ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-12-22 21:16:48

ᠵᠣᠬᠢᠶᠠᠭ᠍ᠴᠢ᠄ ᠰᠦᠩ ᠱᠤᠸᠠᠩ ᠳᠠᠳᠤᠯᠭ᠎ᠠ ᠎ᠶ᠋ᠢᠨ ᠰᠤᠷᠪᠤᠯᠵᠢᠯᠠᠭ᠍ᠴᠢ ᠯᠢ ᠴᠤᠤ ᠷᠠᠨ ᠣᠩᠱᠢᠭ᠍ᠰᠠᠨ ᠣᠳᠠᠭ᠎ᠠ᠄ 3

12ᠰᠠᠷ᠎ᠠ ᠎ᠶ᠋ᠢᠨ16 ᠎ᠤ᠋ ᠡᠳᠦᠷ ᠂ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠢᠶ᠎ᠠ ᠵᠢᠨᠠᠯᠪᠠᠨ ᠭᠡᠷ᠎ᠤᠨ ᠪᠠᠢᠭᠤᠯᠭ᠎ᠠ ᠳ᠋ᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ᠃

ᠮᠡᠳᠡᠭᠦᠯᠦᠯᠲᠡ᠎ᠶ᠋ᠢᠨ ᠬᠤᠷᠠᠯ ᠳ᠋ᠤ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠪᠠᠢᠩᠭᠤ᠎ᠶ᠋ᠢᠨ ᠬᠤᠷᠢᠶ᠎ᠠ ᠵᠢᠨ ᠠᠯᠪᠠᠨ ᠲᠢᠩᠬᠢᠮ᠎ᠦᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ ᠵᠢᠨ ᠳᠠᠷᠤᠭ᠎ᠠ᠂ ᠨᠢᠭᠡᠳᠦᠭᠡᠷ ᠳᠡᠰ᠎ᠤᠨ ᠲᠣᠭᠣᠷᠢᠨ ᠪᠠᠢᠴᠠᠭᠠᠭ᠍ᠴᠢᠮᠠ ᠴᠧᠨ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ ᠎ᠢ ᠭᠦᠨᠵᠡᠭᠡᠢᠲᠠᠨᠢᠬᠤ᠂ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠎ᠶ᠋ᠢᠨ ᠪᠠᠶᠠᠯᠢᠭ ᠠᠭᠤᠯᠤᠭ᠍ᠳᠠᠬᠤᠨ ᠪᠠ ᠭᠣᠣᠯ ᠠᠭᠤᠯᠭ᠎ᠠ ᠎ᠶ᠋ᠢ ᠭᠦᠨᠵᠡᠭᠡᠢ ᠣᠢᠯᠠᠭᠠᠬᠤ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ᠂ ᠨᠠᠮ᠎ᠤᠨ ᠠᠷᠪᠠᠶᠢᠰᠦᠳᠦᠭᠡᠷ ᠬᠤᠭᠤᠴᠠᠭᠠᠨ ᠎ᠤ ᠲᠥᠪ ᠬᠣᠷᠢᠶ᠎ᠠ ᠵᠢᠨ ᠵᠢᠷᠭᠤᠳᠤᠭᠠᠷᠪᠦᠬᠦᠳᠠ ᠬᠤᠷᠠᠯ ᠎ᠤᠨ ᠵᠣᠷᠢᠭ ᠰᠠᠨᠠᠭ᠎ᠠ ᠎ᠶ᠋ᠢ ᠥᠪᠥᠷ ᠮᠣᠩᠭᠣᠯ᠎ᠳᠤ ᠪᠤᠳᠠᠳᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠯᠠᠪᠳᠠᠭᠤᠨᠪᠠᠲᠤᠲᠠᠢ ᠠᠬᠢᠭᠤᠯᠬᠤ ᠵᠡᠷᠭᠡ ᠲᠠᠯ᠎ᠠ᠎ᠪᠠᠷ ᠭᠦᠨᠵᠡᠭᠡᠢᠪᠥᠭᠡᠳ ᠣᠢᠯᠠᠭᠠᠮᠵᠢᠲᠠᠢ᠂ ᠪᠦᠬᠦ᠌ ᠲᠠᠯ᠎ᠠ ᠎ᠪᠠᠷ᠂ ᠱᠢᠰᠲ᠋ᠧᠮ᠎ᠲᠡᠶ ᠲᠠᠢᠯᠤᠮᠵᠢ ᠬᠢᠭᠰᠡᠨ ᠪᠠᠢᠨ᠎ᠠ᠃

ᠤᠬᠠᠭᠤᠯᠤᠨ ᠲᠠᠢᠯᠪᠤᠷᠢᠯᠠᠯᠳᠠ᠎ᠶ᠋ᠢᠨ ᠭᠣᠣᠯ ᠰᠡᠳᠦᠪ ᠢᠯᠡ ᠲᠣᠳᠣ᠂ᠠᠭᠤᠯᠭ᠎ᠠ ᠪᠠᠶᠠᠯᠢᠭ᠂ ᠤᠨᠤᠯ ᠎ᠤᠨ ᠦᠨᠳᠦᠷᠴᠡ ᠲᠠᠢ ᠪᠥᠭᠡᠳ ᠪᠣᠳᠠᠲᠤ ᠠᠴᠢ ᠬᠣᠯᠪᠣᠭ᠍ᠳᠠᠯ᠎ᠲᠠᠶ ᠪᠠᠢᠵᠤ᠂ ᠨᠠᠮ᠎ᠤᠨᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ᠎ᠤ ᠭᠣᠣᠯ ᠠᠭᠤᠯᠭ᠎ᠠ᠂ ᠴᠢᠬᠤᠯᠠ ᠶᠡᠬᠡ ᠠᠴᠢ ᠬᠣᠯᠪᠣᠭ᠍ᠳᠠᠯ ᠎ᠢ ᠲᠣᠳᠣᠷᠬᠠᠢᠲᠠᠢᠯᠪᠤᠷᠢᠯᠠᠭᠰᠠᠨ ᠪᠥᠭᠡᠳ ᠪᠠᠰᠠ ᠺᠠᠳ᠋ᠷ ᠤᠯᠠᠨ ᠲᠦᠮᠡᠨ ᠎ᠦ ᠬᠠᠯᠠᠮᠵᠢᠯᠠᠵᠤ ᠪᠠᠢᠭ᠎ᠠ ᠠᠰᠠᠭᠤᠳᠠᠯ ᠎ᠳᠤ ᠬᠠᠷᠢᠭᠤᠯᠲᠠ ᠥᠭ᠌ᠴᠦ᠂ ᠮᠠᠰᠢ ᠴᠢᠩᠭ᠎ᠠ ᠤᠯᠤᠰ ᠲᠦᠷᠦᠴᠢᠴᠢᠨᠠᠷ᠂ ᠦᠵᠡᠯ ᠰᠠᠨᠠᠭᠠᠴᠢ ᠴᠢᠨᠠᠷ ᠪᠣᠯᠤᠨ ᠬᠠᠨᠳᠤᠯᠭᠠᠲᠤ ᠴᠢᠨᠠᠷ ᠲᠠᠶ ᠪᠤᠯᠵᠠᠢ᠃

《ᠪᠢᠳᠡ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠭᠠᠳᠠᠭᠠᠳᠤ ᠶᠠᠪᠤᠳᠠᠯ ᠎ᠤᠨ ᠰᠠᠯᠠᠭ᠎ᠠᠮᠥᠴᠢᠷ᠎ᠦᠨ ᠡᠭᠦᠷᠭᠡ ᠴᠢᠳᠠᠪᠬᠢ ᠎ᠳᠤ ᠰᠠᠭᠤᠷᠢᠯᠠᠨ᠂ ᠪᠥᠬᠥᠳᠡᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠶ ᠭᠠᠳᠠᠭᠠᠳᠤ ᠤᠬᠠᠭᠤᠯᠭ᠎ᠠ ᠲᠠᠨᠢᠯᠴᠠᠭᠤᠯᠭ᠎ᠠ ᠵᠢ ᠴᠢᠩᠭᠠᠳᠭᠠᠵᠤ᠂ ᠣᠯᠠᠨ ᠤᠯᠤᠰ᠎ᠯᠤᠭ᠎ᠠ ᠎ᠶ᠋ᠢᠨᠶᠠᠪᠤᠯᠴᠠᠭ᠎ᠠ ᠬᠠᠮᠲᠤᠷᠠᠯᠴᠠᠭ᠎ᠠ ᠵᠢ ᠴᠢᠩᠭᠠᠳᠭᠠᠨ᠂ ᠤᠯᠤᠰ᠎ᠤᠨᠬᠦᠷᠰᠢ ᠵᠡᠷᠭᠡᠯᠡᠳᠡᠭᠡ ᠪᠠᠨ ᠡᠪᠯᠡᠵᠦ ᠵᠠᠰᠠᠬᠤ ᠪᠠ ᠭᠠᠳᠠᠭᠠᠳᠤ ᠨᠡᠭᠡᠭᠡᠯᠲᠡ᠎ᠶ᠋ᠢᠨ ᠪᠠᠢᠯᠳᠤᠬᠤ ᠪᠣᠳᠣᠯᠭ᠎ᠠ ᠳ᠋ᠤ ᠦᠢᠯᠡᠴᠢᠯᠡᠬᠦ ᠴᠢᠬᠤᠯᠠ ᠶᠡᠬᠡ ᠤᠯᠤᠰᠲᠥᠷᠥ ᠶ᠋ᠢᠨ ᠬᠠᠷᠢᠭᠤᠴᠠᠯᠭ᠎ᠠ ᠵᠢ ᠰᠠᠢᠳᠤᠷ ᠭᠦᠶ᠋ᠴᠡᠳᠭᠡᠬᠦ᠌ ᠎ᠳᠦ ᠭᠠᠳᠠᠭᠠᠳᠤ ᠶᠠᠪᠤᠳᠠᠯ᠎ᠤᠨ ᠰᠠᠯᠠᠭ᠎ᠠᠮᠥᠴᠢᠷ᠎ᠦᠨ ᠦᠵᠡᠭᠦᠯᠪᠡᠰᠦ ᠵᠣᠬᠢᠬᠤ ᠬᠤᠪᠢ ᠨᠡᠮᠡᠷᠢ ᠎ᠪᠡᠨ ᠦᠵᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠤᠷᠢᠶ᠎ᠠ ᠵᠢᠨ ᠭᠠᠳᠠᠭᠠᠳᠤ ᠶᠠᠪᠤᠳᠠᠯ ᠎ᠤᠨ ᠠᠵᠢᠯ᠎ᠤᠨ ᠬᠤᠷᠢᠶ᠎ᠠ ᠵᠢᠨ ᠠᠯᠪᠠᠨ ᠭᠡᠷ᠎ᠦᠨ ᠨᠠᠷᠢᠨ ᠪᠢᠴᠢᠭ᠎ᠦᠨ ᠭᠠᠵᠠᠷ ᠎ᠤᠨ ᠨᠠᠮ᠎ᠤᠨ ᠡᠭᠦᠷ ᠎ᠦᠨ ᠱᠦᠵᠢ ᠴᠧᠨ ᠭᠠᠩ ᠤᠬᠠᠭᠤᠯᠤᠨ ᠲᠠᠢᠯᠪᠤᠷᠢᠯᠠᠬᠤ ᠎ᠶ᠋ᠢ ᠰᠣᠨᠣᠰᠤᠭᠰᠠᠨ᠎ᠤ ᠲᠠᠷᠠᠭᠠᠬᠢ ᠤᠢᠯᠠᠭᠠᠯᠳᠠ ᠲᠦᠷᠦᠭ᠌ᠳᠡᠯ ᠵᠢᠡᠨ ᠶᠠᠷᠢᠵᠤ ᠪᠠᠢᠯ᠎ᠠ᠃

ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠤᠷᠢᠶ᠎ᠠ ᠵᠢᠨ ᠭᠠᠳᠠᠭᠠᠳᠤ ᠶᠠᠪᠤᠳᠠᠯ᠎ᠤᠨ ᠠᠵᠢᠯ᠎ᠤᠨ ᠬᠤᠷᠢᠶ᠎ᠠ ᠵᠢᠨ ᠠᠯᠪᠠᠨ ᠬᠡᠷ ᠎ᠦᠨ ᠭᠠᠳᠠᠭᠠᠳᠤ ᠎ᠳᠤ ᠭᠠᠷᠬᠤ ᠭᠠᠵᠠᠷ᠎ᠤᠨ ᠬᠤᠯᠪᠤᠭᠠᠲᠤ ᠨᠠᠮ᠎ᠤᠨ ᠡᠭᠦᠷ ᠎ᠦᠨ ᠱᠦᠵᠢ ᠯᠢ ᠱᠢᠶᠤᠤ ᠭᠠᠩ᠂ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠰᠤᠷᠤᠯᠴᠠᠨ ᠲᠤᠭᠤᠱᠢᠯᠠᠭᠤᠯᠬᠤ ᠎ᠶ᠋ᠢ ᠣᠳᠣᠬᠠᠨ᠎ᠤ ᠪᠠᠬᠣᠢᠱᠢᠳᠠ ᠎ᠶ᠋ᠢᠨ ᠨᠢᠭᠡ ᠬᠤᠭᠤᠴᠠᠭᠠᠨ ᠎ᠤ ᠴᠢᠬᠤᠯᠠ ᠶᠡᠬᠡᠤᠯᠤᠰ ᠲᠥᠷᠥ ᠎ᠶ᠋ᠢᠨ ᠡᠭᠦᠷᠭᠡ ᠪᠣᠯᠭᠠᠵᠤ᠂ ᠰᠤᠷᠤᠯᠴᠠᠬᠤ ᠲᠥᠯᠥᠪᠯᠡᠭᠡ ᠎ᠶ᠋ᠢ ᠨᠠᠷᠢᠨ ᠬᠢᠨᠠᠮᠠᠭᠠᠶ ᠲᠣᠭ᠍ᠲᠠᠭᠠᠵᠤ᠂ ᠬᠠᠮᠲᠤ ᠎ᠶ᠋ᠢᠨ ᠰᠤᠷᠤᠯᠴᠠᠯᠭ᠎ᠠ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠣᠯᠠᠨ ᠵᠦᠶ᠋ᠯ ᠎ᠦᠨ ᠬᠡᠯᠪᠡᠷᠢ᠎ᠪᠡᠷ ᠳᠠᠮᠵᠢᠭᠤᠯᠤᠨ᠂ ᠬᠤᠷᠠᠯ ᠎ᠤᠨ ᠵᠣᠷᠢᠭ ᠰᠠᠨᠠᠭ᠎ᠠ᠎ᠶ᠋ᠢ ᠠᠵᠢᠯ ᠬᠢᠵᠦ᠍ ᠦᠶ᠋ᠯᠡᠰ ᠪᠤᠰᠭᠠᠬᠤ ᠣᠷᠭᠢᠯᠤᠮ᠎ᠠ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠪᠥᠬᠥ᠌ ᠣᠷᠣᠨ᠎ᠤ ᠭᠠᠳᠠᠭᠠᠳᠤ ᠶᠠᠪᠤᠳᠠᠯ ᠎ᠤᠨ ᠠᠵᠢᠯ᠎ᠯᠤᠭ᠎ᠠ ᠎ᠶ᠋ᠢᠨᠤᠶᠠᠯᠳᠤᠯ ᠎ᠤᠨ ᠴᠡᠭ ᠎ᠢ ᠣᠨᠣᠪᠴᠢᠲᠠᠶ ᠣᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠴᠢᠳᠠᠯ ᠎ᠢᠶᠠᠨ ᠡᠷᠭᠦᠨ᠎ᠡ ᠭᠡᠵᠦ᠍ ᠢᠯᠡᠳᠭᠡᠪᠡ᠃

《ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ ᠴᠠᠭ᠎ᠲᠠᠭᠠᠨ ᠮᠠᠰᠢ ᠲᠤᠬᠢᠷᠠᠵᠦ᠂ ᠪᠢᠳᠡᠨ᠎ᠢ ᠨᠠᠮ ᠎ᠤᠨ ᠵᠠᠭᠤᠨ ᠵᠢᠯ ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ ᠎ᠶ᠋ᠢᠨ ᠲᠤᠷᠱᠢᠯᠭ᠎ᠠ ᠎ᠶ᠋ᠢᠨ ᠲᠤᠬᠠᠢ ᠨᠡᠩ ᠭᠦᠨᠵᠡᠭᠡᠢᠲᠠᠨᠢᠯᠲᠠ ᠎ᠲᠠᠶ ᠪᠣᠯᠭᠠᠪᠠ᠃ ᠪᠢᠳᠡ ᠰᠢ ᠵᠢᠨ ᠫᠢᠩ ᠨᠥᠬᠥᠷᠵᠢᠡᠷ ᠭᠣᠣᠯ ᠪᠣᠯᠭᠠᠭ᠍ᠰᠠᠨ ᠨᠠᠮ ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠢᠲᠡᠭᠡᠯ ᠵᠣᠷᠢᠭ᠎ᠢᠶᠠᠨ ᠪᠠᠲᠤᠳᠭᠠᠵᠤ᠂ ᠵᠢᠳᠬᠦᠯ ᠴᠢᠷᠮᠠᠢᠯᠭ᠎ᠠ ᠭᠠᠷᠭᠠᠵᠤ᠂ ᠵᠤᠷᠢᠬᠳᠠᠢ ᠤᠷᠤᠭ᠍ᠰᠢᠯᠠᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠠᠭᠠᠨ ᠡᠷᠡᠮᠡᠭᠡᠢᠯᠡᠨ ᠤᠷᠤᠭᠰᠢᠯᠠᠨ᠎ᠠ》ᠭᠡᠵᠦ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠤᠷᠢᠶ᠎ᠠ ᠵᠢᠨ ᠭᠠᠳᠠᠭᠠᠳᠤ ᠶᠠᠪᠤᠳᠠᠯ ᠎ᠤᠨ ᠠᠵᠢᠯ ᠎ᠤᠨ ᠬᠤᠷᠢᠶ᠎ᠠ ᠵᠢᠨ ᠠᠯᠪᠠᠨ ᠬᠡᠷ ᠎ᠦᠨ ᠣᠷᠣᠰ ᠮᠣᠩᠭᠣᠯ᠎ᠤᠨ ᠭᠠᠵᠠᠷ᠎ᠤᠨ ᠬᠤᠯᠪᠤᠭᠠᠲᠤᠨᠠᠮ ᠎ᠤᠨ ᠡᠭᠦᠷ ᠎ᠦᠨ ᠱᠦᠵᠢ ᠵᠧᠸ᠋ ᠵᠢᠶᠠᠨ ᠬᠤᠸᠠ ᠶᠠᠷᠢᠨ᠎ᠠ᠃ ᠲᠡᠷᠡ᠂ ᠭᠠᠳᠠᠭᠠᠳᠤ ᠶᠠᠪᠤᠳᠠᠯ ᠎ᠤᠨ ᠠᠵᠢᠯᠲᠠᠨᠪᠣᠯᠤᠭ᠍ᠰᠠᠨ᠎ᠤ ᠬᠤᠪᠢ ᠎ᠳᠤ᠂ ᠣᠭ ᠰᠠᠨᠠᠭ᠎ᠠ ᠎ᠪᠠᠨ ᠥᠯᠥ᠍ᠮᠠᠷᠲᠠᠵᠤ᠂ ᠡᠭᠦᠷᠭᠡ ᠬᠠᠷᠢᠭᠤᠴᠠᠯᠭ᠎ᠠ ᠎ᠪᠠᠨ ᠪᠠᠲᠤ ᠴᠡᠭᠡᠵᠢᠯᠡᠵᠦ᠍᠂ ᠰᠢ ᠎ᠵᠢᠨ ᠫᠢᠩ᠎ᠦᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨᠨᠠᠢᠳᠠᠪᠤᠷᠢᠵᠢᠭᠤᠯᠵᠤ᠂ ᠥᠪᠥᠷ ᠮᠣᠩᠭᠣᠯ ᠵᠢᠠᠨ ᠮᠠᠨ᠎ᠤᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠭᠠᠨ ᠪᠥᠲᠥᠭᠡᠨ ᠪᠠᠢᠭᠤᠯᠬᠤ ᠎ᠶ᠋ᠢᠨᠲᠥᠯᠥᠭᠡ ᠴᠥᠬᠥᠷᠡᠰᠢ ᠥᠬᠡᠶ ᠴᠢᠷᠮᠠᠢᠬᠤ ᠬᠡᠷᠡᠭ᠌ᠲᠡᠶ ᠭᠡᠵᠦᠦᠵᠡᠵᠦ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面