ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-12-26 20:23:39

ᠵᠣᠬᠢᠶᠠᠭ᠍ᠴᠢ᠄ ᠬᠤᠤ ᠵᠢᠶᠠ ᠯᠢ ᠶᠠᠩ ᠯᠢᠦ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ 17 ᠎ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠳᠤ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ (ᠵᠠᠰᠠᠭ ᠵᠠᠬᠢᠷᠭᠠᠨ᠎ᠤ ᠳᠡᠭᠡᠳᠦᠰᠤᠷᠭᠠᠭᠤᠯᠢ) ᠵᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨᠵᠢᠭᠠᠨ ᠰᠤᠳᠤᠯᠬᠤ ᠬᠡᠯᠲᠡᠰ᠎ᠦᠨ ᠳᠡᠳ᠋ ᠫᠷᠤᠹᠧᠰᠰᠤᠷ ᠢᠦᠶ ᠮᠧᠶ ᠯᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢᠭᠦᠨᠵᠡᠭᠡᠶ ᠲᠠᠨᠢᠬᠤ᠂ 《ᠱᠢᠶ᠋ᠳᠪᠦᠷᠢ》 ᠶ᠋ᠢᠨ ᠭᠤᠤᠯ ᠴᠢᠬᠤᠯᠠ ᠠᠭᠤᠯᠭ᠎ᠠ᠎ᠶ᠋ᠢ ᠭᠦᠨᠵᠡᠭᠡᠶ ᠣᠢᠯᠠᠭᠠᠬᠤ᠂ ᠥᠪᠡᠷᠲᠡᠭᠡᠨ ᠵᠠᠰᠠᠬᠤᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠪᠣᠳᠠᠲᠠᠶ ᠨᠠᠢᠳᠠᠪᠤᠷᠢᠵᠢᠭᠤᠯᠬᠤᠵᠡᠷᠭᠡ ᠲᠠᠯ᠎ᠠ ᠡᠴᠡ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠨᠠᠷᠢᠯᠢᠭ ᠳᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪ ᠢᠯᠡ ᠲᠣᠳᠣ᠂ᠠᠭᠤᠯᠭ᠎ᠠ ᠪᠠᠶᠠᠯᠢᠭ᠂ ᠲᠡᠰ ᠳᠠᠪᠬᠤᠷᠭ᠎ᠠ ᠲᠣᠳᠣᠷᠬᠠᠢ᠂ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶ᠋ᠢᠨᠭᠦᠨᠴᠡ᠎ᠲᠡᠶ ᠪᠠᠢᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭᠠᠨ᠎ᠤ ᠭᠣᠣᠯ ᠴᠢᠬᠤᠯᠠ ᠠᠭᠤᠯᠭ᠎ᠠ᠂ ᠴᠢᠬᠤᠯᠠ ᠶᠡᠬᠡ ᠠᠴᠢ ᠬᠣᠯᠪᠣᠭ᠍ᠳᠠᠯ᠎ᠢᠲᠣᠳᠣᠷᠬᠠᠢ ᠶᠠᠷᠢᠭ᠍ᠰᠠᠨ ᠪᠥᠭᠡᠳ ᠪᠠᠰᠠ ᠺᠠᠳ᠋ᠷ ᠤᠯᠠᠨ ᠲᠦᠮᠡᠨ᠎ᠦ ᠬᠠᠯᠠᠮᠵᠢᠯᠠᠵᠤ ᠪᠠᠢᠭ᠎ᠠ ᠠᠰᠠᠭᠤᠳᠠᠯ᠎ᠳᠤᠬᠠᠷᠢᠭᠤᠯᠲᠠ ᠥᠭ᠌ᠴᠦ᠂ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠵᠤ ᠨᠡᠪᠲᠡᠷᠡᠳᠠᠯ᠎ᠠ ᠣᠢᠯᠠᠭᠠᠬᠤ᠎ᠳᠤᠲᠤᠢᠯ᠎ᠤᠨ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠃

ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠨᠠᠮ᠎ᠤᠨᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠵᠠᠬᠢᠷᠤᠯ ᠯᠢᠶᠠᠩ ᠯᠢ ᠱᠢᠶᠠ᠄ 《ᠪᠢᠳᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠶᠡᠷᠦᠩᠬᠡᠶ ᠱᠦᠵᠢ ᠰᠢ ᠵᠢᠨᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭᠰᠠᠨᠠᠭ᠎ᠠ᠎ᠲᠠᠶ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠲᠣᠭ᠍ᠲᠠᠭᠠᠭ᠍ᠰᠠᠨ᠎ᠬᠠᠷᠠᠯᠲᠠ᠎ᠡᠭᠦᠷᠭᠡ᠎ᠶ᠋ᠢ᠎ᠨᠠᠢᠳᠠᠪᠤᠷᠢᠵᠢᠭᠤᠯᠬᠤ᠎ᠲᠠᠶ᠎ᠤᠶᠠᠯᠳᠤᠭᠤᠯᠵᠤ᠂᠎ᠨᠠᠮ᠎ᠤᠨ᠎ᠨᠢᠭᠡᠳᠦᠮᠡᠯ᠎ᠹᠷᠣᠨᠲ᠎ᠤᠨ ᠴᠢᠳᠠᠪᠤᠷᠢᠲᠠᠨ᠎ᠢ ᠬᠥᠮᠦᠵᠢᠭᠦᠯᠦᠨ᠎ᠪᠣᠢᠵᠢᠭᠤᠯᠬᠤ᠎ᠭᠤᠤᠯ᠎ᠵᠢᠭ᠍ᠰᠠᠭᠠᠯ᠎ᠤᠨ᠎ᠭᠠᠵᠠᠷ᠎ᠤᠨ᠎ᠦᠶ᠋ᠯᠡᠳᠦᠯ᠎ᠢ᠎ᠦᠨᠡᠨ᠎ᠬᠦ᠌᠎ᠰᠠᠢᠲᠤᠷ᠎ᠪᠠᠳᠠᠷᠠᠭᠤᠯᠵᠤ᠂ ᠰᠤᠷᠤᠯᠴᠠᠯᠭ᠎ᠠ᠎ᠶ᠋ᠢᠨ ᠦᠷ᠎ᠡᠪᠦᠲᠦᠭᠡᠯ᠎ᠢ ᠨᠡᠢᠭᠡᠮ ᠲᠣᠭᠣᠷᠢᠭ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠪᠣᠳᠠᠲᠤ ᠠᠵᠢᠯᠯᠠᠭ᠎ᠠ ᠪᠣᠯᠭᠠᠨᠬᠤᠪᠢᠷᠠᠭᠤᠯᠤᠨ᠎ᠠ》 ᠭᠡᠵᠤ ᠬᠡᠯᠡᠪᠡ᠃

ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠳᠡᠳ᠋ᠫᠷᠤᠹᠸᠰᠰᠤᠷ ᠹᠠᠨ ᠹᠸᠩ ᠯᠢᠶᠠᠩ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢ ᠰᠣᠨᠣᠰᠤᠭᠠᠳ ᠮᠠᠰᠢ ᠶᠡᠭᠡ ᠣᠯᠤᠯᠲᠠᠲᠠᠢ᠃ ᠬᠣᠢᠱᠢᠳᠠ᠎ᠶ᠋ᠢᠨ ᠠᠵᠢᠯ᠎ᠤᠨ ᠳᠤᠮᠳᠠ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤᠵᠢᠷᠭᠤᠳᠤᠭᠠᠷ ᠪᠦᠬᠦᠳᠠ ᠬᠤᠷᠠᠯ᠎ᠠᠴᠠ ᠳᠤᠷᠠᠳᠤᠭ᠍ᠰᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡᠨᠤᠲᠠᠯᠠᠯᠲᠠ᠎ᠶ᠋ᠢ ᠭᠦᠨᠵᠡᠭᠡᠢ ᠰᠤᠳᠤᠯᠵᠤ᠂ ᠨᠠᠷᠢᠨ ᠬᠢᠨᠠᠮᠠᠭᠠᠢ ᠲᠠᠢᠯᠪᠤᠷᠢᠯᠠᠵᠤ᠂ ᠪᠦᠬᠦᠳᠠ ᠬᠤᠷᠠᠯ᠎ᠤᠨ ᠵᠣᠷᠢᠭᠰᠠᠨᠠᠭ᠎ᠠ᠎ᠶ᠋ᠢ ᠰᠠᠢᠲᠤᠷ ᠤᠬᠠᠭᠤᠯᠤᠨ ᠲᠠᠢᠯᠪᠤᠷᠢᠯᠠᠨ᠎ᠠ》 ᠭᠡᠵᠤ ᠬᠡᠯᠡᠨ᠎ᠠ᠃

ᠥᠪᠥᠷ ᠮᠣᠩᠭᠣᠯ᠎ᠤᠨ ᠨᠡᠢᠭᠡᠮ ᠵᠢᠷᠤᠮ᠎ᠤᠨ ᠳᠡᠭᠡᠳᠦ ᠰᠤᠷᠭᠠᠭᠤᠯᠢ᠎ᠶ᠋ᠢᠨ ᠨᠠᠢᠷᠠᠭᠤᠯᠬᠤᠬᠡᠯᠲᠡᠰ᠎ᠦᠨ ᠳᠡᠳ᠋ ᠬᠢᠨᠠᠨ ᠨᠠᠢᠷᠠᠭᠤᠯᠤᠭ᠍ᠴᠢ ᠹᠸᠩ ᠱᠢᠤᠸᠠᠨ᠄ 《ᠤᠬᠠᠭᠤᠯᠤᠨ ᠲᠠᠢᠯᠪᠤᠷᠢᠯᠠᠬᠤᠮᠡᠳᠡᠭᠦᠯᠦᠯᠲᠡ᠎ᠶ᠋ᠢ ᠰᠣᠨᠣᠰᠤᠭᠠᠳ ᠭᠦᠨ ᠰᠡᠩᠬᠡᠷᠡᠭᠦᠯᠦᠯ ᠣᠯᠵᠤ᠂ ᠶᠡᠬᠡᠳᠡ ᠵᠣᠷᠢᠭ᠍ᠵᠢᠪᠠ᠃ ᠨᠠᠮ᠎ᠤᠨ ᠣᠨᠣᠯ᠎ᠤᠨᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ᠨᠠᠮ᠎ᠤᠨ ᠱᠢᠨ᠎ᠡ᠎ᠶ᠋ᠢ ᠡᠭᠦᠳᠬᠦ᠌ ᠣᠨᠣᠯ᠎ᠤᠨ ᠤᠬᠠᠭᠤᠯᠭ᠎ᠠ ᠲᠠᠢᠯᠤᠮᠵᠢ᠎ᠶ᠋ᠢ ᠰᠠᠢᠲᠤᠷ ᠬᠢᠬᠦ᠌᠎ᠪᠡᠷ ᠳᠡᠮᠵᠢᠨ᠂ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ 〈ᠡᠬᠡᠯ ᠠᠷᠠᠳ᠎ᠤᠨ ᠬᠡᠷ᠎ᠲᠦᠬᠦᠷᠭᠡᠬᠦ᠌〉 ᠶ᠋ᠢ ᠠᠬᠢᠭᠤᠯᠤᠨ᠎ᠠ᠃ ᠪᠢᠳᠡ ᠬᠣᠶᠠᠳᠤᠭᠠᠷ ᠵᠠᠭᠤᠨ ᠵᠢᠯ᠎ᠦᠨᠲᠡᠮᠡᠴᠡᠬᠦ᠌ ᠬᠠᠷᠠᠯᠲᠠ᠎ᠶ᠋ᠢᠨ ᠱᠠᠭᠠᠷᠳᠠᠯᠭ᠎ᠠ᠎ᠪᠠᠷ ᠭᠣᠣᠯᠳᠠᠭᠤᠯᠵᠤ᠂ ᠨᠢᠭᠡᠳᠦᠮᠡᠯ ᠹᠷᠣᠨᠲ᠎ᠤᠨ ᠴᠢᠬᠤᠯᠠ ᠡᠷᠳᠡᠨᠢ᠎ᠶ᠋ᠢᠰᠠᠢᠲᠤᠷ ᠬᠡᠷᠡᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠᠦᠭᠡᠢ ᠪᠠᠲᠤ ᠴᠣᠭ᠍ᠴᠠᠯᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠪᠦᠬᠦ᠌ ᠣᠷᠣᠨ᠎ᠤ ᠨᠢᠭᠡᠳᠦᠮᠡᠯᠹᠷᠣᠨᠲ᠎ᠤᠨ ᠠᠵᠢᠯ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠤ ᠬᠡᠯᠡᠪᠡ᠃

ᠤᠷᠢᠬᠳᠠᠬᠰᠡᠨ ᠲᠠᠭᠠᠭᠠᠴᠢᠯᠡᠨ ᠬᠤᠯᠪᠤᠭᠠᠯᠠᠬᠤ ᠨᠡᠢᠭᠡᠮ ᠲᠣᠭᠣᠷᠢᠭ᠎ᠤᠨ ᠦᠨᠳᠦᠰᠦᠨᠱᠠᠲᠤᠨ᠎ᠤ ᠺᠠᠳ᠋ᠷ ᠹᠦ᠋ ᠱᠢᠶᠠᠨ ᠧ᠄ 《ᠦᠨᠳᠦᠰᠦᠨ ᠱᠠᠲᠤᠨ᠎ᠤ ᠺᠠᠳ᠋ᠷ ᠪᠣᠯᠤᠭ᠍ᠰᠠᠨ᠎ᠤᠬᠤᠪᠢ᠎ᠳᠤ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠡᠳᠭᠢᠯ᠎ᠳᠡᠭᠡᠨ ᠪᠠᠲᠤ ᠴᠡᠭᠡᠵᠢᠯᠡᠵᠦ᠍᠂ ᠪᠣᠳᠠᠲᠤ ᠠᠵᠢᠯᠯᠠᠭ᠎ᠠᠳ᠋ᠠᠭᠠᠨ ᠦᠢᠯᠡᠳᠤᠯᠭᠡᠵᠢᠬᠦᠯᠵᠤ᠂ ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠤᠬ ᠰᠠᠨᠠᠭ᠎ᠠ᠎ᠪᠠᠨ ᠰᠠᠬᠢᠵᠤ᠂ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠪᠡᠶᠡᠯᠡᠭᠦᠯᠬᠦ᠌᠎ᠳᠦ ᠬᠦᠴᠦ᠍ ᠨᠡᠮᠡᠷᠢᠯᠡᠨ᠎ᠡ》 ᠭᠡᠵᠤ ᠬᠡᠯᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面