ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-12-20 10:48:44

ᠵᠣᠬᠢᠶᠠᠭ᠍ᠴᠢ᠄ ᠪᠠᠶᠠᠰᠭᠤᠯᠠᠩ ᠴᠢᠮᠡᠭᠡᠯᠡᠭ᠌ᠴᠢ ᠵᠠᠩ ᠸᠧᠢ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ13 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨᠳᠡᠳ᠋ ᠵᠠᠬᠢᠷᠤᠯ᠂ ᠳᠡᠳ᠋ ᠫᠷᠤᠹᠸᠰᠰᠤᠷ ᠸᠠᠩ ᠶᠠᠨ ᠡᠷᠢᠶᠡᠨ ᠬᠤᠳᠠ᠎ᠶ᠋ᠢᠨ ᠪᠠᠢᠭᠤᠯᠭ᠎ᠠ ᠨᠢᠭᠡᠴᠢ᠂ ᠨᠡᠢᠭᠡᠮ ᠲᠣᠭᠣᠷᠢᠭ᠎ᠲᠤᠭᠦᠨᠵᠡᠭᠡᠢᠷᠡᠵᠦ᠍᠂ ᠥᠷᠭᠡᠨ ᠤᠯᠠᠨ ᠺᠠᠳ᠋ᠷ ᠤᠯᠠᠨ ᠲᠦᠮᠡᠨ᠎ᠳᠦ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠤᠬᠠᠭᠤᠯᠤᠨ ᠲᠠᠢᠯᠪᠤᠷᠢᠯᠠᠪᠠ᠃

ᠡᠷᠢᠶᠡᠨ ᠬᠤᠳᠠ᠎ᠶ᠋ᠢᠨ ᠤᠮᠠᠷᠠᠲᠤ ᠬᠢᠯᠢ ᠨᠡᠢᠭᠡᠮ ᠲᠣᠭᠣᠷᠢᠭ᠎ᠲᠤ᠂ ᠸᠠᠩᠶᠠᠨ ᠨᠡᠢᠭᠡᠮ ᠲᠣᠭᠣᠷᠢᠭ᠎ᠤᠨ ᠨᠠᠮ᠎ᠤᠨ ᠭᠡᠱᠢᠭᠦᠨ ᠺᠠᠳ᠋ᠷᠴᠤᠳ᠎ᠲᠤ 《ᠲᠡᠦᠬᠡ᠎ᠪᠡᠷᠪᠣᠳᠠᠲᠤ ᠠᠬᠤᠢ᠎ᠶ᠋ᠢ ᠲᠤᠰᠭᠠᠨ ᠠᠯᠤᠰ ᠢᠷᠡᠭᠡᠳᠦᠢ᠎ᠶ᠋ᠢ ᠪᠠᠷᠠᠯᠠᠵᠥ᠍᠂ ᠱᠢᠨ᠎ᠡ ᠱᠢᠯᠭᠠᠯᠲᠠ ᠳ᠋ᠤ ᠤᠷᠤᠯᠴᠠᠬᠤᠵᠠᠮ ᠳᠡᠭᠡᠷ᠎ᠡ ᠱᠢᠨ᠎ᠡ ᠭᠡᠷᠡᠯ ᠰᠠᠴᠤᠷᠠᠩᠭᠤᠢ ᠠᠮᠵᠢᠯᠲᠠ᠎ᠶ᠋ᠢ ᠡᠭᠦᠳᠦᠶ᠎ᠡ》ᠭᠡᠬᠦ᠌ ᠰᠡᠳᠦᠪᠲᠦᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃

ᠤᠬᠠᠭᠤᠯᠤᠨ ᠲᠠᠢᠯᠪᠤᠷᠢᠯᠠᠬᠤ ᠳᠤᠮᠳᠠ᠂ ᠸᠠᠩ ᠶᠠᠨ ᠨᠠᠮ᠎ᠤᠨ ᠠᠷᠪᠠ ᠶᠢᠰᠦᠳᠦᠭᠡᠷᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢᠭᠦᠨᠵᠡᠭᠡᠢ ᠲᠠᠨᠢᠬᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠᠬᠤᠷᠠᠯ᠎ᠤᠨ ᠵᠣᠷᠢᠭ ᠰᠠᠨᠠᠭ᠎ᠠ᠎ᠶ᠋ᠢᠨ ᠪᠠᠶᠠᠯᠢᠭ ᠠᠭᠤᠯᠤᠭ᠍ᠳᠠᠬᠤᠨ ᠪᠠ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢᠣᠢᠯᠠᠭᠠᠬᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠠᠷᠪᠠ ᠶᠢᠰᠦᠳᠦᠭᠡᠷᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠡᠷᠭᠡ 3 ᠲᠠᠯ᠎ᠠ ᠡᠴᠡ ᠠᠮᠢᠳᠤᠯᠢᠭ ᠪᠥᠭᠡᠳ ᠭᠣᠢᠳᠠ ᠰᠠᠢᠬᠠᠨ ᠮᠡᠳᠡᠭᠦᠯᠦᠯᠲᠡᠬᠢᠪᠠ᠃ ᠮᠡᠳᠡᠭᠦᠯᠦᠯᠳᠡ ᠵᠢᠨ ᠭᠤᠤᠯ ᠰᠡᠳᠦᠪ ᠨᠢ ᠢᠯᠡ ᠲᠣᠳᠣ᠂ ᠠᠭᠤᠯᠭ᠎ᠠ ᠨᠢ ᠪᠠᠶᠠᠯᠢᠭ᠂ ᠭᠤᠤᠯᠳᠠᠯᠭ᠎ᠠ ᠨᠢᠲᠣᠪᠣᠢᠮ᠎ᠠ ᠪᠠᠢᠵᠤ᠂ ᠤᠯᠤᠰ ᠲᠥᠷᠥ᠎ᠶ᠋ᠢᠨ ᠦᠨᠳᠦᠷᠴᠡ ᠲᠠᠢ ᠮᠥᠷᠲᠡᠭᠡᠨ ᠣᠨᠣᠯ᠎ᠤᠨ ᠭᠦᠨᠴᠡ᠎ᠲᠡᠶ ᠪᠠᠢᠵᠤ᠂ ᠨᠠᠮ᠎ᠤᠨᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠰᠤᠷᠤᠯᠴᠠᠨ ᠲᠤᠭᠤᠱᠢᠯᠠᠭᠤᠯᠬᠤ᠎ᠳᠤ ᠵᠢᠯᠣᠭᠣᠳᠭᠤᠪᠠ ᠦᠶ᠋ᠯᠡᠳᠦᠯᠭᠡᠵᠢᠭᠦᠯᠬᠦ ᠠᠴᠢ ᠬᠣᠯᠪᠣᠭ᠍ᠳᠠᠯ᠎ᠲᠠᠶ ᠶᠤᠮ᠃

ᠸᠠᠩ ᠶᠠᠨ ᠤᠬᠠᠭᠤᠯᠤᠨ ᠲᠠᠢᠯᠪᠤᠷᠢᠯᠠᠬᠤ᠎ᠳᠠᠭᠠᠨ᠂ ᠪᠢᠳᠡ ᠵᠠᠪᠠᠯ ᠨᠠᠮ᠎ᠤᠨᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ᠎ᠤ ᠬᠠᠷᠠᠯᠲᠠ ᠱᠠᠭᠠᠷᠳᠠᠯᠭ᠎ᠠ᠎ᠶ᠋ᠢ ᠣᠨᠣᠪᠴᠢᠲᠠᠶᠡᠵᠡᠮᠳᠡᠵᠦ᠍᠂ ᠡᠷᠬᠡᠪᠰᠢ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠂ ᠥᠪᠡᠷᠲᠡᠭᠡᠨᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠲᠠᠢ ᠨᠢᠭᠡᠳᠭᠡᠵᠦ᠍᠂ᠡᠯ᠎ᠡ ᠵᠦᠶ᠋ᠯ᠎ᠦᠨ ᠠᠵᠢᠯ᠎ᠢ ᠰᠠᠢᠲᠤᠷ ᠨᠠᠢᠳᠠᠪᠤᠷᠢᠵᠢᠭᠤᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢᠪᠡᠶᠡᠯᠡᠭᠦᠯᠬᠦ᠌᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠶ ᠭᠡᠪᠡ᠃

《 ᠸᠠᠩ ᠶᠠᠨ ᠪᠠᠭ᠍ᠰᠢᠮᠠᠰᠢ ᠰᠠᠢᠬᠠᠨ ᠶᠠᠷᠢᠯ᠎ᠠ᠂ ᠪᠢᠳᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠭᠡᠷᠡᠯ ᠰᠠᠴᠤᠷᠠᠩᠭᠤᠢᠲᠡᠦᠬᠡ᠎ᠶ᠋ᠢᠨ ᠲᠤᠬᠠᠢ ᠨᠡᠩ ᠭᠦᠨᠵᠡᠭᠡᠢ ᠣᠢᠯᠠᠭᠠᠯᠲᠠ ᠲᠠᠶᠪᠣᠯᠵᠠᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨᠨᠠᠮ᠎ᠤᠨ ᠲᠥᠪ ᠬᠣᠷᠢᠶ᠎ᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠪᠣᠯᠤᠨ ᠢᠯᠵᠠᠷᠡᠯ᠎ᠢ ᠡᠰᠡᠷᠭᠦᠴᠡᠬᠦ᠌ᠲᠡᠮᠡᠴᠡᠯ᠎ᠢ ᠶᠡᠬᠡ ᠪᠡᠷ ᠠᠬᠢᠭᠤᠯᠵᠤ᠂ ᠮᠠᠨ᠎ᠤ ᠨᠠᠮ᠎ᠤᠨ ᠡᠩᠨᠡᠭᠡ᠎ᠶ᠋ᠢ ᠨᠡᠩ ᠴᠡᠪᠡᠷ ᠪᠤᠯᠭᠠᠵᠠᠢ; ᠠᠷᠠᠳ᠎ᠤᠨ ᠠᠮᠢᠳᠤᠷᠠᠯ᠎ᠢᠰᠠᠢᠵᠢᠷᠠᠭᠤᠯᠬᠤ ᠲᠠᠯ᠎ᠠ᠎ᠪᠠᠷ᠂ ᠨᠠᠮ ᠡᠴᠡ ᠪᠦᠬᠦ᠌ ᠤᠯᠤᠰ᠎ᠤᠨ ᠠᠷᠠᠳ ᠲᠦᠮᠡᠨ᠎ᠢ ᠳᠠᠭᠠᠭᠤᠯᠤᠨ ᠶᠠᠳᠠᠭᠤ᠎ᠡᠴᠡᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠴᠢᠨᠡᠭᠡᠯᠢᠭ ᠨᠡᠢᠭᠡᠮ᠎ᠢᠪᠦᠬᠦ᠌ ᠲᠠᠯ᠎ᠠ᠎ᠪᠠᠷ ᠪᠡᠶᠡᠯᠡᠭᠦᠯᠪᠡ》᠂ ᠤᠬᠠᠭᠤᠯᠤᠨᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠠᠬᠠᠮᠠᠳ ᠨᠠᠮ᠎ᠤᠨ ᠭᠡᠱᠢᠭᠦᠨ ᠹᠠᠨ ᠹᠦ᠋ ᠢ ᠰᠤᠷᠪᠤᠯᠵᠢᠯᠠᠭ᠎ᠠ᠎ᠬᠦᠯᠢᠶᠡᠬᠦ᠌᠎ᠳᠡᠭᠡᠨ᠂ ᠣᠲᠣ᠎ᠶ᠋ᠢᠨ ᠨᠠᠰᠤᠵᠢᠯ᠎ᠤᠨ ᠠᠰᠠᠷᠠᠮᠵᠢ᠂ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠱᠢᠰᠲ᠋ᠧᠮᠣᠨᠴᠠᠭᠠᠶ ᠪᠦᠷᠢᠨ ᠲᠡᠭᠦᠯᠳᠡᠷ ᠪᠣᠯᠵᠣ᠂ ᠨᠠᠰᠤᠲᠠᠢᠴᠤᠳ᠎ᠢ ᠥᠲᠡᠯᠦᠭᠡ ᠨᠠᠰᠤ᠎ᠪᠠᠨ ᠰᠠᠨᠠᠭ᠎ᠠ ᠠᠮᠤᠷ ᠦᠩᠭᠡᠷᠡᠭᠦᠯᠬᠦᠪᠤᠯᠭᠠᠵᠤ᠂ ᠮᠠᠨ᠎ᠤ ᠤᠯᠤᠰ ᠨᠠᠩ ᠴᠡᠴᠡᠭ᠌ᠯᠡᠨ ᠬᠥᠭ᠌ᠵᠢᠵᠦ᠍᠂ ᠠᠷᠠᠳ ᠣᠯᠠᠨ᠎ᠤ ᠠᠮᠢᠳᠤᠷᠠᠯ ᠨᠠᠩ ᠵᠣᠯ ᠵᠢᠷᠭᠠᠯ᠎ᠲᠠᠶᠰᠠᠢᠨ ᠰᠠᠢᠬᠠᠨ ᠪᠣᠯᠬᠤ᠎ᠶ᠋ᠢ ᠴᠢᠩ ᠰᠡᠳᠭᠢᠯ᠎ᠡᠴᠡ᠎ᠪᠡᠨ ᠵᠥᠩᠨᠡᠵᠦ᠍ ᠪᠠᠢᠨ᠎ᠠ ᠭᠡᠵᠦ᠍ ᠬᠡᠯᠡᠪᠡ᠃

ᠤᠬᠠᠭᠤᠯᠤᠨ ᠲᠠᠢᠯᠪᠤᠷᠢᠯᠠᠵᠤ ᠳᠠᠭᠤᠰᠤᠭ᠍ᠰᠠᠨ᠎ᠤ ᠳᠠᠷᠠᠭ᠎ᠠ᠂ ᠸᠠᠩ ᠶᠠᠨᠤᠯᠠᠨ᠎ᠲᠠᠶ ᠰᠠᠨᠠᠯ᠎ᠢᠶᠠᠨ ᠰᠣᠯᠢᠯᠴᠠᠵᠤ᠂ ᠤᠯᠠᠨ᠎ᠢᠶᠠᠷ᠎ᠢᠶᠠᠨ᠎ᠠᠩᠬᠠᠷᠤᠨ᠌᠎ᠬᠠᠯᠠᠮᠵᠢᠯᠠᠵᠤ᠎ᠪᠠᠢᠭ᠎ᠠ᠎ᠦᠨᠳᠦᠰᠦᠨᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠂ ᠨᠡᠢᠭᠡᠮ ᠲᠣᠭᠣᠷᠢᠭ᠎ᠤᠨ ᠺᠠᠳ᠋ᠷᠴᠤᠳ ᠨᠠᠮ᠎ᠤᠨᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠂ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠡᠷᠭᠡ ᠠᠰᠠᠭᠤᠳᠠᠯ᠎ᠤᠨᠲᠤᠬᠠᠢ ᠨᠢᠭᠡᠳ ᠨᠢᠭᠡ᠎ᠪᠡᠷ ᠲᠠᠢᠯᠪᠤᠷᠢᠯᠠᠪᠠ᠃

ᠡᠷᠢᠶᠡᠨ ᠬᠣᠲᠠ᠎ᠶ᠋ᠢᠨ ᠤᠮᠠᠷᠠᠲᠤ ᠬᠢᠯᠢ ᠨᠡᠢᠭᠡᠮ ᠲᠣᠭᠣᠷᠢᠭ᠎ᠤᠨ ᠲᠤᠤᠷᠵᠢᠯ᠎ᠤᠨᠠᠵᠢᠯᠲᠠᠨ ᠪᠠᠶ ᠮᠡᠷᠭᠡᠨ᠄ 《ᠨᠡᠢᠭᠡᠮ ᠲᠣᠭᠣᠷᠢᠭ᠎ᠤᠨᠨᠢᠭᠡᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢᠳᠡ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠨᠳᠦᠰᠦᠨ ᠱᠠᠲᠤᠨ᠎ᠤᠠᠵᠢᠯ ᠳ᠋ᠠᠭᠠᠨ ᠬᠡᠷᠬᠢᠨ ᠨᠠᠢᠳᠠᠪᠤᠷᠢᠵᠢᠭᠤᠯᠬᠤ ᠪᠣᠶ? 》 ᠭᠡᠰᠡᠨ ᠠᠰᠠᠭᠤᠯᠳᠠᠲᠤᠷᠠᠳᠪᠠ᠃

《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠳ᠋ᠤ ᠭᠣᠣᠯᠳᠠᠭᠤᠤᠬ ᠰᠠᠨᠠᠭ᠎ᠠ᠎ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠦᠵᠡᠯ ᠰᠠᠨᠠᠭ᠎ᠠ ᠵᠣᠷᠢᠭ ᠵᠢᠡᠨᠨᠢᠭᠡᠳᠭᠡᠬᠦ᠌ ᠬᠡᠷᠡᠭ᠌ᠲᠡᠢ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠵᠠᠪᠠᠯ ᠰᠠᠢᠲᠤᠷ ᠲᠤᠭᠤᠰᠢᠯᠠᠭᠤᠯᠤᠨᠨᠠᠢᠳᠠᠪᠤᠷᠢᠵᠢᠭᠤᠯᠬᠤ ᠬᠡᠷᠡᠭ᠌ᠲᠡᠢ᠃ ᠡᠷᠢᠶᠡᠨ ᠬᠣᠲᠠ ᠪᠣᠯ ᠨᠢᠭᠡᠨ ᠬᠢᠯᠢ᠎ᠶ᠋ᠢᠨ ᠪᠣᠭᠣᠮᠲᠠ᠎ᠶ᠋ᠢᠨ ᠬᠣᠲᠠ ᠮᠥᠨ᠂ᠦᠨᠳᠦᠰᠦᠨ ᠱᠠᠲᠤᠨ᠎ᠤ ᠠᠵᠢᠯᠲᠠᠨ ᠪᠣᠯᠤᠭ᠍ᠰᠠᠨ᠎ᠤ ᠬᠤᠪᠢ᠎ᠳᠤ᠂ ᠡᠷᠬᠡᠪᠰᠢ ᠡᠬᠡ ᠤᠯᠤᠰ᠎ᠤᠨ ᠤᠮᠠᠷᠠᠲᠤ ᠬᠢᠯᠢ᠎ᠶ᠋ᠢᠨᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠦᠨᠳᠤᠷᠴᠡ᠎ᠡᠴᠡ ᠠᠷᠠᠳ ᠲᠦᠮᠡᠨ᠎ᠦ ᠲᠥᠯᠥᠭᠡᠦᠨᠡᠨ ᠬᠦ᠌ ᠪᠣᠳᠣᠯᠬᠢᠯᠠᠵᠤ᠂ ᠨᠠᠮ᠎ᠤᠨ ᠲᠠᠭᠤᠨ᠂ ᠥᠪᠡᠷᠲᠡᠭᠡᠨ ᠵᠠᠰᠠᠬᠤ ᠣᠷᠣᠨ᠎ᠤ ᠲᠥᠷᠥ᠎ᠶ᠋ᠢᠨ ᠪᠣᠳᠣᠯᠭ᠎ᠠ᠎ᠶ᠋ᠢᠮᠠᠨ᠎ᠤ ᠪᠣᠳᠠᠲᠠᠶ ᠠᠵᠢᠯ᠎ᠳᠠᠭᠠᠨ ᠨᠠᠢᠳᠠᠪᠤᠷᠢᠵᠢᠭᠤᠯᠵᠤ᠂ ᠮᠠᠨ᠎ᠤ ᠪᠣᠶ ᠪᠥᠬᠥᠶ ᠠᠵᠢᠯ᠎ᠢᠶᠠᠨ ᠡᠷᠬᠡᠪᠰᠢ ᠣᠨᠣᠯ᠎ᠤᠨᠲᠤᠯᠭᠠᠭᠤᠷᠢᠯᠠᠯ᠎ᠲᠠᠶ ᠪᠣᠯᠭᠠᠬᠤ ᠬᠡᠷᠡᠭ᠌ᠲᠡᠶ᠃ ᠡᠢᠮᠦ᠍ ᠰᠠᠭᠤᠷᠢᠨ ᠳᠡᠭᠡᠷ᠎ᠡ᠂ ᠲᠠᠨ᠎ᠤ ᠨᠡᠢᠭᠡᠮ ᠲᠣᠭᠣᠷᠢᠭ᠎ᠤᠨᠺᠠᠳ᠋ᠷ᠎ᠤᠨ ᠱᠢᠷᠭᠠᠭᠤ ᠴᠢᠷᠮᠠᠢᠯᠭ᠎ᠠ ᠪᠠᠢᠪᠠᠯ᠂ ᠤᠯᠠᠨ ᠲᠦᠮᠡᠨ᠎ᠦ ᠠᠮᠢᠳᠤᠷᠠᠯ ᠯᠠᠪᠲᠠᠢ ᠤᠯᠠᠮ᠎ᠡᠴᠡ ᠤᠯᠠᠮ ᠵᠣᠯᠵᠢᠷᠭᠠᠯ᠎ᠲᠠᠶ ᠪᠣᠯᠬᠤ ᠶᠤᠮ》ᠭᠡᠰᠡᠨ ᠸᠠᠩᠶᠠᠨ ᠪᠠᠭ᠍ᠰᠢ᠎ᠶ᠋ᠢᠨ ᠭᠣᠢᠳᠠ ᠰᠠᠢᠬᠠᠨ ᠬᠠᠷᠢᠭᠤᠯᠲᠠ ᠨᠢ ᠬᠠᠯᠠᠭᠤᠨ ᠠᠯᠠᠭ᠎ᠠ ᠲᠠᠱᠢᠯᠳᠠ᠎ᠶ᠋ᠢ ᠤᠯᠪᠠ᠃

ᠲᠤᠬᠠᠶ᠎ᠶ᠋ᠢᠨ ᠡᠳᠦᠷ᠂ ᠸᠠᠩ ᠶᠠᠨ ᠪᠠᠰᠠ ᠡᠷᠢᠶᠡᠨ ᠬᠣᠲᠠ᠎ᠶ᠋ᠢᠨ ᠵᠠᠰᠠᠭᠵᠠᠬᠢᠷᠭᠠᠨ᠎ᠤ ᠲᠥᠪ᠎ᠲᠦ ᠬᠦᠷᠴᠦ᠍᠂ ᠲᠣᠰ ᠬᠣᠲᠠ᠎ᠶ᠋ᠢᠨ ᠳᠥᠷᠪᠡᠨ ᠶᠡᠬᠡ ᠤᠳᠤᠷᠢᠳᠭᠤ ᠪᠠᠭ ᠤ᠋ᠨ ᠨᠦᠭᠦᠳ ᠪᠠ ᠬᠣᠲᠠ᠎ᠶ᠋ᠢᠨᠱᠢᠭᠤᠳ ᠬᠠᠷᠢᠶ᠎ᠠ ᠪᠠᠢᠭᠤᠯᠭ᠎ᠠ᠂ ᠲᠥᠪ ᠤ᠋ᠨ ᠵᠢᠴᠢ ᠥᠪᠡᠷᠲᠡᠭᠡᠨ ᠵᠠᠰᠠᠬᠤ ᠣᠷᠣᠨ᠎ᠤ ᠡᠷᠢᠶᠡᠨ ᠬᠣᠲᠠ᠎ᠳᠤ ᠰᠠᠭᠤᠭ᠎ᠠᠨᠢᠭᠡᠴᠢ᠎ᠶ᠋ᠢᠨ ᠬᠠᠷᠢᠭᠤᠴᠠᠯᠭᠠᠲᠠᠨ᠎ᠳᠤ ᠤᠬᠠᠭᠤᠯᠤᠨ ᠲᠠᠢᠯᠪᠤᠷᠢᠯᠠᠵᠤ ᠮᠡᠳᠡᠭᠦᠯᠦᠯᠲᠡ ᠬᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面