᠤᠰ ᠲᠥᠷᠥ᠎ᠶ᠋ᠢᠨ ᠦᠨᠳᠦᠷᠴᠡ ᠪᠠ ᠣᠨᠣᠯ᠎ᠤᠨᠭᠦᠨᠴᠡ᠎ᠲᠡᠶ ᠪᠠᠢᠵᠤ ᠂ ᠣᠷᠳᠣᠰ᠎ᠬᠤᠲᠠ ᠵᠢᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠂ ᠥᠪᠡᠷᠲᠡᠭᠡᠨᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠤᠬᠠᠭᠤᠯᠬᠤ᠎ᠳᠤ ᠨᠢᠭᠡ ᠤᠳᠠᠭᠠᠨ᠎ᠤ ᠴᠢᠨᠠᠷ ᠰᠠᠢᠲᠠᠶ ᠬᠠᠪᠰᠤᠷᠤᠨᠵᠢᠯᠣᠭᠣᠳᠣᠯᠭ᠎ᠠ ᠬᠢᠪᠠ᠃

ᠣᠷᠳᠣᠰ᠎ᠬᠤᠲᠠ ᠵᠢᠨ ᠠᠮᠢ ᠠᠬᠤᠶ ᠣᠷᠴᠢᠨ ᠲᠣᠭᠣᠷᠢᠨ᠎ᠤ ᠠᠵᠢᠯ ᠮᠡᠷᠭᠡᠵᠢᠯ᠎ᠦᠨᠳᠡᠭᠡᠳᠦ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠵᠢᠭᠠᠨ ᠰᠤᠳᠤᠯᠬᠤ ᠲᠠᠰᠤᠭ᠎ᠤᠨ ᠪᠠᠭ᠍ᠰᠢ ᠯᠢ ᠶᠠ ᠨᠠ ᠤᠬᠠᠭᠤᠯᠤᠨᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠳᠠᠷᠠᠭ᠎ᠠ ᠄ 《 ᠨᠠᠮ᠎ᠤᠨ ᠠᠷᠪᠠᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠰᠤᠷᠤᠯᠴᠠᠬᠤ᠎ᠪᠠᠷ ᠳᠡᠮᠵᠢᠨ᠂ ᠨᠠᠮᠠᠶ᠋ᠢ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠵᠠᠮ ᠂ᠣᠨᠣᠯ ᠂ ᠪᠠᠢᠭᠤᠯᠤᠯ ᠂ ᠰᠣᠶᠣᠯ᠎ᠳᠤ ᠨᠠᠩ ᠢᠲᠡᠭᠡᠯ᠎ᠲᠡᠶ ᠪᠣᠯᠭᠠᠵᠤ᠂ ᠥᠪᠥᠷ ᠮᠣᠩᠭᠣᠯ᠎ᠤᠨ ᠰᠠᠢᠨ ᠰᠠᠢᠬᠠᠨ ᠢᠷᠡᠭᠡᠳᠦᠶ᠎ᠳᠦᠨᠠᠩ ᠢᠲᠡᠭᠡᠯ ᠲᠡᠭᠦᠯᠳᠡᠷ ᠪᠣᠯᠭᠠᠪᠠ᠃ ᠶᠡᠬᠡ ᠳᠡᠭᠡᠳᠦ ᠰᠤᠷᠭᠠᠭᠤᠯᠢ᠎ᠶ᠋ᠢᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠢᠯᠠᠭᠠᠬᠤ᠎ᠶ᠋ᠢᠨᠬᠠᠮᠲᠤ ᠰᠤᠷᠤᠭ᠍ᠴᠢᠳ᠎ᠲᠠᠭᠠᠨ ᠤᠯᠠᠮᠵᠢᠯᠠᠵᠤ ᠂ ᠪᠣᠳᠠᠲᠤ ᠠᠵᠢᠯᠯᠠᠭ᠎ᠠ᠎ᠪᠠᠷ᠎ᠢᠶᠠᠨ ᠪᠦᠬᠦᠳᠠ ᠬᠤᠷᠠᠯ᠎ᠤᠨ ᠵᠣᠷᠢᠭᠰᠠᠨᠠᠭ᠎ᠠ᠎ᠶ᠋ᠢ ᠡᠳᠦᠷ ᠲᠤᠳᠤᠮ᠎ᠤᠨ ᠠᠵᠢᠯ᠎ᠳᠠᠭᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠡᠢᠭᠡᠮ ᠵᠢᠷᠤᠮᠳᠤᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠦᠵᠡᠭᠦᠯᠪᠡᠰᠦ ᠵᠣᠬᠢᠬᠤ ᠬᠤᠪᠢᠨᠡᠮᠡᠷᠢ᠎ᠪᠡᠨ ᠦᠵᠡᠭᠦᠯᠦᠨ᠎ᠡ》ᠭᠡᠵᠦ ᠵᠤᠷᠢᠭᠵᠢᠡᠨ ᠢᠯᠡᠳᠭᠡᠪᠡ᠃

《ᠪᠦᠦ ᠰᠡᠴᠡᠨ ᠪᠠᠭᠰᠢ᠎ᠶ᠋ᠢᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠲᠤᠩ ᠶᠡᠬᠡᠣᠯᠤᠯᠲᠠ᠎ᠲᠠᠶ᠂ ᠮᠠᠰᠢ ᠶᠡᠬᠡ ᠵᠣᠷᠢᠭ᠍ᠵᠢᠭᠤᠯᠤᠯ ᠣᠯᠵᠠᠢ᠃ ᠣᠷᠳᠣᠰ ᠬᠣᠲᠠ᠎ᠶ᠋ᠢᠨ ᠬᠥᠳᠡᠭᠡ ᠲᠣᠰᠭᠣᠨ᠎ᠢ ᠬᠥᠭ᠌ᠵᠢᠭᠦᠯᠦᠨᠮᠠᠨᠳᠤᠭᠤᠯᠬᠤ ᠲᠣᠪᠴᠢᠶ᠎ᠠ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨᠨᠠᠢᠳᠠᠪᠤᠷᠢᠵᠢᠭᠤᠯᠵᠤ ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌ ᠵᠠᠮ᠎ᠢᠶᠠᠷ ᠡᠷᠡᠰ ᠭᠤᠢᠪᠢᠰᠢᠥᠬᠡᠶ ᠵᠠᠮᠨᠠᠵᠤ ᠂ ᠬᠥᠳᠡᠭᠡ ᠲᠣᠰᠭᠣᠨ᠎ᠤ ᠲᠠᠪᠤᠨ ᠶᠡᠬᠡ ᠬᠥᠭ᠌ᠵᠢᠯ ᠮᠠᠨᠳᠤᠯ᠎ᠢ ᠪᠥᠬᠥ᠌ ᠲᠠᠯ᠎ᠠ᠎ᠪᠠᠷ ᠠᠬᠢᠭᠤᠯᠤᠨ᠂ ᠠᠵᠤ ᠦᠶ᠋ᠯᠡᠳᠪᠦᠷᠢ᠎ᠪᠡᠷ ᠲᠠᠷᠢᠶᠠᠯᠠᠩ᠎ᠢ ᠣᠷᠣᠯᠠᠭᠤᠯᠬᠤ ᠂ ᠬᠣᠲᠠ᠎ᠪᠠᠷ ᠬᠥᠳᠡᠭᠡ ᠲᠣᠰᠭᠣᠨ᠎ᠢ ᠠᠬᠢᠭᠤᠯᠬᠤ᠎ᠪᠠᠷᠳᠠᠮᠵᠢᠭᠤᠯᠤᠨ ᠂ ᠬᠥᠳᠡᠭᠡ ᠲᠣᠰᠭᠣᠨ᠎ᠤ ᠠᠵᠤ ᠦᠶ᠋ᠯᠡᠰ ᠂ ᠠᠮᠢ ᠠᠬᠤᠶ ᠂ ᠰᠣᠶᠣᠯ ᠪᠣᠯᠤᠨ ᠵᠠᠰᠠᠯᠲᠠ᠎ᠶ᠋ᠢᠨ ᠪᠦᠲᠦᠴᠡ᠎ᠶ᠋ᠢᠳᠠᠬᠢᠨ ᠴᠣᠭ᠍ᠴᠠᠯᠠᠵᠤ ᠂ ᠪᠥᠬᠥ᠌ ᠣᠷᠣᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ᠎ᠢᠪᠣᠶ ᠪᠤᠯᠭᠠᠨ᠎ᠠ》 ᠭᠡᠵᠦ᠍ ᠤᠷᠳᠤᠰᠬᠤᠳᠠ᠎ᠶ᠋ᠢᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠲᠣᠪᠴᠢᠶᠠᠨ᠎ᠤ ᠳᠡᠳ᠋ ᠳᠠᠷᠤᠭ᠎ᠠ ᠯᠢᠦ ᠬᠠᠢᠵᠢᠶᠦ᠋ᠨ ᠬᠡᠯᠡᠪᠡ᠃

ᠣᠷᠳᠣᠰ ᠬᠣᠲᠠ᠎ᠶ᠋ᠢᠨ ᠨᠠᠮ᠎ᠤᠨ ᠬᠤᠷᠢᠶ᠎ᠠ ᠵᠢᠨ ᠣᠨᠣᠯ᠎ᠤᠨ ᠯᠧᠺᠲ᠋ᠣᠷ᠎ᠤᠨᠪᠦᠯᠬᠦᠮ᠎ᠦᠨ ᠳᠠᠷᠤᠭ᠎ᠠ ᠸᠠᠩ ᠢᠦᠶ ᠬᠣᠩ ᠮᠡᠳᠡᠭᠦᠯᠦᠯᠲᠡ᠎ᠶ᠋ᠢ ᠪᠥᠬᠥᠨ᠎ᠢ ᠰᠣᠨᠣᠰᠤᠭ᠍ᠰᠠᠨ᠎ᠪᠦᠭᠡᠳ ᠨᠠᠷᠢᠨ ᠬᠢᠨᠠᠮᠠᠭᠠᠶᠲᠡᠮᠳᠡᠭ᠌ᠯᠡᠯ ᠬᠢᠪᠡ᠂ ᠲᠡᠷᠡ᠄《ᠣᠷᠳᠣᠰ ᠬᠣᠲᠠ᠎ᠶ᠋ᠢᠨᠨᠠᠮ᠎ᠤᠨ ᠬᠤᠷᠢᠶ᠎ᠠ ᠵᠢᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ᠂ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠪᠢ ᠮᠠᠨ᠎ᠤ ᠬᠣᠲᠠ᠎ᠶ᠋ᠢᠨ ᠤᠬᠠᠭᠤᠯᠤᠨ ᠲᠠᠢᠯᠪᠤᠷᠢᠯᠠᠬᠤᠠᠵᠢᠯ᠎ᠢ ᠰᠠᠢᠲᠤᠷ ᠬᠢᠬᠦ᠌ ᠢᠲᠡᠭᠡᠯ ᠵᠣᠷᠢᠭ᠎ᠢᠶᠠᠨ ᠨᠠᠩ ᠪᠠᠲᠤᠳᠭᠠᠪᠠ᠃ ᠬᠣᠲᠠ᠎ᠶ᠋ᠢᠨ ᠨᠠᠮ᠎ᠤᠨ ᠬᠤᠷᠢᠶ᠎ᠠ ᠵᠢᠨᠣᠨᠣᠯ᠎ᠤᠨ ᠯᠧᠺᠲ᠋ᠣᠷ᠎ᠤᠨ ᠪᠦᠯᠬᠦᠮ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠤ ᠠᠬᠤᠢᠯᠠᠯ᠎ᠳᠤ ᠣᠷᠣᠭᠤᠯᠬᠤ ᠂ ᠬᠥᠳᠡᠭᠡ ᠲᠣᠰᠭᠣᠨ᠎ᠳᠤ ᠣᠷᠣᠭᠤᠯᠬᠤ᠂ ᠪᠠᠢᠭᠤᠯᠭ᠎ᠠ᠎ᠳᠤ ᠣᠷᠣᠭᠤᠯᠬᠤ᠂ ᠨᠡᠢᠭᠡᠮ ᠲᠣᠭᠣᠷᠢᠭ᠎ᠲᠤ ᠣᠷᠣᠭᠤᠯᠬᠤ ᠂ ᠰᠤᠷᠭᠠᠭᠤᠯᠢ᠎ᠳᠤ ᠣᠷᠣᠭᠤᠯᠬᠤ ᠂ ᠴᠡᠷᠢᠭ᠎ᠦᠨᠬᠤᠸᠠᠷᠠᠨ᠎ᠳᠤ ᠣᠷᠣᠭᠤᠯᠬᠤ ᠂ ᠰᠦᠯᠵᠢᠶᠡᠨ᠎ᠳᠦ ᠣᠷᠣᠭᠤᠯᠬᠤ ᠱᠢᠷᠢᠰ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶᠥᠷᠨᠢᠭᠦᠯᠵᠦ᠍ ᠂ ᠵᠢᠵᠢᠭ ᠭᠠᠷᠳᠠᠴᠠ ᠪᠡᠷ ᠶᠡᠬᠡ ᠰᠡᠳᠦᠪ᠎ᠢᠢᠯᠡᠷᠡᠭᠦᠯᠦᠨ᠂ ᠵᠢᠵᠢᠭ ᠥᠯᠢᠭᠡᠷ ᠵᠢᠡᠷ ᠶᠡᠬᠡ ᠶᠣᠰᠣ᠎ᠶ᠋ᠢᠶᠠᠷᠢᠵᠤ ᠂ ᠨᠠᠮ᠎ᠤᠨ ᠱᠢᠨ᠎ᠡ᠎ᠶ᠋ᠢ ᠡᠭᠦᠳᠦᠭᠰᠡᠨ ᠣᠨᠣᠯ ᠢ᠋ ᠡᠬᠡᠯ ᠠᠷᠠᠳ᠎ᠲᠦ ᠤᠬᠠᠭᠤᠯᠤᠨ ᠲᠠᠢᠯᠪᠤᠷᠢᠯᠠᠬᠤ ᠎ᠶ᠋ᠢᠦᠨᠡᠨ ᠬᠦ᠌ ᠠᠬᠢᠭᠤᠯᠤᠨ᠎ᠠ》ᠭᠡᠵᠦ ᠢᠳᠡᠭᠡᠯᠲᠡᠭᠦᠯᠳᠡᠷ ᠬᠡᠯᠡᠪᠡ᠃

ᠦᠳᠡ᠎ᠶ᠋ᠢᠨ ᠬᠣᠢᠨ᠎ᠠ ᠨᠢ ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨᠲᠠᠢᠯᠪᠤᠷᠢᠯᠠᠬᠤ ᠪᠦᠯᠬᠦᠮ᠎ᠦᠨ᠎ᠬᠢᠨ ᠡᠵᠡᠨ ᠬᠣᠷᠣᠭ᠎ᠠ ᠬᠣᠱᠢᠭᠤᠨ᠎ᠳᠤ ᠬᠦᠷᠴᠦ᠍ ᠂ ᠦᠪᠦᠷ ᠮᠣᠩᠭᠣᠯ ᠎ᠤᠨ ᠮᠧᠩᠰᠦ᠍ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠬᠠᠮᠢᠶᠠᠷᠤᠯᠲᠠ᠎ᠶ᠋ᠢᠨ ᠵᠥᠪᠯᠡᠯ ᠪᠣᠯᠤᠨ ᠶᠤᠸᠠᠨᠵᠢᠩ ᠣᠲᠣ ᠦᠶ᠎ᠡ᠎ᠶ᠋ᠢᠨ ᠡᠨᠧᠷᠭᠢ᠎ᠶ᠋ᠢᠨ ᠲᠣᠨᠣᠭ᠍ᠯᠠᠯ᠎ᠤᠨ ᠠᠵᠤ ᠦᠶ᠋ᠯᠡᠰ᠎ᠦᠨ ᠲᠥᠷᠥᠯ ᠵᠦᠶ᠋ᠯ᠎ᠦᠨ ᠺᠠᠳ᠋ᠷ ᠠᠵᠢᠯᠲᠠᠳ᠎ᠲᠤᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠭ᠌ᠰᠡᠨ ᠪᠥᠭᠡᠳ ᠰᠠᠨᠠᠯ᠎ᠢᠶᠠᠨ ᠰᠣᠯᠢᠯᠴᠠᠪᠠ᠃

ᠶᠤᠸᠠᠨ ᠵᠢᠩ ᠣᠲᠣ ᠦᠶ᠎ᠡ᠎ᠶ᠋ᠢᠨ ᠡᠨᠧᠷᠭᠢ᠎ᠶ᠋ᠢᠨ ᠲᠣᠨᠣᠭ᠍ᠯᠠᠯ᠎ᠤᠨ ᠠᠵᠤᠦᠶ᠋ᠯᠡᠰ᠎ᠦᠨ ᠲᠥᠷᠥᠯ ᠵᠦᠶ᠋ᠯ᠎ᠦᠨ ᠠᠵᠢᠯᠲᠠᠨ ᠡᠴᠡ ᠄ 《ᠥᠪᠥᠷ ᠮᠣᠩᠭᠣᠯ᠎ᠳᠤᠨᠤᠲᠤᠭ᠍ᠰᠢᠭ᠍ᠰᠠᠨ ᠱᠢᠨ᠎ᠡ ᠡᠨᠧᠷᠭᠢ᠎ᠶ᠋ᠢᠨ ᠠᠵᠤ ᠠᠬᠤᠢᠯᠠᠯ᠎ᠳᠤ ᠠᠪᠴᠤ᠌ ᠬᠡᠯᠡᠪᠡᠯ᠂ ᠪᠢᠳᠡ ᠬᠡᠷᠬᠢᠨ ᠲᠤᠬᠠᠶ᠎ᠶ᠋ᠢᠨᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷᠲᠤᠭᠤᠱᠢᠯᠠᠭᠤᠯᠤᠨ ᠨᠠᠢᠳᠠᠪᠤᠷᠢᠵᠢᠭᠤᠯᠬᠤ ᠪᠣᠶ?》 ᠭᠡᠵᠦ ᠪᠦᠦ ᠰᠡᠴᠡᠨᠡᠴᠡ ᠠᠰᠠᠭᠤᠭᠰᠠᠨ ᠎ᠳᠦ᠎ᠲᠡᠷᠡ᠄ 《ᠥᠪᠥᠷ ᠮᠣᠩᠭᠣᠯ᠎ᠳᠤᠱᠢᠨ᠎ᠡ᠎ᠪᠡᠷ ᠢᠷᠡᠵᠦ᠍ ᠰᠠᠭᠤᠷᠢᠱᠢᠭ᠍ᠰᠠᠨ ᠱᠢᠨ᠎ᠡ ᠡᠨᠧᠷᠭᠢ᠎ᠶ᠋ᠢᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠭᠤᠤᠯᠳᠠᠭᠤ ᠣᠭ ᠰᠠᠨᠠᠭ᠎ᠠ᠎ᠪᠠᠨᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍ ᠂ ᠦᠵᠡᠯ ᠰᠠᠨᠠᠭ᠎ᠠ ᠵᠣᠷᠢᠯᠲᠠ᠎ᠪᠠᠨ ᠨᠢᠭᠡᠳᠭᠡᠬᠦ᠌᠎ᠶ᠋ᠢᠨᠬᠠᠮᠲᠤ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠱᠢᠯᠠᠭᠤᠯᠬᠤ ᠬᠡᠷᠡᠭ᠌ᠲᠡᠶ᠃ ᠥᠪᠡᠷᠲᠡᠭᠡᠨ ᠵᠠᠰᠠᠬᠤᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠬᠣᠢᠱᠢᠳᠠ᠎ᠶ᠋ᠢᠨᠲᠠᠪᠤᠨ ᠵᠢᠯ᠎ᠳᠦ〈 ᠬᠣᠶᠠᠷ ᠰᠠᠭᠤᠷᠢᠨ〉 ᠎ᠢ᠋ ᠲᠦᠷᠭᠡᠳᠭᠡᠨ ᠪᠠᠢᠭᠤᠯᠬᠤ᠎ᠶ᠋ᠢ ᠲᠣᠳᠣᠷᠬᠠᠢ ᠲᠤᠷᠠᠳᠴᠠᠢ᠂ ᠥᠪᠥᠷ ᠮᠣᠩᠭᠣᠯ᠎ᠳᠤ ᠢᠷᠡᠵᠦ᠍ᠨᠤᠳᠤᠭᠰᠢᠭᠰᠠᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠴᠢᠬᠤᠯᠠ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠨ ᠪᠤᠵᠠᠭᠠᠢ᠌ᠷᠠᠬᠤ ᠶᠠᠪᠤᠴᠠ᠎ᠳᠤ ᠢᠳᠡᠪᠬᠢᠲᠡᠢᠰᠠᠨᠠᠭᠠᠴᠢᠯᠠᠭ᠎ᠠ᠎ᠠᠴᠠ᠎ᠪᠠᠨ ᠣᠷᠣᠯᠴᠠᠵᠤ ᠂ ᠠᠵᠤ ᠦᠢᠯᠡᠰ᠎ᠦᠨ ᠬᠦᠳᠤᠯᠤᠨ ᠳᠠᠭᠠᠭᠤᠯᠬᠤ ᠲᠠᠯ᠎ᠠ᠎ᠪᠠᠷ ᠬᠢ ᠠᠵᠤᠠᠬᠤᠢᠯᠠᠯ᠎ᠤᠨ ᠳᠠᠭᠠᠭᠤᠯᠬᠤ ᠦᠢᠯᠡᠳᠦᠯ ᠵᠢᠡᠨ ᠪᠠᠳᠠᠷᠠᠭᠤᠯᠵᠦ᠂ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨᠠᠵᠤ ᠦᠢᠯᠡᠰ᠎ᠦᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠪᠡᠯᠵᠣᠬᠢᠨ᠎ᠠ 》ᠭᠡᠵᠦ ᠬᠠᠷᠢᠭᠤᠯᠪᠠ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ᠎ᠤᠨ ᠳᠠᠷᠠᠭ᠎ᠠ᠂ ᠶᠤᠸᠠᠨ ᠵᠢᠩ ᠤᠳᠤ ᠦᠶ᠎ᠡ᠎ᠶ᠋ᠢᠨ ᠡᠨᠧᠷᠭᠢ᠎ᠶ᠋ᠢᠨ ᠲᠣᠨᠣᠭ᠍ᠯᠠᠯ᠎ᠤᠨ ᠠᠵᠤ ᠦᠢᠯᠡᠰ᠎ᠦᠨ ᠲᠦᠷᠦᠯ ᠵᠦᠢᠯ᠎ᠦᠨ ᠶᠡᠷᠦᠩᠬᠡᠢᠪᠠᠢᠴᠠᠭᠠᠭᠴᠢ ᠹᠠᠨ ᠹᠸᠩ ᠳ᠋ᠧᠦ᠄ 《 ᠤᠬᠠᠭᠤᠯᠤᠨ ᠲᠠᠢᠯᠪᠤᠷᠢᠯᠠᠬᠤᠮᠡᠳᠡᠭᠦᠯᠦᠯᠲᠡ᠎ᠶ᠋ᠢ ᠰᠣᠨᠣᠰᠤᠭᠠᠳ ᠪᠢ ᠶᠡᠬᠡᠳᠡ ᠵᠣᠷᠢᠭ᠍ᠵᠢᠪᠠ᠃ ᠥᠪᠥᠷ ᠮᠣᠩᠭᠣᠯ ᠡᠨᠧᠷᠭᠢ ᠪᠣᠯᠤᠨ ᠪᠠᠢᠯᠳᠤᠬᠤᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠤ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠪᠥᠬᠥ᠌ ᠤᠯᠤᠰ ᠴᠢᠨᠠᠭ᠍ᠰᠢᠯᠠᠪᠠᠯ ᠣᠯᠠᠨ ᠤᠯᠤᠰ᠎ᠤᠨ ᠱᠢᠨ᠎ᠡᠡᠨᠧᠷᠭᠢ᠎ᠶ᠋ᠢᠨ ᠠᠵᠤ ᠦᠶ᠋ᠯᠡᠰ᠎ᠦᠨ ᠥᠨᠳᠥᠷᠯᠢᠭ᠎ᠢ ᠴᠣᠭ᠍ᠴᠠᠯᠠᠬᠤ᠎ᠪᠠᠷ ᠪᠣᠶ᠃ ᠶᠤᠸᠠᠨ ᠵᠢᠩ ᠡᠨᠧᠷᠭᠢ᠎ᠨᠢ ᠣᠷᠳᠣᠰ᠎ᠲᠤᠠᠩᠬᠠᠳᠠᠭ᠍ᠴᠢ ᠨᠡᠭᠦᠷᠡᠰᠦᠲᠥ᠋ᠷᠥᠭ᠌ᠴᠢ ᠦᠯᠦ ᠪᠠᠢᠬᠤ ᠠᠵᠤ ᠦᠶ᠋ᠯᠡᠰ᠎ᠦᠨ ᠬᠦᠷᠢᠶᠡᠯᠡᠩ᠎ᠢ ᠪᠠᠢᠭᠤᠯᠤᠭ᠍ᠰᠠᠨ ᠪᠥᠭᠡᠳᠣᠯᠠᠨ ᠤᠯᠤᠰ᠎ᠤᠨ ᠪᠠᠷᠢᠮᠵᠢᠶ᠎ᠠ᠎ᠶ᠋ᠢ ᠡᠭᠦᠳᠪᠡ᠂ ᠪᠢᠳᠡ ᠨᠡᠭᠦᠷᠡᠰᠦᠲᠥ᠋ᠷᠥᠭ᠌ᠴᠢ ᠦᠯᠦ ᠪᠠᠢᠬᠤ ᠠᠵᠤ ᠦᠶ᠋ᠯᠡᠰ᠎ᠦᠨᠬᠦᠷᠢᠶᠡᠯᠡᠩ᠎ᠢ ᠳᠡᠯᠡᠬᠡᠶ ᠳ᠋ᠠᠬᠢᠨ᠎ᠳᠤ ᠭᠠᠷᠭᠠᠵᠤ ᠂ ᠪᠣᠬᠢᠷᠲᠤᠯ ᠥᠬᠡᠶ ᠱᠢᠨ᠎ᠡ ᠠᠵᠤ ᠦᠶ᠋ᠯᠡᠳᠪᠦᠷᠢ᠎ᠶ᠋ᠢᠨᠬᠤᠪᠢᠰᠭᠠᠯ᠎ᠢ ᠠᠬᠢᠭᠤᠯᠬᠤ ᠎ᠳᠦ ᠪᠠᠳᠤ ᠢᠲᠡᠭᠡᠯ᠎ᠲᠡᠶ ᠪᠠᠢᠨ᠎ᠠ》ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面