ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-12-30 16:21:27

ᠵᠣᠬᠢᠶᠠᠭ᠍ᠴᠢ᠄ ᠸᠠᠩ ᠭᠤᠸᠠᠨ ᠵᠢᠩ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 21 ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ ᠪᠠᠩᠭᠢ᠎ᠳᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨᠪᠦᠷᠢᠯᠳᠦᠬᠦᠨ᠂ ᠠᠵᠤ ᠠᠬᠤᠶ᠎ᠶ᠋ᠢᠨ ᠡᠳᠦᠷ᠎ᠦᠨ ᠰᠣᠨᠢᠨ᠎ᠤ ᠬᠣᠷᠢᠶ᠎ᠠ᠎ᠶ᠋ᠢᠨ ᠥᠪᠥᠷ ᠮᠣᠩᠭᠣᠯ᠎ᠤᠨ ᠰᠤᠷᠪᠤᠯᠵᠢᠯᠠᠭ᠍ᠴᠢ᠎ᠶ᠋ᠢᠨᠥᠷᠲᠡᠭᠡ᠎ᠶ᠋ᠢᠨ ᠳᠠᠷᠤᠭ᠎ᠠ ᠴᠧᠨ ᠯᠢ ᠲᠥᠬᠥᠮ ᠣᠢᠯᠠᠭᠠᠮᠵᠢᠲᠠᠶ ᠦᠭᠡ ᠶᠠᠷᠢᠶ᠎ᠠ ᠪᠠ ᠶᠡᠬᠡ ᠬᠡᠮᠵᠢᠶᠡᠨ᠎ᠦ ᠪᠣᠳᠠᠲᠤᠵᠢᠱ᠌ᠢᠶ᠎ᠡ ᠲᠣᠭ᠎ᠠ ᠪᠠᠷᠢᠮᠲᠠ᠎ᠪᠠᠷ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠠᠢᠯᠪᠤᠷᠢᠯᠠᠭ᠍ᠰᠠᠨ ᠪᠥᠭᠡᠳ 《ᠥᠴᠥᠭᠡᠳᠦᠷ᠎ᠦᠨ ᠬᠦᠴᠢᠷ ᠵᠣᠪᠠᠯᠠᠩ ᠪᠠ ᠬᠡᠷᠡᠯ ᠰᠠᠴᠤᠷᠠᠩᠭᠤᠶ ᠠᠮᠵᠢᠯᠲᠠ ᠪᠠᠨ ᠮᠠᠷᠲᠠᠬᠤ ᠥᠬᠡᠶ》᠂ 《ᠥᠨᠥᠳᠦᠷ᠎ᠦᠨ ᠡᠭᠦᠷᠭᠡ ᠬᠠᠷᠢᠭᠤᠴᠠᠯᠭ᠎ᠠ᠎ᠳᠠᠭᠠᠨ ᠣᠰᠣᠯᠳᠠᠬᠤ ᠥᠬᠡᠶ》᠂ 《ᠮᠠᠷᠭᠠᠰᠢ᠎ᠶ᠋ᠢᠨ ᠠᠭᠤᠤ ᠶᠡᠬᠡ ᠬᠦᠰᠡᠯ ᠵᠡᠭᠦᠳᠦ᠍᠎ᠪᠡᠨ ᠬᠥᠰᠡᠷᠳᠡᠭᠦᠯᠬᠦ᠌ ᠥᠬᠡᠶ》ᠭᠡᠬᠦ᠌ ᠭᠤᠷᠪᠠᠨ ᠪᠦᠯᠦᠭ᠎ᠢᠶᠡᠷ《ᠨᠠᠮ᠎ᠤᠨ ᠵᠠᠭᠤᠨᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡ᠎ᠶ᠋ᠢᠨ ᠲᠤᠷᠱᠢᠯᠭ᠎ᠠ᠎ᠶ᠋ᠢᠨ ᠲᠤᠬᠠᠶᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢ》᠎ᠶ᠋ᠢᠨ ᠭᠤᠤᠯ ᠠᠭᠤᠯᠭ᠎ᠠ᠎ᠶ᠋ᠢ ᠲᠣᠳᠣᠷᠬᠠᠢᠯᠠᠨ ᠥᠭᠦᠯᠡᠪᠡ᠃ ᠤᠬᠠᠭᠤᠯᠤᠨ ᠲᠠᠢᠯᠪᠤᠷᠢᠯᠠᠭᠰᠠᠨᠠᠭᠤᠯᠭ᠎ᠠ᠎ᠶ᠋ᠢᠨ ᠭᠣᠣᠯ ᠰᠡᠳᠦᠪ ᠨᠢ ᠢᠯᠡ ᠲᠣᠳᠣ᠂ ᠪᠦᠲᠦᠴᠡ ᠨᠢ ᠠᠪᠰᠠᠷᠬᠠᠨ᠂ ᠳᠡᠰ ᠳᠠᠪᠬᠤᠷᠭ᠎ᠠ ᠨᠢ ᠲᠣᠳᠣᠷᠬᠠᠢᠪᠠᠢᠵᠤ᠂ ᠤᠯᠤᠰ ᠲᠦᠷᠦ᠍᠎ᠶ᠋ᠢᠨ ᠦᠨᠳᠦᠷᠴᠡ ᠲᠠᠢ ᠮᠥᠷᠲᠡᠭᠡᠨ ᠪᠠᠰᠠ ᠤᠨᠤᠯ᠎ᠤᠨ ᠭᠦᠨᠴᠡ᠎ᠲᠡᠶ ᠪᠠᠢᠵᠤ᠂ ᠦᠨᠳᠦᠰᠦᠨᠱᠠᠲᠤᠨ᠎ᠤ ᠺᠠᠳ᠋ᠷᠴᠤᠳ ᠤ᠋ᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠤ᠂ ᠣᠨᠣᠪᠴᠢᠲᠠᠢ ᠡᠵᠡᠮᠱᠢᠵᠦ᠍᠂ ᠪᠦᠬᠦ᠌ ᠲᠠᠯ᠎ᠠ᠎ᠪᠠᠷᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠲᠤᠢᠯ᠎ᠤᠨ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠃

《ᠤᠬᠠᠭᠤᠯᠤᠨ ᠲᠠᠢᠯᠪᠤᠷᠢᠯᠠᠭ᠍ᠰᠠᠨ ᠨᠢ ᠭᠣᠢᠳᠠ ᠰᠠᠢᠬᠠᠨ ᠠᠮᠢᠳᠤᠯᠢᠭ᠂ ᠠᠭᠤᠯᠤᠭ᠍ᠳᠠᠬᠤᠨ ᠨᠢ ᠪᠠᠶᠠᠯᠢᠭᠪᠠᠢᠵᠤ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠢ ᠨᠡᠩ ᠭᠦᠨᠵᠡᠭᠡᠢ᠂ ᠱᠢᠰᠲ᠋ᠧᠮ᠎ᠲᠡᠶ ᠣᠢᠯᠠᠭᠠᠯᠲᠠ ᠪᠠ ᠲᠠᠨᠢᠯᠲᠠ᠎ᠲᠠᠶᠪᠣᠯᠪᠠ᠃ ᠲᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠣᠯ ᠪᠠᠩᠬᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠨ ᠰᠠᠢᠲᠤᠷ ᠠᠳᠭᠤᠨᠪᠣᠳᠠᠲᠠᠶ ᠠᠳᠭᠤᠵᠤ᠂ ᠮᠥᠩᠭᠥᠨ ᠭᠦᠶ᠋ᠯᠭᠡᠭᠡ ᠪᠡᠷ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠶ᠋ᠯᠡᠴᠢᠯᠡᠬᠦ᠌᠂ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠰᠡᠷᠭᠡᠢᠯᠡᠨ ᠠᠷᠢᠯᠭᠠᠬᠤ ᠵᠡᠷᠭᠡ ᠲᠠᠯ᠎ᠠ᠎ᠶ᠋ᠢᠨ ᠢᠳᠡᠪᠬᠢᠦᠶ᠋ᠯᠡᠳᠦᠯ᠎ᠢ ᠤᠯᠠᠮ ᠴᠢᠨᠠᠭ᠍ᠰᠢᠳᠠ ᠪᠠᠳᠠᠷᠠᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠳᠦ ᠱᠢᠨ᠎ᠡ ᠬᠦᠴᠦᠨᠴᠢᠳᠠᠯ᠎ᠢᠶᠠᠨ ᠡᠷᠭᠦᠨ᠎ᠠ》 ᠭᠡᠵᠦ᠍ ᠥᠪᠥᠷᠮᠣᠩᠭᠣᠯ ᠪᠠᠩᠬᠢ᠎ᠶ᠋ᠢᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠢᠦᠶ ᠱᠢᠤᠸᠠᠢᠵᠥᠩ ᠬᠡᠯᠡᠪᠡ᠃

ᠥᠪᠥᠷ ᠮᠣᠩᠭᠣᠯ ᠪᠠᠩᠬᠢ᠎ᠶ᠋ᠢᠨ ᠬᠥᠬᠡᠬᠣᠲᠠ ᠵᠢᠨ ᠬᠤᠪᠢᠶᠠᠷᠢ ᠪᠠᠩᠬᠢ᠎ᠶ᠋ᠢᠨᠪᠠᠢᠭᠤᠯᠭ᠎ᠠ᠎ᠶ᠋ᠢᠨ ᠳᠥᠷᠪᠡᠳᠦᠭᠡᠷ ᠨᠠᠮ᠎ᠤᠨ ᠡᠭᠦᠷ᠎ᠦᠨ ᠭᠡᠱᠢᠭᠦᠨ᠂ ᠲᠤᠰᠠᠭᠠᠷ ᠬᠢᠨᠠᠨ ᠵᠥᠪᠱᠢᠶᠡᠷᠡᠭ᠌ᠴᠢ ᠰᠤ᠌ᠱᠧᠩ᠄ 《ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ᠂ ᠪᠢ ᠭᠦᠨ ᠰᠡᠩᠬᠡᠷᠡᠭᠦᠯᠦᠯᠪᠠ ᠬᠥᠮᠦᠵᠢᠯ ᠬᠦᠷᠳᠡᠪᠡ᠃ ᠢᠲᠡᠭᠡᠮᠵᠢᠲᠦ ᠵᠢᠭᠡᠯᠡᠯᠭᠡ᠎ᠶ᠋ᠢ ᠬᠢᠨᠠᠨ ᠵᠥᠪᠱᠢᠶᠡᠷᠡᠭ᠌ᠴᠢ ᠪᠣᠯᠤᠭ᠍ᠰᠠᠨ᠎ᠤ ᠬᠤᠪᠢ᠎ᠳᠤ᠂ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠢ ᠠᠵᠢᠯ᠎ᠳᠠᠭᠠᠨ ᠨᠠᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨᠪᠠᠲᠤ ᠴᠡᠭᠡᠵᠢᠯᠡᠬᠦ᠌᠂ ᠵᠠᠮ ᠨᠡᠭᠡᠭᠡᠨ ᠱᠢᠨ᠎ᠡ᠎ᠶ᠋ᠢ ᠡᠭᠦᠳᠬᠦ᠌ ᠳᠤᠮᠳᠠ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ᠢᠲᠡᠭᠡᠮᠵᠢᠲᠦ ᠵᠢᠭᠡᠯᠡᠯᠭᠡ᠎ᠶ᠋ᠢᠨ ᠲᠤᠬᠠᠢᠯᠠᠭ᠍ᠰᠠᠨ ᠠᠵᠢᠯ᠎ᠤᠨ ᠱᠢᠨ᠎ᠡ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠤ ᠬᠡᠯᠡᠪᠡ᠃

ᠤᠬᠠᠭᠤᠯᠤᠨ ᠲᠠᠢᠯᠪᠤᠷᠢᠯᠠᠯᠳᠠ ᠨᠢ ᠸᠢᠳᠢᠣ᠋ ᠬᠡᠯᠪᠡᠷᠢ᠎ᠪᠡᠷ ᠶᠠᠪᠤᠭ᠍ᠳᠠᠵᠤ᠂ᠥᠪᠥᠷ ᠮᠣᠩᠭᠣᠯ ᠪᠠᠩᠬᠢ᠎ᠶ᠋ᠢᠨ ᠶᠡᠷᠦᠩᠬᠡᠢ ᠪᠠᠩᠬᠢ ᠪᠣᠯᠤᠨ ᠡᠯ᠎ᠡ ᠠᠢᠮᠠᠭ ᠬᠤᠳᠠ᠎ᠶ᠋ᠢᠨ ᠬᠤᠪᠢᠶᠠᠷᠢ ᠪᠠᠩᠬᠢ᠂ᠮᠠᠨᠵᠤᠤᠷ᠎ᠤᠨ ᠰᠠᠯᠪᠤᠷᠢ ᠪᠠᠩᠬᠢ᠎ᠶ᠋ᠢᠨ ᠨᠠᠮ᠎ᠤᠨ ᠭᠡᠱᠢᠭᠦᠨ ᠺᠠᠳ᠋ᠷᠴᠤᠳ ᠲᠤᠰ ᠲᠤᠰ ᠭᠣᠣᠯ ᠬᠤᠷᠠᠯ᠎ᠤᠨ ᠲᠠᠯᠠᠪᠠᠢᠪᠣᠯᠤᠨ ᠬᠤᠪᠢᠶᠠᠷᠢ ᠬᠤᠷᠠᠯ᠎ᠤᠨ ᠲᠠᠯᠠᠪᠠᠢ᠎ᠳᠤ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠴᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面