ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2022-01-04 09:59:01

ᠵᠣᠬᠢᠶᠠᠭ᠍ᠴᠢ᠄ ᠪᠠᠢ ᠯᠢᠶᠠᠨ ᠣᠩᠱᠢᠭ᠍ᠰᠠᠨ ᠣᠳᠠᠭ᠎ᠠ᠄ 3

ᠤᠢ᠍ᠢᠷ᠎ᠠ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠥᠷ ᠮᠣᠩᠭᠣᠯ᠎ᠤᠨ ᠠᠵᠤ ᠦᠢᠯᠡᠳᠪᠦᠷᠢ᠎ᠶ᠋ᠢᠨ ᠶᠡᠬᠡᠰᠤᠷᠭᠠᠭᠤᠯᠢ᠎ᠳᠤ ᠭᠦᠨᠵᠡᠭᠡᠢᠷᠡᠵᠤ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ᠎ᠦᠨᠳᠡᠳ᠋ ᠳᠠᠷᠤᠭ᠎ᠠ ᠵᠠᠩ ᠴᠢᠨ 《ᠱᠢᠢᠳᠪᠦᠷᠢ᠎ᠡᠴᠡ ᠤᠶᠤᠨ ᠤᠬᠠᠭᠠᠨ ᠪᠠ ᠬᠦᠴᠦᠨ ᠴᠢᠳᠠᠯ ᠣᠯᠵᠤ ᠱᠢᠨ᠎ᠡ ᠠᠶᠠᠨ ᠳ᠋ᠤ ᠨᠡᠩᠠᠭᠤᠤ ᠶᠡᠬᠡ ᠢᠯᠠᠯᠲᠠ ᠪᠠ ᠦᠩᠬᠡ ᠬᠡᠷᠡᠯ ᠢ᠋ ᠲᠡᠮᠡᠴᠡᠨ ᠤᠯᠰᠤᠭᠠᠢ》 ᠭᠡᠬᠦ᠌ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠮᠡᠳᠡᠭᠦᠯᠦᠯᠳᠡᠨᠢ 《ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ〈ᠱᠢᠢᠳᠪᠦᠷᠢ 〉 ᠵᠢᠨ ᠴᠢᠮᠦᠬᠡᠪᠤᠯᠬᠤ ᠴᠢᠬᠤᠯᠠ ᠠᠭᠤᠯᠭ᠎ᠠ᠎ᠶ᠋ᠢ ᠡᠵᠡᠮᠳᠡᠶ᠎ᠠ》᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠠᠭᠤᠤ ᠶᠡᠬᠡ ᠠᠮᠵᠢᠯᠲᠠ ᠪᠦᠲᠦᠮᠵᠢ᠎ᠪᠡᠷ ᠢᠲᠡᠭᠡᠯᠪᠢᠰᠢᠷᠠᠯ ᠪᠠ ᠢᠳᠡᠬᠡᠯ ᠵᠣᠷᠢᠭ᠎ᠢᠶᠠᠨ ᠴᠢᠩᠭᠠᠳᠬᠠᠶ᠎ᠠ》᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ᠎ᠡᠴᠡ ᠤᠶᠤᠨ ᠤᠬᠠᠭᠠᠨᠪᠠ ᠬᠦᠴᠦᠨ ᠴᠢᠳᠠᠯ ᠣᠯᠵᠤ᠂ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠨᠠᠷᠢᠨ ᠬᠢᠨᠠᠮᠠᠭᠠᠢ ᠰᠠᠢᠲᠤᠷ ᠠᠳᠭᠤᠶ᠎ᠠ》 ᠵᠡᠷᠭᠡ ᠭᠤᠷᠪᠠᠨ ᠲᠠᠯ᠎ᠠ᠎ᠡᠴᠡ᠂ ᠨᠠᠮ᠎ᠤᠨ ᠠᠷᠪᠠ ᠶᠢᠰᠦᠳᠦᠭᠡᠷᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠠᠷᠪᠠᠨᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢᠲᠠᠢᠯᠪᠤᠷᠢᠯᠠᠪᠠ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠨᠢ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠳᠤᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠲᠠᠶ ᠨᠢᠭ᠍ᠲᠠ ᠤᠶᠠᠯᠳᠤᠭᠤᠯᠤᠨ᠂ᠭᠤᠤᠯ ᠰᠡᠳᠦᠪ᠎ᠨᠢ ᠢᠯᠡ ᠲᠣᠳᠣ᠂ ᠠᠭᠤᠯᠤᠭ᠍ᠳᠠᠬᠤᠨ᠎ᠨᠢ ᠪᠠᠶᠠᠯᠢᠭ ᠪᠠᠢᠵᠤ᠂ ᠥᠷᠭᠡᠨ ᠣᠯᠠᠨ ᠪᠠᠭ᠍ᠰᠢ ᠰᠤᠷᠤᠭ᠍ᠴᠢᠳ᠎ᠤᠨᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠬᠤ᠎ᠳᠤ ᠴᠢᠬᠤᠯᠠ ᠶᠡᠬᠡ ᠵᠢᠯᠣᠭᠣᠳᠭᠤᠠᠴᠢ ᠬᠣᠯᠪᠣᠭ᠍ᠳᠠᠯ᠎ᠲᠠᠶ ᠪᠤᠯᠪᠠ᠃

ᠲᠣᠰ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨᠨᠠᠮ᠎ᠤᠨ ᠬᠣᠷᠢᠶ᠎ᠠ ᠵᠢᠨ ᠱᠦᠵᠢ ᠸᠠᠩ ᠸᠸᠨ ᠬᠤᠸᠠ᠄ 《ᠤᠬᠠᠭᠤᠯᠤᠨ ᠲᠠᠢᠯᠪᠤᠷᠢᠯᠠᠬᠤᠮᠡᠳᠡᠭᠦᠯᠦᠯᠲᠡ ᠨᠢ ᠲᠠᠷᠢᠬᠢᠨ᠎ᠳᠤ ᠰᠠᠭᠤᠭᠳᠠᠵᠤ ᠰᠡᠳᠭᠢᠯ᠎ᠳᠦ ᠬᠠᠳᠠᠨᠭᠰᠢᠭᠰᠠᠨ ᠤᠨᠤᠯ᠎ᠤᠨ ᠵᠢᠯᠤᠭᠤᠳᠤᠯᠭ᠎ᠠᠪᠣᠯᠤᠭᠰᠠᠨ ᠪᠥᠭᠡᠳ ᠨᠢᠭᠡᠨ ᠤᠳᠠᠭ᠎ᠠ᠎ᠶ᠋ᠢᠨ ᠣᠨᠣᠪᠴᠢᠲᠤ ᠬᠠᠨᠳᠤᠯᠭ᠎ᠠ ᠲᠠᠢ ᠠᠵᠢᠯ᠎ᠤᠨ ᠵᠢᠯᠤᠭᠤᠳᠤᠯᠭ᠎ᠠ ᠪᠣᠯᠪᠠ᠂ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠪᠥᠬᠥᠳᠡ ᠬᠤᠷᠠᠯ ᠪᠠ ᠨᠠᠮ᠎ᠤᠨᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠢᠳᠡᠪᠬᠢᠲᠡᠶ ᠪᠥᠭᠡᠳ ᠰᠠᠨᠠᠭᠠᠴᠢᠯᠠᠭ᠎ᠠ᠎ᠡᠴᠡ᠎ᠪᠠᠨᠰᠠᠢᠲᠤᠷ ᠰᠤᠷᠤᠯᠴᠠᠵᠤ᠂ ᠰᠠᠢᠲᠤᠷ ᠰᠤᠳᠤᠯᠵᠤ᠂ ᠰᠠᠢᠲᠤᠷ ᠲᠠᠢᠯᠪᠤᠷᠢᠯᠠᠵᠤ᠂ ᠰᠠᠢᠲᠤᠷ ᠤᠬᠠᠭᠤᠯᠵᠤ᠂ ᠬᠤᠷᠠᠯ᠎ᠤᠨᠵᠣᠷᠢᠭ ᠰᠠᠨᠠᠭ᠎ᠠ᠎ᠶ᠋ᠢ ᠵᠢᠭᠠᠬᠤ ᠮᠠᠲ᠋ᠧᠷᠢᠶᠠᠯ᠎ᠳᠤ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ᠲᠠᠷᠢᠬᠢ ᠲᠣᠯᠣᠭᠠᠶ᠎ᠳᠤ ᠬᠠᠳᠠᠩᠰᠢᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠵᠠᠯᠠᠭᠤ ᠰᠤᠷᠤᠭ᠍ᠴᠢᠳ᠎ᠤᠨᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠲᠤᠬᠠᠶ ᠤᠯᠤᠰ ᠲᠥᠷᠥ᠎ᠶ᠋ᠢᠨᠬᠠᠮᠲᠤ᠎ᠶ᠋ᠢᠨ ᠲᠠᠨᠢᠯᠲᠠ᠂ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠂ ᠬᠠᠢᠷ᠎ᠠ ᠰᠡᠳᠭᠢᠯᠭᠡ᠎ᠶ᠋ᠢᠨ ᠬᠠᠮᠲᠤ᠎ᠶ᠋ᠢᠨᠲᠠᠨᠢᠯᠲᠠ᠎ᠶ᠋ᠢ ᠨᠡᠮᠡᠭ᠌ᠳᠡᠭᠦᠯᠵᠦ᠍᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠡᠭᠦᠷᠭᠡ᠎ᠶ᠋ᠢ ᠡᠭᠦᠷᠭᠡᠯᠡᠵᠦ᠍ᠳᠡᠢᠯᠬᠦ᠌ ᠴᠠᠭ ᠦᠶ᠎ᠡ᠎ᠶ᠋ᠢᠨ ᠱᠢᠨ᠎ᠡ ᠬᠥᠮᠦᠨ᠎ᠢ ᠬᠥᠮᠦᠵᠢᠭᠦᠯᠬᠦ᠌᠎ᠳᠦ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠠ》 ᠭᠡᠵᠤ ᠢᠯᠡᠳᠭᠡᠵᠠᠢ᠃

ᠲᠣᠰ ᠰᠤᠷᠭᠠᠭᠤᠯᠢ᠎ᠶ᠋ᠢᠨ ᠴᠠᠬᠢᠯᠭᠠᠨ ᠬᠦᠴᠦᠨ᠎ᠦ ᠳᠡᠭᠡᠳᠦ ᠰᠤᠷᠭᠠᠭᠤᠯᠢ᠎ᠶ᠋ᠢᠨᠳᠡᠳ᠋ ᠵᠠᠬᠢᠷᠤᠯ ᠯᠢᠦ ᠭᠤᠸᠠᠩ ᠴᠧᠨ᠂ ᠤᠬᠠᠭᠤᠯᠤᠨ ᠲᠠᠢᠯᠪᠤᠷᠢᠯᠠᠬᠤ ᠮᠡᠳᠡᠭᠦᠯᠦᠯᠳᠡ ᠨᠢ ᠪᠠᠢᠭᠠᠯᠢ ᠵᠢᠨ ᠱᠢᠨᠵᠢᠯᠡᠬᠦ᠌ᠤᠬᠠᠭᠠᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠥᠷᠭᠡᠨ ᠣᠯᠠᠨ ᠪᠠᠭ᠍ᠰᠢ ᠰᠤᠷᠤᠭ᠍ᠴᠢᠳ᠎ᠲᠤ ᠪᠥᠬᠥᠳᠡ ᠬᠤᠷᠠᠯᠪᠠ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠵᠡᠮᠱᠢᠬᠦᠯᠵᠦ᠍᠂ ᠠᠭᠤᠯᠤᠭ᠍ᠳᠠᠬᠤᠨ᠎ᠢᠣᠢᠯᠠᠭᠠᠭᠤᠯᠬᠤ᠎ᠳᠤ ᠪᠣᠳᠠᠲᠤ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠂ ᠪᠢᠳᠡ ᠮᠡᠷᠭᠡᠵᠢᠯ᠎ᠦᠨ ᠱᠢᠨ᠎ᠡ᠎ᠶ᠋ᠢᠡᠭᠦᠳᠬᠦ᠌ ᠪᠠ ᠴᠢᠳᠠᠪᠤᠷᠢᠲᠠᠨ ᠬᠥᠮᠦᠵᠢᠭᠦᠯᠬᠦ᠌ ᠵᠡᠷᠭᠡ ᠲᠠᠯ᠎ᠠ᠎ᠪᠠᠷ ᠦᠨᠡᠨ ᠬᠦ᠌ ᠬᠣᠯᠪᠣᠭ᠍ᠳᠠᠯ ᠪᠥᠬᠥᠶ ᠠᠷᠭ᠎ᠠᠬᠡᠮᠵᠢᠶ᠎ᠡ ᠠᠪᠴᠤ᠌᠂ ᠣᠷᠣᠨ ᠨᠤᠲᠤᠭ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠨᠠᠩ ᠰᠠᠢᠲᠤᠷ ᠦᠶ᠋ᠯᠡᠴᠢᠯᠡᠬᠦ᠌᠎ᠶ᠋ᠢᠨᠲᠥᠯᠥᠭᠡ ᠴᠢᠷᠮᠠᠢᠨ᠎ᠠ ᠭᠡᠵᠤ ᠢᠯᠡᠳᠭᠡᠪᠡ᠃ ᠲᠣᠰ ᠰᠤᠷᠭᠠᠭᠤᠯᠢ᠎ᠶ᠋ᠢᠨ ᠪᠠᠷᠢᠯᠭ᠎ᠠ᠎ᠶ᠋ᠢᠨ ᠳᠡᠭᠡᠳᠦ ᠰᠤᠷᠭᠠᠭᠤᠯᠢ᠎ᠶ᠋ᠢᠨᠨᠠᠮ᠎ᠤᠨ ᠬᠣᠷᠢᠶ᠎ᠠ ᠵᠢᠨ ᠲᠤᠰᠭᠠᠶ ᠲᠤᠱᠢᠶᠠᠯᠲᠤ ᠵᠣᠬᠢᠶᠠᠨ ᠪᠠᠢᠭᠤᠯᠤᠭ᠍ᠴᠢ ᠰᠡᠴᠡᠨ᠄ 《ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠠᠸ᠋ᠭ᠎ᠠ ᠶᠡᠬᠡ ᠲᠡᠦᠬᠡ᠎ᠶ᠋ᠢᠨ ᠦᠵᠡᠯᠲᠡᠪᠠ ᠱᠢᠨᠵᠢᠯᠡᠬᠦ᠌ ᠤᠬᠠᠭᠠᠨᠴᠢ ᠨᠠᠮ᠎ᠤᠨ ᠲᠡᠦᠬᠡ᠎ᠶ᠋ᠢᠨ ᠦᠵᠡᠯᠲᠡ᠎ᠪᠡᠷ ᠨᠠᠮ᠎ᠤᠨ ᠵᠠᠭᠤᠨ ᠵᠢᠯ᠎ᠦᠨ ᠲᠡᠮᠡᠴᠡᠯ᠎ᠦᠨᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢᠲᠣᠳᠣᠷᠬᠠᠢᠯᠠᠨ ᠥᠭᠦᠯᠡᠪᠡ᠂ ᠪᠢ ᠡᠭᠦᠨ ᠡᠴᠡ ᠣᠶᠤᠨ ᠰᠠᠨᠠᠭᠠᠨ᠎ᠤ ᠬᠦᠴᠦᠨ ᠴᠢᠳᠠᠯ ᠣᠯᠵᠤ᠂ ᠢᠲᠡᠭᠡᠯ ᠵᠣᠷᠢᠭ᠎ᠢᠶᠠᠨᠨᠡᠮᠡᠭ᠌ᠳᠡᠭᠦᠯᠦᠨ᠂ ᠨᠠᠮ᠎ᠤᠨ ᠪᠠᠢᠭᠤᠯᠤᠯᠲᠠ᠎ᠶ᠋ᠢᠨ ᠡᠮᠦᠨ᠎ᠡ ᠹᠷᠣᠨᠲ ᠤ᠋ᠨ ᠠᠵᠢᠯ ᠳᠤᠮᠳᠠ ᠨᠠᠮ᠎ᠤᠨ ᠲᠥᠯᠥᠭᠡ ᠬᠥᠮᠦᠨ ᠬᠥᠮᠦᠵᠢᠭᠦᠯᠬᠦ᠌᠂ ᠤᠯᠤᠰ᠎ᠤᠨ ᠲᠥᠯᠥᠭᠡ ᠴᠢᠳᠠᠪᠤᠷᠢᠲᠠᠨᠬᠥᠮᠦᠵᠢᠭᠦᠯᠬᠦ᠌ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠲᠠᠰᠤᠷᠠᠯᠲᠠ ᠥᠬᠡᠶ ᠦᠶ᠋ᠯᠡᠳᠦᠯᠭᠡᠵᠢᠭᠦᠯᠦᠨ᠎ᠡ》 ᠭᠡᠵᠠᠢ᠃

ᠲᠣᠰ ᠰᠤᠷᠭᠠᠭᠤᠯᠢ᠎ᠶ᠋ᠢᠨ ᠮᠧᠬᠠᠨᠢᠭ᠎ᠤᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶ᠋ᠢᠨᠰᠣᠷᠣᠭ᠍ᠴᠢ ᠳ᠋ᠧᠩ ᠵᠢᠶᠧ᠄ 《ᠥᠨᠥᠳᠦᠷ᠎ᠦᠨ ᠮᠡᠳᠡᠬᠦᠯᠦᠯᠳᠡ ᠵᠢ ᠰᠣᠨᠣᠰᠤᠭᠠᠳ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ ᠪᠠᠶᠠᠯᠢᠭ ᠠᠭᠤᠯᠤᠭ᠍ᠳᠠᠬᠤᠨᠪᠠ ᠭᠣᠣᠯ ᠠᠭᠤᠯᠭ᠎ᠠ᠎ᠶ᠋ᠢ ᠨᠡᠩ ᠭᠦᠨᠵᠡᠭᠡᠢ ᠣᠢᠯᠠᠭᠠᠪᠠ᠃ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠭᠡᠱᠢᠭᠦᠨᠪᠣᠯᠤᠭ᠍ᠰᠠᠨ᠎ᠤ ᠬᠤᠪᠢ᠎ᠳᠤ᠂ ᠪᠢ ᠰᠤᠷᠤᠯᠴᠠᠬᠤ ᠴᠠᠭ ᠮᠥᠴᠡ᠎ᠪᠡᠨ ᠨᠡᠩ ᠨᠠᠨᠳᠢᠩᠨᠠᠵᠤ᠂ ᠰᠠᠭᠤᠷᠢ᠎ᠪᠠᠨ ᠰᠠᠢ᠌ᠨᠲᠠᠯᠪᠢᠵᠤ᠂ ᠲᠡᠭᠦᠰᠦᠭ᠌ᠰᠡᠨ᠎ᠦ᠎ᠲᠠᠷᠠᠭ᠎ᠠ ᠠᠷᠠᠳ ᠲᠦᠮᠡᠨ᠎ᠦ ᠬᠠᠮᠤᠭ᠎ᠤᠨ ᠬᠡᠷᠡᠭ᠌ᠴᠡᠭᠡ᠎ᠲᠡᠶ ᠭᠠᠵᠠᠷ᠎ᠲᠤ ᠬᠦᠷᠴᠦ᠍᠂ᠤᠯᠤᠰ᠎ᠢᠶᠠᠨ ᠬᠠᠢᠷᠠᠯᠠᠬᠤ ᠰᠡᠳᠭᠢᠯ᠎ᠢᠶᠡᠨ ᠤᠯᠤᠰ᠎ᠲᠠᠭᠠᠨ ᠵᠢᠳᠬᠦᠬᠦ᠌ ᠪᠤᠳᠠᠳᠤ ᠠᠵᠢᠯᠯᠠᠭ᠎ᠠ ᠪᠣᠯᠭᠠᠵᠤ ᠦᠢᠯᠡᠳᠦᠯᠬᠡᠵᠢᠬᠦᠯᠦᠨ᠎ᠡ》 ᠭᠡᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面