2021-12-24 10:37:56
12 ᠰᠠᠷᠠ ᠶᠢᠨ 16 ᠤ᠋ ᠡᠳᠦᠷ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠ ᠵᠢᠨ ᠵᠢᠷᠭᠤᠳᠤᠭᠠᠷᠪᠦᠬᠦᠳᠠ ᠬᠤᠷᠠᠯ ᠤᠨ ᠵᠣᠷᠢᠭ ᠰᠠᠨᠠᠭᠠ ᠵᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ ᠤᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶᠠ ᠳᠦ ᠭᠦᠨᠵᠡᠭᠡᠢᠷᠡᠵᠦᠤᠬᠠᠭᠤᠯᠤᠨ ᠲᠠᠢᠯᠪᠤᠷᠢᠯᠠᠪᠠ ᠃
ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠢᠯᠪᠤᠷᠢᠯᠠᠬᠤ ᠪᠦᠯᠬᠦᠮᠤᠨ ᠬᠡᠰᠢᠬᠦᠨ ᠂ ᠦᠪᠦᠷ ᠮᠤᠨᠭᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠥᠬᠡ ᠨᠠᠮ ᠤᠨ ᠪᠠᠢᠭᠤᠯᠤᠯᠳᠠᠶᠢᠨ ᠵᠢᠭᠠᠨ ᠰᠤᠳᠤᠯᠬᠤ ᠭᠠᠵᠠᠷ ᠤᠨ ᠳᠡᠳ᠋ ᠫᠷᠥ᠍ᠹᠧᠰᠰᠤᠷ ᠵᠤᠤ ᠱᠣ᠌ ᠯᠣ᠌《ᠨᠡᠩ ᠶᠡᠬᠡ ᠠᠮᠵᠢᠯᠳᠠ ᠪᠤᠯᠤᠨ ᠢᠷᠠᠭᠤ ᠠᠯᠳᠠᠷ ᠢ ᠤᠯᠬᠤ ᠶᠢᠨ ᠲᠦᠯᠦᠭᠡ ᠦᠷᠬᠦᠯᠵᠢᠯᠡᠨ ᠴᠢᠷᠮᠠᠢᠨᠲᠡᠮᠡᠴᠡᠶᠡ》ᠬᠡᠬᠦ ᠰᠡᠳᠦᠪ ᠵᠢᠡᠷ ᠪᠦᠬᠦ ᠳᠠᠯᠠ ᠪᠤᠯᠤᠨ ᠪᠠᠢᠯᠳᠤᠬᠤ ᠪᠤᠳᠤᠯᠭᠠ ᠶᠢᠨ ᠦᠨᠳᠦᠷᠴᠡ ᠡᠴᠡᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠ ᠵᠢᠨ ᠵᠢᠷᠭᠤᠳᠤᠭᠠᠷ ᠪᠦᠬᠦᠳᠠ ᠬᠤᠷᠠᠯ ᠤᠨᠴᠢᠬᠤᠯᠠ ᠶᠡᠬᠡ ᠠᠴᠢ ᠬᠤᠯᠪᠤᠭᠳᠠᠯ ᠢ ᠬᠦᠨᠵᠡᠭᠡᠢ ᠳᠠᠨᠢᠬᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨᠤ ᠲᠥᠪ ᠬᠤᠷᠢᠶᠠ ᠵᠢᠨ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭᠠᠨᠤ ᠪᠠᠶᠠᠯᠢᠭ ᠠᠭᠤᠯᠤᠭᠳᠠᠬᠤᠨᠪᠤᠯᠤᠨ ᠭᠤᠤᠯ ᠤᠳᠬᠠ ᠤᠴᠢᠷ ᠢ ᠬᠦᠨᠵᠡᠭᠡᠢ ᠤᠢᠯᠠᠭᠠᠬᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤᠲᠥᠪ ᠬᠤᠷᠢᠶᠠ ᠵᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭᠠ ᠶ᠋ᠢ ᠬᠦᠨᠵᠡᠬᠡᠢ ᠰᠤᠷᠤᠯᠴᠠᠨ ᠨᠠᠮ ᠤᠨ ᠠᠷᠪᠠ ᠶᠢᠰᠦᠳᠦᠭᠡᠷᠬᠤᠭᠤᠴᠠᠭᠠᠨ ᠤ ᠲᠥᠪ ᠬᠤᠷᠢᠶᠠ ᠵᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭᠠ ᠵᠢ ᠦᠪᠦᠷ ᠮᠤᠨᠭᠭᠤᠯᠳᠤ ᠬᠦᠨ ᠦᠨᠳᠦᠰᠦᠯᠡᠬᠦᠯᠬᠦ ᠵᠢ ᠯᠠᠪᠳᠠᠭᠤᠨ ᠪᠠᠳᠤᠳᠠᠢ ᠠᠬᠢᠭᠤᠯᠬᠤ ᠵᠡᠷᠭᠡ ᠭᠤᠷᠪᠠᠨ ᠳᠠᠯᠠ ᠡᠴᠡ ᠨᠠᠮ ᠤᠨᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠ ᠵᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭᠠᠵᠢ ᠭᠦᠨᠵᠡᠭᠡᠶ ᠲᠣᠳᠣᠷᠬᠠᠢᠯᠠᠨ ᠥᠭᠦᠯᠡᠭ᠌ᠰᠡᠨ ᠪᠥᠭᠡᠳ ᠭᠦᠨᠵᠡᠭᠡᠶ ᠲᠠᠢᠯᠪᠤᠷᠢᠯᠠᠵᠠᠶ ᠃
ᠥᠪᠡᠷᠲᠡᠭᠡᠨ ᠵᠠᠰᠠᠬᠤ ᠣᠷᠣᠨ ᠤ ᠡᠪᠯᠡᠯᠦᠨ ᠬᠣᠷᠢᠶᠠ ᠵᠢᠨ ᠱᠦᠵᠢᠴᠧᠨ ᠱᠢᠶᠤᠤ ᠳ᠋ᠦᠩ ᠤᠬᠠᠭᠤᠯᠤᠨ ᠲᠠᠢᠯᠪᠤᠷᠢᠯᠠᠬᠤ ᠬᠤᠷᠠᠯ ᠢ ᠡᠷᠬᠢᠯᠡᠪᠡ ᠃ ᠥᠪᠡᠷᠲᠡᠭᠡᠨ ᠵᠠᠰᠠᠬᠤ ᠣᠷᠣᠨ ᠤᠡᠪᠯᠡᠯ ᠦᠨ ᠬᠣᠷᠢᠶᠠ ᠵᠢᠨ ᠱᠦᠵᠢ ᠵᠢᠨ ᠪᠠᠭ᠂ ᠪᠠᠢᠭᠤᠯᠭᠠᠵᠢᠴᠢ ᠰᠢᠭᠤᠳ ᠬᠠᠷᠢᠶᠠ ᠪᠠᠢᠭᠤᠯᠭᠠ ᠶ᠋ᠢᠨ ᠪᠦᠬᠦ᠌ ᠨᠠᠮ ᠤᠨ ᠭᠡᠱᠢᠭᠦᠨ᠂ ᠺᠠᠳ᠋ᠷ᠂ ᠡᠪᠯᠡᠯᠦᠨ ᠰᠤᠷᠭᠠᠭᠤᠯᠢ ᠶ᠋ᠢᠨ ᠪᠠᠭ ᠤᠨ ᠪᠦᠷᠢᠯᠳᠦᠬᠦᠨ ᠤᠬᠠᠭᠤᠯᠤᠨ ᠲᠠᠢᠯᠪᠤᠷᠢᠯᠠᠬᠤ ᠶ᠋ᠢᠰᠣᠨᠣᠰᠴᠠᠢ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠭᠦᠨᠵᠡᠭᠡᠢ ᠪᠥᠭᠡᠳ ᠣᠢᠯᠠᠭᠠᠮᠵᠢᠲᠠᠢ ᠪᠠᠢᠵᠤ᠂ ᠦᠵᠡᠯ ᠰᠠᠨᠠᠭᠠᠨ ᠤ ᠦᠨᠳᠦᠷᠴᠡ᠂ ᠤᠨᠤᠯ ᠤᠨ ᠭᠦᠨᠴᠡᠲᠡᠶ ᠪᠥᠭᠡᠳ ᠮᠠᠰᠢ ᠴᠢᠩᠭᠠ ᠬᠠᠨᠳᠤᠯᠭᠠᠲᠤᠴᠢᠨᠠᠷ ᠪᠠ ᠨᠥᠯᠥᠭᠡᠯᠡᠬᠦ᠌ ᠬᠦᠴᠦᠨᠲᠡᠶ ᠪᠠᠢᠵᠤ᠂ ᠪᠦᠬᠦᠳᠠᠬᠤᠷᠠᠯ ᠤᠨ ᠵᠣᠷᠢᠭ ᠰᠠᠨᠠᠭᠠ ᠪᠤᠯᠤᠨ ᠨᠠᠮ ᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠵᠣᠷᠢᠭ ᠰᠠᠨᠠᠭᠠᠶ᠋ᠢ ᠭᠦᠨᠵᠡᠭᠡᠢ ᠣᠢᠯᠠᠭᠠᠵᠤ ᠪᠦᠬᠦ᠌ ᠲᠠᠯᠠᠪᠠᠷ ᠡᠵᠡᠮᠳᠡᠬᠦ᠌ ᠳᠦ ᠴᠢᠬᠤᠯᠠ ᠬᠠᠪᠰᠤᠷᠤᠨ ᠵᠢᠯᠣᠭᠣᠳᠭᠤ ᠦᠢᠯᠡᠳᠦᠯᠦᠵᠡᠬᠦᠯᠪᠡ ᠃
ᠤᠬᠠᠭᠤᠯᠤᠨ ᠲᠠᠢᠯᠪᠤᠷᠢᠯᠠᠬᠤ ᠶ᠋ᠢ ᠰᠣᠨᠣᠰᠤᠭ᠍ᠰᠠᠨ ᠤ ᠳᠠᠷᠠᠭᠠ᠂ ᠥᠪᠡᠷᠲᠡᠭᠡᠨ ᠵᠠᠰᠠᠬᠤ ᠣᠷᠣᠨ ᠤ ᠡᠪᠯᠡᠯ ᠦᠨ ᠬᠣᠷᠢᠶᠠ ᠵᠢᠨᠨᠢᠭᠡᠳᠦᠮᠡᠯ ᠹᠷᠣᠨᠲ ᠤᠨ ᠬᠠᠷᠢᠯᠴᠠᠭᠠᠨ ᠤ ᠬᠡᠯᠲᠡᠰᠦᠨ ᠺᠠᠳ᠋ᠷ ᠶᠠᠩ ᠴᠢᠶᠦ᠋ᠨ ᠄ 《 ᠵᠤᠤ ᠱᠣ᠌ ᠯᠣ᠌ᠪᠠᠭ᠍ᠰᠢᠶ᠋ᠢᠨ ᠤᠬᠠᠭᠤᠯᠤᠨ ᠲᠠᠢᠯᠪᠤᠷᠢᠯᠠᠬᠤ ᠵᠢ ᠰᠤᠨᠤᠰᠤᠭᠠᠳ ᠪᠦᠬᠦᠳᠠ ᠬᠤᠷᠠᠯ ᠤᠨ ᠵᠣᠷᠢᠭ ᠰᠠᠨᠠᠭᠠ ᠳᠤᠨᠡᠩ ᠭᠦᠨᠵᠡᠭᠡᠢ ᠣᠢᠯᠠᠭᠠᠯᠲᠠᠲᠠᠶ ᠪᠣᠯᠵᠠᠢ ᠃ ᠡᠪᠯᠡᠯ ᠦᠨ ᠺᠠᠳ᠋ᠷ ᠪᠣᠯᠤᠭ᠍ᠰᠠᠨ ᠤ ᠬᠤᠪᠢ ᠳᠤ ᠪᠢ ᠤᠬᠠᠮᠰᠠᠷᠡᠴᠡ ᠪᠠᠨ ᠦᠵᠡᠯ ᠰᠠᠨᠠᠭᠠ ᠤᠯᠤᠰ ᠲᠦᠷᠦ᠍ ᠪᠠ ᠦᠢᠯᠡ ᠠᠵᠢᠯᠯᠠᠭᠠ ᠶ᠋ᠢᠨ ᠲᠠᠯᠠᠪᠠᠷ ᠰᠢ ᠵᠢᠨ ᠫᠢᠩ ᠨᠥᠬᠥᠷᠢᠶᠡᠷᠭᠣᠣᠯ ᠪᠣᠯᠭᠠᠭ᠍ᠰᠠᠨ ᠨᠠᠮ ᠤᠨ ᠲᠥᠪ ᠬᠣᠷᠢᠶᠠᠲᠠᠶ ᠳᠡᠭᠡᠳᠦ ᠬᠡᠮᠵᠢᠶᠡ ᠪᠡᠷ ᠨᠢᠭᠡᠳᠦᠯᠲᠡᠢ ᠪᠠᠢᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠵᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨᠨᠢᠭᠡᠳᠦᠭᠡᠷ ᠤᠳᠠᠭᠠ ᠶ᠋ᠢᠨ ᠨᠠᠮ ᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠵᠣᠷᠢᠭ ᠰᠠᠨᠠᠭᠠ ᠶ᠋ᠢᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ᠨᠢᠭᠡᠳᠦᠮᠡᠯ ᠹᠷᠣᠨᠲ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠡᠯᠡ ᠦᠨᠳᠦᠰᠦᠲᠡᠨ ᠡᠯᠡ ᠡᠲᠡᠭᠡᠳᠦᠨ ᠵᠠᠯᠠᠭᠤᠴᠤᠳ ᠢ ᠨᠠᠮ ᠤᠨ ᠲᠣᠭᠣᠷᠢᠨ ᠳᠤ ᠨᠢᠭ᠍ᠲᠠᠷᠠᠭᠤᠯᠵᠤ᠂ ᠢᠮᠠᠭ᠍ᠲᠠ ᠨᠠᠮᠲᠠᠶ ᠰᠡᠳᠭᠢᠯ ᠨᠢᠭᠡᠳᠤᠨ᠂ ᠴᠠᠭ ᠦᠶᠡᠲᠡᠶᠬᠠᠮᠲᠤ ᠪᠡᠷ ᠤᠷᠤᠭ᠍ᠰᠢᠯᠠᠨᠠ 》ᠭᠡᠪᠡ᠃
ᠥᠪᠡᠷᠲᠡᠭᠡᠨ ᠵᠠᠰᠠᠬᠤ ᠣᠷᠣᠨ ᠤ ᠡᠪᠯᠡᠯ ᠦᠨ ᠬᠤᠷᠢᠶᠠ ᠵᠢᠨ ᠵᠠᠯᠠᠭᠤᠴᠤᠳᠪᠠᠭᠠᠴᠤᠳ ᠤᠨ ᠡᠷᠬᠡ ᠠᠱᠢᠭ ᠢ ᠬᠠᠮᠠᠭᠠᠯᠠᠬᠤ ᠬᠡᠯᠲᠡᠰᠦᠨ ᠳᠠᠷᠤᠭᠠ ᠼᠤᠤ ᠵᠢᠶᠧ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡᠨᠢ ᠪᠥᠬᠥ᠌ ᠲᠠᠯᠠ ᠵᠢᠨ ᠱᠢᠰᠲ᠋ᠧᠮᠲᠡᠶ᠂ ᠭᠤᠤᠯᠳᠠᠯᠭᠠᠨᠢᠲᠣᠪᠣᠢᠮᠠ ᠂ ᠠᠭᠤᠯᠤᠭ᠍ᠳᠠᠬᠤᠨ ᠨᠢ ᠪᠠᠶᠠᠯᠢᠭ ᠂ ᠭᠦᠨᠵᠡᠭᠡᠶᠪᠥᠭᠡᠳ ᠨᠡᠪᠲᠡᠷᠬᠡᠶ ᠪᠠᠢᠵᠤ᠂ ᠵᠠᠯᠠᠭᠤᠴᠤᠳ ᠪᠠᠭᠠᠴᠤᠳᠲᠤᠬᠠᠨᠳᠤᠭᠤᠯᠤᠨ ᠪᠥᠬᠥᠳᠡ ᠬᠤᠷᠠᠯ ᠤᠨ ᠵᠣᠷᠢᠭ ᠰᠠᠨᠠᠭᠠᠨᠤ ᠤᠬᠠᠭᠤᠯᠭᠠ ᠬᠥᠮᠦᠵᠢᠯ ᠥᠷᠨᠢᠭᠦᠯᠬᠦ᠌ ᠠᠵᠢᠯ ᠢᠤᠯᠠᠮ ᠨᠢᠭᠡ ᠠᠯᠬᠤᠮ ᠰᠠᠢᠲᠤᠷ ᠬᠢᠬᠦ᠌ ᠳᠦ ᠴᠢᠬᠤᠯᠠ ᠵᠢᠯᠣᠭᠣᠳᠴᠦ ᠰᠡᠩᠬᠡᠷᠡᠭᠦᠯᠬᠦ᠌ ᠦᠶ᠋ᠯᠡᠳᠦᠯᠲᠡᠶ ᠃ ᠬᠣᠢᠱᠢᠳᠠᠪᠢᠳᠡ ᠪᠤᠳᠠᠳᠦ ᠦᠢᠯᠡᠳᠦᠯᠭᠡ ᠶ᠋ᠢᠨ ᠳᠤᠮᠳᠠ ᠵᠠᠯᠠᠭᠤᠴᠤᠳ ᠪᠠᠭᠠᠴᠤᠳ ᠪᠣᠯᠤᠨ ᠭᠡᠷ ᠪᠦᠯᠢ ᠳᠦ ᠦᠢᠯᠡᠴᠢᠯᠡᠬᠦ᠌ᠪᠠᠷᠢᠮᠵᠢᠶᠠᠵᠢᠭᠤᠯᠤᠭ᠍ᠰᠠᠨ ᠵᠢᠷᠤᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠍᠂ ᠵᠠᠯᠠᠭᠤᠴᠤᠳ ᠪᠠᠭᠠᠴᠤᠳ ᠢ ᠠᠪᠤᠷᠠᠨ ᠲᠤᠰᠠᠯᠠᠬᠤ ᠪᠠᠴᠢᠮ ᠪᠠᠢᠳᠠᠯᠢ ᠠᠷᠭᠠᠴᠠᠭᠠᠬᠤ ᠬᠡᠷᠡᠭ ᠦᠨ ᠬᠣᠯᠪᠣᠯᠳᠤᠭ᠍ᠰᠠᠨ ᠲᠣᠭ᠍ᠲᠠᠴᠠᠶ᠋ᠢ ᠪᠠᠢᠭᠤᠯᠤᠨ ᠲᠡᠭᠦᠯᠳᠡᠷᠵᠢᠭᠦᠯᠵᠦ᠍᠂ ᠵᠢᠵᠢᠭ ᠰᠠᠵᠢᠭ ᠶᠠᠪᠤᠳᠠᠯᠡᠴᠡ ᠵᠠᠯᠠᠭᠤᠴᠤᠳ ᠪᠠᠭᠠᠴᠤᠳ ᠤᠨᠦᠨᠳᠦᠰᠦᠨ ᠠᠱᠢᠭ ᠲᠤᠰᠠ ᠶ᠋ᠢ ᠲᠠᠰᠤᠷᠠᠯᠲᠠ ᠦᠭᠡᠢ ᠰᠠᠢᠲᠤᠷ ᠪᠡᠶᠡᠯᠡᠭᠦᠯᠵᠦ᠍᠂ ᠰᠠᠢᠲᠤᠷ ᠬᠠᠮᠠᠭᠠᠯᠠᠨ ᠂ ᠰᠠᠢᠲᠤᠷ ᠬᠥᠭ᠌ᠵᠢᠭᠦᠯᠵᠦ᠍᠂ ᠨᠡᠢᠭᠡᠮ ᠦᠨ ᠵᠠᠰᠠᠯᠲᠠ ᠶ᠋ᠢᠨ ᠨᠡᠢᠭᠡᠮᠴᠢᠯᠡᠯᠲᠡ ᠶ᠋ᠢᠳᠡᠭᠡᠭ᠌ᠰᠢᠯᠡᠭᠦᠯᠬᠦ᠌ ᠳᠦ ᠬᠦᠴᠦᠨ ᠴᠢᠳᠠᠯᠢᠶᠠᠨ ᠡᠷᠭᠦᠨᠡ》ᠭᠡᠵᠡᠢ ᠃
ᠵᠤᠤ ᠱᠣ᠌ ᠯᠦ᠍ ᠳᠡᠳ᠋ ᠫᠷᠥ᠍ᠹᠧᠰᠰᠤᠷ ᠦᠳᠡ ᠶ᠋ᠢᠨ ᠬᠣᠢᠨᠠ ᠨᠢ ᠥᠪᠡᠷᠲᠡᠭᠡᠨ ᠵᠠᠰᠠᠬᠤ ᠣᠷᠣᠨ ᠤ ᠡᠪᠯᠡᠯ ᠦᠨ ᠰᠤᠷᠭᠠᠭᠤᠯᠢ(ᠥᠪᠥᠷ ᠮᠣᠩᠭᠣᠯ ᠤᠨ ᠪᠠᠭ᠍ᠰᠢ ᠶ᠋ᠢᠨ ᠶᠡᠬᠡ ᠰᠤᠷᠭᠠᠭᠤᠯᠢ ᠶ᠋ᠢᠨ ᠵᠠᠯᠠᠭᠤᠴᠤᠳ ᠤᠨ ᠤᠯᠤᠰᠲᠦᠷᠦ᠍ ᠶ᠋ᠢᠨ ᠳᠡᠭᠡᠳᠦ ᠰᠤᠷᠭᠠᠭᠤᠯᠢ) ᠳ᠋ᠤ ᠬᠦᠷᠴᠦ᠍᠂ ᠰᠤᠷᠤᠭ᠍ᠴᠢᠳᠲᠠᠶ ᠰᠠᠨᠠᠯ ᠢᠶᠠᠨ ᠰᠣᠯᠢᠯᠴᠠᠨ ᠤᠬᠠᠭᠤᠯᠤᠨᠲᠠᠢᠯᠪᠤᠷᠢᠯᠠᠵᠤ᠂ ᠰᠤᠷᠤᠭ᠍ᠴᠢᠳ ᠤᠨ ᠬᠠᠯᠠᠮᠵᠢᠯᠠᠵᠤᠪᠠᠢᠭᠠ ᠠᠰᠠᠭᠤᠳᠠᠯ ᠳᠤ ᠨᠢᠭᠡᠳ ᠨᠢᠭᠡᠪᠡᠷ ᠬᠠᠷᠢᠭᠤᠯᠲᠠ ᠥᠭ᠌ᠴᠦ ᠂ ᠲᠤᠬᠠᠢ ᠶ᠋ᠢᠨ ᠲᠠᠯᠠᠪᠠᠢ ᠶ᠋ᠢᠨ ᠠᠭᠤᠷᠠᠮᠢᠰᠭᠤᠯ ᠬᠦᠷ ᠬᠥᠭ᠌ᠵᠢᠶᠡᠨᠲᠡᠢ ᠪᠠᠢᠵᠦ᠂ ᠰᠤᠷᠤᠭ᠍ᠴᠢᠳᠲᠤᠠᠮᠢᠳᠤᠯᠢᠭ ᠰᠠᠢᠬᠠᠨ ᠦᠵᠡᠯ ᠰᠠᠨᠠᠭᠠ ᠤᠯᠤᠰ ᠲᠦᠷᠦ᠍ ᠶ᠋ᠢᠨ ᠬᠢᠴᠢᠶᠡᠯ ᠣᠷᠣᠯᠠ ᠃
《ᠪᠠᠭ᠍ᠰᠢ ᠡ ᠂ ᠨᠠᠮ ᠤᠨ ᠠᠷᠪᠠ ᠶᠢᠰᠦᠳᠦᠭᠡᠷᠬᠤᠭᠤᠴᠠᠭᠠᠨ ᠤ ᠲᠥᠪ ᠬᠣᠷᠢᠶᠠ ᠵᠢᠨ ᠵᠢᠷᠭᠤᠳᠤᠭᠠᠷ ᠪᠦᠬᠦᠳᠡ ᠬᠤᠷᠠᠯ ᠤᠨ ᠬᠤᠷᠠᠯᠳᠤᠭ᠍ᠰᠠᠨ ᠨᠢ ᠮᠠᠨ ᠤᠵᠠᠯᠠᠭᠤ ᠰᠤᠷᠤᠭ᠍ᠴᠢᠳ ᠤᠨ ᠦᠰᠦᠨ ᠪᠣᠢᠵᠢᠵᠤ ᠴᠢᠳᠠᠪᠤᠷᠢᠲᠠᠨ ᠪᠣᠯᠬᠤ᠂ ᠠᠵᠢᠯ ᠣᠯᠵᠤ ᠦᠢᠯᠡᠰ ᠪᠤᠰᠭᠠᠬᠤ ᠳᠤᠶᠠᠮᠠᠷ ᠶᠠᠮᠠᠷ ᠪᠣᠳᠠᠲᠠᠢ ᠵᠢᠯᠣᠭᠣᠳᠭᠤ ᠠᠴᠢ ᠬᠣᠯᠪᠣᠭ᠍ᠳᠠᠯᠲᠠᠶ ᠪᠤᠢ?》 ᠬᠡᠵᠤ ᠰᠤᠷᠤᠭ᠍ᠴᠢᠷᠧᠨ ᠮᠧᠢ ᠴᠢᠶᠠᠩ ᠠᠰᠠᠭᠤᠬᠤ ᠳ᠋ᠤ ᠂ 《ᠮᠢᠨᠤ ᠥᠵᠡᠬᠥᠪᠡᠷ ᠂ ᠪᠦᠭᠦᠳᠡ ᠬᠤᠷᠠᠯ ᠤᠨ ᠵᠣᠷᠢᠭ ᠰᠠᠨᠠᠭᠠ ᠪᠤᠯᠤᠨᠨᠠᠮ ᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠵᠣᠷᠢᠭ ᠰᠠᠨᠠᠭᠠ ᠨᠢ ᠬᠤᠪᠢ ᠬᠥᠮᠦᠨᠦ ᠦᠰᠦᠨ ᠪᠣᠢᠵᠢᠬᠤ᠂ ᠠᠵᠢᠯ ᠰᠣᠩᠭᠣᠬᠤ᠂ ᠠᠵᠢᠯᠯᠠᠬᠤ ᠵᠡᠷᠭᠡ ᠲᠠᠯᠠᠳ᠋ᠤ ᠴᠥᠮ ᠵᠣᠬᠢᠬᠤ ᠵᠢᠯᠣᠭᠣᠳᠭᠤᠦᠢᠯᠡᠳᠦᠯᠲᠡᠶ᠂ ᠵᠠᠯᠠᠭᠤ ᠰᠤᠷᠤᠭ᠍ᠴᠢᠳ ᠢ ᠠᠶᠠᠨᠳᠠᠭᠠᠨᠨᠦᠯᠦᠭᠡᠯᠡᠵᠦ ᠂ ᠠᠯᠤᠰ ᠬᠡᠳᠦ᠍ ᠶ᠋ᠢᠨ ᠠᠴᠢ ᠬᠣᠯᠪᠣᠭ᠍ᠳᠠᠯᠲᠠᠶ ᠶᠤᠮ᠃ ᠵᠠᠯᠠᠭᠤ ᠰᠤᠷᠤᠭ᠍ᠴᠢᠳ ᠪᠥᠬᠥᠳᠡ ᠬᠤᠷᠠᠯᠤᠨ ᠴᠢᠬᠤᠯᠠ ᠶᠡᠬᠡ ᠠᠴᠢ ᠬᠣᠯᠪᠣᠭ᠍ᠳᠠᠯ ᠢ ᠭᠦᠨᠵᠡᠭᠡᠶ ᠲᠠᠨᠢᠵᠤ᠂ ᠨᠠᠮᠤᠨ ᠵᠠᠭᠤᠨ ᠵᠢᠯ ᠦᠨ ᠲᠡᠮᠡᠴᠡᠯ ᠦᠨ ᠴᠢᠬᠤᠯᠠ ᠶᠡᠬᠡᠠᠮᠵᠢᠯᠲᠠ ᠪᠦᠲᠦᠮᠵᠢ ᠪᠠ ᠲᠡᠦᠬᠡ ᠶ᠋ᠢᠨ ᠲᠤᠷᠱᠢᠯᠭᠠ ᠶ᠋ᠢᠨ ᠪᠠᠶᠠᠯᠢᠭ ᠠᠭᠤᠯᠤᠭ᠍ᠳᠠᠬᠤᠨ ᠢ ᠭᠦᠨᠵᠡᠭᠡᠶᠣᠢᠯᠠᠭᠠᠵᠤ ᠂ ᠨᠠᠮ ᠤᠨ ᠵᠠᠭᠤᠨ ᠵᠢᠯ ᠦᠨ ᠲᠡᠮᠡᠴᠡᠯᠦᠨ ᠥᠩᠭᠡᠷᠡᠯᠲᠡ ᠡᠴᠡ ᠣᠶᠤᠨ ᠤᠬᠠᠭᠠᠨ ᠪᠠ ᠬᠦᠴᠦᠨ ᠴᠢᠳᠠᠯ ᠰᠢᠩᠭᠡᠭᠡᠨ ᠠᠪᠴᠤ ᠂ ᠬᠦᠰᠡᠯᠡᠩ ᠢᠲᠡᠭᠡᠯ ᠪᠢᠱᠢᠷᠡᠯ ᠢᠶᠡᠨ ᠪᠠᠲᠤᠳᠭᠠᠨ ᠂ ᠦᠨᠳᠦᠰᠦᠲᠡᠨᠦ ᠰᠡᠷᠭᠦᠨ ᠮᠠᠨᠳᠤᠯᠲᠠ ᠶ᠋ᠢᠨ ᠬᠦᠨᠳᠦ ᠡᠭᠦᠷᠭᠡ ᠶ᠋ᠢ ᠡᠭᠦᠷᠭᠡᠯᠡᠵᠦ᠍ ᠳᠡᠢᠯᠬᠦ᠌ ᠴᠠᠭ ᠦᠶᠡ ᠶ᠋ᠢᠨ ᠱᠢᠨᠡᠬᠥᠮᠦᠨ ᠪᠣᠯᠬᠤ ᠬᠡᠷᠡᠭ᠌ᠲᠡᠶ》 ᠭᠡᠵᠦ᠍ ᠵᠤᠤᠱᠣ᠌ ᠯᠦ᠍ ᠬᠠᠷᠢᠭᠤᠯᠪᠠ ᠃
ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠳᠠᠭᠤᠰᠤᠭ᠍ᠰᠠᠨ ᠤ ᠳᠠᠷᠠᠭᠠ᠂ ᠤᠶᠤᠳᠠᠳ ᠬᠠᠮᠳᠤ ᠪᠡᠷ ᠱᠢᠨᠡ ᠴᠠᠭ ᠦᠶᠡᠶ᠋ᠢᠨ ᠣᠶᠤᠲᠠᠨᠪᠣᠯᠤᠭ᠍ᠰᠠᠨ ᠤ ᠬᠤᠪᠢ ᠳᠤ᠂ ᠨᠠᠮ ᠤᠨ ᠵᠠᠭᠤᠨ ᠵᠢᠯᠦᠨ ᠲᠡᠮᠡᠴᠡᠯ ᠦᠨ ᠲᠡᠦᠬᠡ ᠪᠡᠷ ᠤᠶᠤᠨ ᠤᠬᠠᠭᠠᠨ ᠢᠶᠡᠨ ᠰᠡᠩᠬᠡᠷᠡᠭᠦᠯᠵᠦ᠍᠂ ᠵᠠᠩ ᠴᠢᠨᠠᠷ ᠢᠶᠡᠨ ᠳᠠᠪᠲᠠᠨ ᠪᠣᠯᠪᠠᠰᠤᠷᠠᠭᠤᠯᠵᠤ᠂ ᠴᠥᠬᠥᠷᠡᠰᠢᠦᠭᠡᠢ ᠲᠡᠮᠡᠴᠡᠨ ᠤᠷᠤᠭ᠍ᠰᠢᠯᠠᠵᠤ᠂ ᠪᠣᠳᠠᠲᠤ ᠠᠵᠢᠯᠯᠠᠭᠠᠪᠠᠷ ᠢᠶᠠᠨ 《ᠨᠠᠮᠮᠢᠨᠢ ᠰᠠᠨᠠᠭᠠᠠᠮᠤᠷ ᠪᠠᠢᠭᠠᠷᠠᠢ ᠂ ᠤᠯᠤᠰ ᠢᠶᠠᠨ ᠬᠦᠴᠦᠷᠬᠡᠭ᠌ᠵᠢᠭᠦᠯᠬᠦ᠌ ᠳᠦ ᠪᠢᠳᠡ ᠪᠠᠢᠨᠠ 》ᠭᠡᠬᠦ ᠵᠠᠯᠠᠭᠤ ᠨᠠᠰᠤᠨ ᠤ ᠲᠠᠩᠭᠠᠷᠢᠭ ᠢ ᠦᠢᠯᠡᠳᠦᠯᠭᠡᠵᠢᠭᠦᠯᠵᠦ᠍ ᠂ ᠦᠵᠡᠰᠭᠦᠯᠡᠩᠲᠦ ᠰᠠᠢᠬᠠᠨ ᠥᠪᠥᠷ ᠮᠣᠩᠭᠣᠯ ᠢᠶᠠᠨ ᠪᠦᠲᠦᠭᠡᠨᠪᠠᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃