ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-11-18 10:08:58

ᠵᠣᠬᠢᠶᠠᠭ᠍ᠴᠢ᠄ ​ ᠯᠢ ᠢᠦᠢ ᠵᠦᠸᠸ ᠴᠢᠮᠡᠭᠡᠯᠡᠭ᠌ᠴᠢ ᠳ᠋ᠦᠩ ᠱᠢᠶᠤᠤ ᠪᠥᠸᠧ ᠣᠩᠱᠢᠭ᠍ᠰᠠᠨ ᠣᠳᠠᠭ᠎ᠠ᠄ 3

ᠬᠥᠯᠥᠨ ᠪᠤᠢ᠌ᠷ ᠬᠤᠳᠠ 11 ᠰᠠᠷ᠎ᠠ᠎ᠶ᠋ᠢᠨ 13᠎ᠤ᠋ ᠡᠳᠦᠷ ᠲᠠᠪᠤᠳᠤᠭᠠᠷ ᠬᠤᠭᠤᠴᠠᠭᠠᠨ᠎ᠤ ᠬᠤᠳᠠ᠎ᠶ᠋ᠢᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠲᠠᠪᠤᠳᠤᠭᠠᠷ ᠬᠤᠷᠠᠯ ᠬᠤᠷᠠᠯᠳᠤᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠰᠭᠠᠢ ᠰᠡᠳᠦᠪ᠎ᠢᠶᠡᠷ ᠤᠯᠠᠮᠵᠢᠯᠠᠨ ᠰᠤᠷᠤᠯᠴᠠᠪᠠ᠃

ᠬᠤᠷᠠᠯ᠎ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠪᠣᠯ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠴᠢᠬᠤᠯᠠ ᠲᠡᠦᠬᠡᠨ ᠴᠠᠭ ᠮᠥᠴᠡ᠎ᠳᠦ᠂ ᠨᠠᠮ᠎ᠡᠴᠡ ᠠᠷᠠᠳ ᠲᠦᠮᠡᠨ᠎ᠢ ᠤᠳᠤᠷᠢᠳᠤᠨ ᠨᠢᠭᠡᠳᠦᠭᠡᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠦᠭᠡᠳ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌᠎ᠬᠠᠷᠠᠯᠲᠠ᠎ᠲᠡᠢᠰᠢ ᠤᠷᠤᠭ᠍ᠰᠢᠯᠠᠵᠤ ᠪᠠᠢᠭ᠎ᠠ ᠴᠢᠬᠤᠯᠠ ᠶᠡᠬᠡ ᠲᠡᠦᠬᠡᠨ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭ᠍ᠰᠠᠨ ᠮᠠᠰᠢ ᠴᠢᠬᠤᠯᠠ ᠬᠤᠷᠠᠯ ᠪᠣᠯᠤᠨ᠎ᠠ᠃ ᠬᠣᠲᠠ ᠳᠠᠶᠠᠭᠠᠷ᠎ᠢᠶᠠᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠶ ᠲᠠᠨᠢᠵᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠦᠨ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠳᠣᠬᠠᠨ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭᠠᠷᠳᠠᠯᠭ᠎ᠠ ᠶᠣᠰᠣᠭᠠᠷ᠂ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠬᠥᠯᠥᠨ ᠪᠣᠢᠷ ᠬᠣᠲᠠ᠎ᠳᠤ ᠪᠣᠳᠠᠲᠠᠶ ᠨᠠᠢᠳᠠᠪᠤᠷᠢᠵᠢᠭᠤᠯᠬᠤ᠎ᠶ᠋ᠢ ᠤᠯᠠᠮ ᠴᠢᠨᠠᠬᠰᠢᠳᠠ ᠠᠬᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠱᠢᠶ᠋ᠳᠪᠦᠷᠢ》 ᠎ᠶ᠋ᠢᠨ ᠪᠠᠶᠠᠯᠢᠭ ᠠᠭᠤᠯᠤᠭ᠍ᠳᠠᠬᠤᠨ ᠪᠠ ᠵᠣᠷᠢᠭ ᠰᠠᠨᠠᠭᠠᠨ᠎ᠤ ᠮᠥᠨ ᠴᠢᠨᠠᠷ᠎ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠡᠨᠡ ᠬᠦ᠌ ᠭᠤᠤᠯ ᠰᠡᠳᠦᠪ᠎ᠢ ᠪᠠᠲᠤ ᠡᠵᠡᠮᠳᠡᠵᠦ᠍᠂ ᠬᠥᠯᠥᠨ ᠪᠣᠢᠷ᠎ᠤᠨ ᠤᠯᠤᠰ᠎ᠤᠨ ᠪᠠᠢᠯᠳᠤᠬᠤ ᠪᠣᠳᠣᠯᠭ᠎ᠠ ᠳᠤᠮᠳᠠᠬᠢ ᠡᠭᠦᠷᠭᠡ ᠬᠠᠷᠢᠭᠤᠴᠠᠯᠭ᠎ᠠ᠎ᠶ᠋ᠢ ᠴᠠᠭ ᠢᠮᠠᠭ᠍ᠲᠠ ᠪᠠᠲᠤ ᠴᠡᠭᠡᠵᠢᠯᠡᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌》 ᠬᠥᠯᠥᠨ ᠪᠣᠢᠷ᠎ᠤᠨ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ᠌ ᠬᠡᠷᠡᠭ᠌ᠲᠡᠶ᠃ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠲᠦ ᠠᠴᠢ ᠬᠣᠯᠪᠣᠭ᠍ᠳᠠᠯ᠎ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠪᠦᠬᠦ᠌ ᠬᠤᠳᠠ᠎ᠶ᠋ᠢᠨ ᠨᠠᠮ᠎ᠤᠨ ᠭᠡᠱᠢᠭᠦᠨ ᠺᠠᠳ᠋ᠷᠴᠤᠳ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠳᠦᠯᠦᠨ ᠵᠢᠯᠣᠭᠣᠳᠴᠤ᠌ ᠡᠭᠦᠨ᠎ᠦ ᠳᠤᠮᠳᠠ᠎ᠡᠴᠡ ᠤᠶᠤᠨ ᠰᠠᠨᠠᠭᠠᠨ᠎ᠤ ᠱᠢᠮ᠎ᠡ ᠲᠡᠵᠢᠭᠡᠯ ᠪᠣᠯᠤᠨ ᠤᠷᠤᠭ᠍ᠰᠢᠯᠠᠯᠲᠠ᠎ᠶ᠋ᠢᠨ ᠡᠷᠴᠢ ᠬᠦᠴᠦᠨ᠎ᠢ ᠱᠢᠩᠭᠡᠭᠡᠨ ᠠᠪᠴᠤ᠌᠂ ᠨᠡᠩ ᠬᠦᠴᠦᠯᠡᠨ ᠴᠢᠷᠮᠠᠢᠵᠤ ᠠᠮᠵᠢᠯᠲᠠ ᠪᠦᠲᠦᠮᠵᠢ ᠭᠠᠷᠭᠠᠨ ᠬᠥᠯᠥᠨ ᠪᠤᠢ᠌ᠷ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ᠎ᠶ᠋ᠢ ᠤᠯᠠᠮᠵᠢᠯᠠᠨ ᠪᠠᠳᠠᠷᠠᠭᠤᠯᠵᠤ᠂ 《ᠠᠮᠢ ᠠᠬᠤᠢ᠎ᠶ᠋ᠢ ᠤᠷᠢᠳ᠎ᠵᠢᠡᠷ ᠪᠤᠳᠤᠯᠬᠢᠯᠠᠬᠤ᠂ ᠪᠤᠬᠢᠷᠳᠤᠯ ᠦᠭᠡᠢ ᠬᠦᠭ᠌ᠵᠢᠭᠦᠯᠬᠦ᠌᠂ ᠨᠠᠩ ᠦᠵᠡᠰᠭᠦᠯᠡᠩᠲᠦ ᠰᠠᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠶ ᠠᠮᠤᠷ ᠠᠮᠤᠭᠤᠯᠠᠩ ᠬᠥᠯᠥᠨ ᠪᠣᠢᠷ᠎ᠢ ᠪᠥᠲᠥᠭᠡᠨ ᠪᠠᠢᠭᠤᠯᠬᠤ》 ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ ᠪᠠ 《 ᠠᠮᠢ ᠠᠬᠤᠶ᠎ᠶ᠋ᠢ ᠠᠵᠤ ᠦᠢᠯᠡᠰᠵᠢᠭᠦᠯᠬᠦ᠌᠂ ᠠᠵᠤ ᠦᠶ᠋ᠯᠡᠰ᠎ᠢ ᠠᠮᠢ ᠠᠬᠤᠢᠵᠢᠭᠤᠯᠬᠤ》 ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢᠨ ᠲᠣᠭᠣᠷᠢᠨ᠎ᠳᠤ ᠡᠯ᠎ᠡ ᠵᠦᠶ᠋ᠯ᠎ᠦᠨ ᠠᠵᠢᠯ᠎ᠢᠶᠠᠨ ᠰᠠᠢᠲᠤᠷ ᠬᠢᠬᠦ᠌ ᠬᠡᠷᠡᠭ᠌ᠲᠡᠶ᠃ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡᠲᠦ ᠡᠭᠦᠷᠭᠡ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠬᠤᠷᠠᠯ᠎ᠡᠴᠡ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠬᠤ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠬᠦ᠌ ᠬᠡᠷᠡᠭ᠌ᠲᠡᠶ᠃ ᠪᠦᠬᠦ᠌ ᠬᠣᠲᠠ᠎ᠶ᠋ᠢᠨ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠳᠠᠭᠠᠭᠤᠯᠬᠤ ᠦᠢᠯᠡᠳᠦᠯ᠎ᠢᠶᠡᠨ ᠪᠠᠳᠠᠷᠠᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ ᠪᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠤ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠵᠤ ᠰᠡᠳᠭᠢᠯ ᠲᠠᠯᠪᠢᠨ ᠬᠦᠴᠦ᠍ ᠣᠷᠣᠭᠤᠯᠵᠦ ᠰᠤᠷᠤᠯᠴᠠᠨ ᠣᠢᠯᠠᠭᠠᠬᠤ ᠬᠡᠷᠡᠭ᠌ᠲᠡᠶ; ᠪᠦᠬᠦ᠌ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠬᠣᠷᠢᠶ᠎ᠠ ( ᠨᠠᠮ᠎ᠤᠨ ᠤᠳᠤᠷᠢᠳᠭᠤ ᠳᠤᠭᠤᠢᠯᠠᠩ ) ᠰᠤᠷᠤᠯᠴᠠᠬᠤ ᠪᠠ ᠤᠬᠠᠭᠤᠯᠤᠨ ᠲᠠᠢᠯᠪᠤᠷᠢᠯᠠᠬᠤ ᠠᠵᠢᠯ᠎ᠢ ᠨᠠᠷᠢᠨ ᠬᠢᠨᠠᠮᠠᠭᠠᠢ ᠵᠣᠬᠢᠶᠠᠨ ᠪᠠᠢᠭᠤᠯᠵᠤ ᠂ ᠥᠷᠭᠡᠨ ᠣᠯᠠᠨ ᠨᠠᠮ᠎ᠤᠨ ᠭᠡᠱᠢᠭᠦᠨ᠂ ᠦᠨᠳᠦᠰᠦᠲᠡᠨ ᠎ᠨᠦᠭᠦᠳ᠎ᠦᠨ ᠣᠯᠠᠨ ᠲᠦᠮᠡᠨ᠎ᠳᠦ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠡᠵᠡᠮᠱᠢᠭᠦᠯᠵᠦ᠍᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠪᠡᠬᠢᠵᠢᠭᠦᠯᠬᠦ᠌ ᠬᠡᠷᠡᠭ᠌ᠲᠡᠢ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠨ ‍ᠤ ᠰᠤᠨᠢᠨ ᠮᠡᠳᠡᠬᠡ᠎ᠶᠢᠨ ᠰᠦᠯᠵᠢᠶ᠎ᠠ
兼容浏览器的HTML页面