ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-12-27 09:50:29

ᠵᠣᠬᠢᠶᠠᠭ᠍ᠴᠢ᠄ ᠪᠠᠢ ᠯᠢᠶᠠᠨ ᠣᠩᠱᠢᠭ᠍ᠰᠠᠨ ᠣᠳᠠᠭ᠎ᠠ᠄ 3

12ᠰᠠᠷ᠎ᠠ᠎ᠶ᠋ᠢᠨ20᠎ᠤ᠋ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤᠪᠦᠯᠬᠦᠮ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠦᠨᠳᠦᠰᠦᠲᠡᠨ ᠪᠠ ᠱᠠᠱᠢᠨᠰᠤᠷᠲᠠᠬᠤᠨ᠎ᠤ ᠵᠥᠪᠯᠡᠯ᠎ᠦᠨ ᠬᠤᠪᠢᠶᠠᠷᠢ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠡᠷᠬᠢᠯᠡᠭ᠌ᠴᠢ ᠭᠤᠤ ᡁᠢᠮᠢᠩ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨᠲᠤᠷᠱᠢᠯᠭ᠎ᠠ᠎ᠡᠴᠡ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡᠬᠠᠭᠤᠳᠠᠰᠤ᠎ᠶ᠋ᠢ ᠪᠢᠴᠢᠭ᠌ᠯᠡᠶ᠎ᠡ》 ᠭᠡᠬᠦ᠌ ᠰᠡᠳᠦᠪ᠎ᠢᠶᠡᠷ ᠤᠬᠠᠭᠤᠯᠤᠨᠲᠠᠢᠯᠪᠤᠷᠢᠯᠠᠬᠤ ᠮᠡᠳᠡᠭᠦᠯᠦᠯᠲᠡ ᠬᠢᠪᠡ᠃ ᠮᠡᠳᠡᠭᠦᠯᠦᠯᠲᠡ᠎ᠳᠦ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠶ᠎ᠠ》᠂ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨ ᠪᠣᠯᠤᠨᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ ᠲᠠᠨᠢᠶ᠎ᠠ》᠂ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢᠯᠠᠪᠳᠠᠭᠤᠨ ᠪᠠᠲᠤᠲᠠᠢ ᠠᠬᠢᠭᠤᠯᠤᠶ᠎ᠠ》ᠭᠡᠬᠦ᠌ ᠭᠤᠷᠪᠠᠨ ᠲᠠᠯ᠎ᠠ᠎ᠡᠴᠡ᠂ ᠨᠠᠮ᠎ᠤᠨ᠎ᠠᠷᠪᠠ ᠶᠢᠰᠦᠳᠦᠭᠡᠷᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠭᠦᠨᠵᠡᠭᠡᠢ ᠨᠡᠪᠲᠡᠷᠬᠡᠢ ᠲᠣᠳᠣᠷᠬᠠᠢᠯᠠᠨ ᠥᠭᠦᠯᠡᠪᠡ᠃ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯᠰᠡᠳᠦᠪ ᠢᠯᠡ ᠲᠣᠳᠣ᠂ ᠠᠭᠤᠯᠭ᠎ᠠ ᠪᠠᠶᠠᠯᠢᠭ᠂ ᠤᠨᠤᠯ᠎ᠤᠨ ᠦᠨᠳᠦᠷᠴᠡ ᠲᠠᠢ ᠪᠥᠭᠡᠳ ᠪᠣᠳᠠᠲᠤ ᠠᠴᠢ ᠬᠣᠯᠪᠣᠭ᠍ᠳᠠᠯ᠎ᠲᠠᠶᠪᠠᠢᠵᠤ᠂ ᠥᠷᠭᠡᠨ ᠤᠯᠠᠨ ᠪᠠᠭ᠍ᠰᠢ ᠰᠤᠷᠤᠭ᠍ᠴᠢᠳ᠎ᠤᠨ ᠬᠣᠶᠠᠷ ᠤᠳᠠᠭ᠎ᠠ᠎ᠶ᠋ᠢᠨ ᠴᠢᠬᠤᠯᠠ ᠬᠤᠷᠠᠯ᠎ᠤᠨ ᠵᠣᠷᠢᠭ ᠰᠠᠨᠠᠭ᠎ᠠ᠎ᠶ᠋ᠢᠣᠨᠣᠪᠴᠢᠲᠠᠢ ᠣᠢᠯᠠᠭᠠᠬᠤ ᠪᠠ ᠡᠵᠡᠮᠱᠢᠬᠦ᠌᠎ᠳᠦ ᠴᠢᠬᠤᠯᠠ ᠬᠠᠪᠰᠤᠷᠤᠯᠭ᠎ᠠ ᠬᠠᠩᠭᠠᠪᠠ᠃

ᠥᠪᠥᠷ ᠮᠣᠩᠭᠣᠯ᠎ᠤᠨ ᠠᠨᠠᠭᠠᠬᠤᠤᠬᠠᠭᠠᠨ᠎ᠤ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠨᠠᠮ᠎ᠤᠨ ᠶᠡᠷᠦᠩᠬᠡᠶᠡᠭᠦᠷ᠎ᠦᠨ ᠱᠦᠵᠢ᠂ ᠬᠣᠷᠢᠶᠠᠨ ᠳᠠᠷᠤᠭ᠎ᠠ ᠶᠤᠸᠠᠢ ᠳ᠋ᠦᠩ ᠴᠢᠩ᠂ ᠶᠡᠬᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠᠤᠯᠤᠰ ᠲᠥᠷᠥ᠎ᠶ᠋ᠢᠨ ᠣᠨᠣᠯ᠎ᠤᠨ ᠪᠠᠭ᠍ᠰᠢ ᠪᠣᠯᠤᠭ᠍ᠰᠠᠨ᠎ᠤ ᠬᠤᠪᠢ᠎ᠳᠤ᠂ ᠲᠡᠷᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡᠬᠤᠷᠠᠯ᠎ᠤᠨ ᠵᠣᠷᠢᠭ ᠰᠠᠨᠠᠭᠠᠨ᠎ᠤ ᠬᠠᠷᠠᠯᠲᠠ ᠱᠠᠭᠠᠷᠳᠠᠯᠭ᠎ᠠ᠎ᠶ᠋ᠢ ᠣᠨᠣᠪᠴᠢᠲᠠᠢ ᠡᠵᠡᠮᠳᠡᠵᠦ᠂ ᠦᠵᠡᠯ ᠰᠠᠨᠠᠭ᠎ᠠᠤᠯᠤᠰ ᠲᠥᠷᠥ᠎ᠶ᠋ᠢᠨ ᠬᠥᠮᠦᠵᠢᠯ᠎ᠦᠨ ᠠᠵᠢᠯ᠎ᠢ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠᠲᠠᠢ ᠨᠢᠭᠡᠳᠭᠡᠵᠦ᠂ ᠬᠤᠷᠠᠯ᠎ᠤᠨ ᠵᠣᠷᠢᠭ ᠰᠠᠨᠠᠭ᠎ᠠ᠎ᠶ᠋ᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨᠵᠢᠭᠠᠨ ᠰᠤᠷᠭᠠᠯᠲᠠ᠎ᠳᠤ ᠪᠦᠲᠦᠮᠵᠢᠲᠡᠶ ᠠᠭᠤᠰᠤᠯᠴᠠᠭᠤᠯᠵᠤ᠂ ᠨᠠᠮ᠎ᠤᠨ ᠵᠠᠭᠤᠨ ᠵᠢᠯ ᠤ᠋ᠨ ᠭᠡᠷᠡᠯ ᠰᠠᠴᠤᠷᠠᠩᠭᠤᠶᠲᠡᠤᠬᠡᠨ ᠶᠠᠪᠤᠴᠠ ᠲᠠᠢ ᠤᠶᠠᠯᠳᠤᠭᠤᠯᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷᠪᠥᠬᠥᠳᠡ ᠬᠤᠷᠠᠯ᠎ᠤᠨ ᠠᠵᠢᠯᠯᠠᠭᠠᠨ᠎ᠤ ᠪᠠᠢᠷᠢᠯᠠᠭᠤᠯᠤᠯᠲᠠ᠎ᠶ᠋ᠢ ᠲᠠᠢᠯᠪᠤᠷᠢᠯᠠᠵᠦ᠂ ᠬᠤᠷᠠᠯ᠎ᠤᠨ ᠵᠣᠷᠢᠭ ᠰᠠᠨᠠᠭ᠎ᠠ᠎ᠶ᠋ᠢ᠎ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ᠂ ᠲᠠᠷᠢᠬᠢ ᠲᠣᠯᠣᠭᠠᠶᠵᠢ ᠨᠢ ᠵᠡᠪᠰᠡᠭᠯᠡᠬᠦ ᠵᠢ ᠠᠬᠢᠭᠤᠯᠵᠤ᠂ ᠥᠷᠭᠡᠨ ᠣᠯᠠᠨ ᠰᠤᠷᠤᠭ᠍ᠴᠢᠳ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨᠵᠠᠯᠭᠠᠮᠵᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢᠯᠠᠵᠤ᠂ ᠱᠢᠨ᠎ᠡ ᠴᠠᠭ ᠦᠶ᠎ᠠ᠎ᠳᠤ ᠭᠠᠪᠢᠶ᠎ᠠ ᠪᠠᠢᠭᠤᠯᠬᠤ᠎ᠶ᠋ᠢᠵᠢᠯᠣᠭᠣᠳᠤᠨ᠎ᠠ ᠭᠡᠵᠦ ᠢᠯᠡᠳᠭᠡᠪᠡ᠃

ᠲᠣᠰ ᠰᠤᠷᠭᠠᠭᠤᠯᠢ᠎ᠶ᠋ᠢᠨ ᠡᠪᠯᠡᠯ᠎ᠦᠨ ᠬᠣᠷᠢᠶᠠᠨ᠎ᠤ ᠳᠡᠳ᠋ ᠱᠦᠵᠢ ᠹᠦ᠋ ᠬᠣᠩᠳ᠋ᠠᠨ᠄《ᠡᠨᠡ ᠡᠳᠤᠷ᠎ᠦᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠪᠢ ᠨᠠᠮ᠎ᠤᠨ ᠠᠷᠪᠠ ᠶᠢᠰᠦᠳᠦᠭᠡᠷᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠂ᠡᠯᠪᠡᠭ ᠪᠠᠶᠠᠯᠢᠭ ᠠᠭᠤᠯᠤᠭ᠍ᠳᠠᠬᠤᠨ ᠪᠠ ᠭᠤᠤᠯ ᠴᠢᠬᠤᠯᠠ ᠠᠭᠤᠯᠭ᠎ᠠ᠎ᠶ᠋ᠢ ᠨᠠᠩ ᠭᠦᠨᠵᠡᠭᠡᠶ ᠣᠢᠯᠠᠭᠠᠪᠠ᠃ ᠨᠠᠮ᠎ᠤᠨᠭᠡᠱᠢᠭᠦᠨ ᠪᠠ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠳᠡᠭᠡᠳᠦ ᠬᠡᠮᠵᠢᠶᠡᠨ᠎ᠦᠤᠯᠤᠰ ᠲᠦᠷᠦ᠍᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭ᠎ᠠ᠎ᠶ᠋ᠢᠨ ᠤᠬᠠᠮᠰᠠᠷ᠎ᠢᠶᠠᠷ ᠠᠵᠢᠯ᠎ᠤᠨ᠎ᠪᠠᠢᠷᠢ᠎ᠳᠠᠭᠠᠨ ᠰᠠᠭᠤᠷᠢᠯᠠᠨ ᠯᠠᠪᠳᠠᠭᠤᠨ ᠪᠠᠲᠤᠲᠠᠢ ᠠᠵᠢᠯᠯᠠᠵᠤ᠂ ᠵᠠᠯᠠᠭᠤ ᠰᠤᠷᠤᠭ᠍ᠴᠢᠳ᠎ᠤᠨ ᠵᠣᠷᠢᠭ᠍ᠲᠠᠢ᠎ᠪᠠᠷᠬᠠᠷᠢᠭᠤᠴᠠᠯᠭ᠎ᠠ ᠡᠭᠦᠷᠭᠡᠯᠡᠬᠦ᠌᠎ᠶ᠋ᠢ ᠬᠦᠲᠦᠯᠦᠨ ᠵᠢᠯᠣᠭᠣᠳᠴᠤ᠌᠂ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ᠎ᠪᠡᠷᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡᠬᠤᠷᠠᠯ᠎ᠡᠴᠡ ᠲᠣᠭ᠍ᠲᠠᠭᠠᠭ᠍ᠰᠠᠨ ᠠᠤᠭ᠎ᠠ ᠬᠠᠷᠠᠯᠲᠠ᠎ᠶ᠋ᠢ ᠪᠡᠶᠡᠯᠡᠭᠦᠯᠬᠦ᠌᠎ᠳᠦ ᠢᠳᠡᠪᠬᠢᠲᠡᠢ ᠬᠤᠪᠢ ᠨᠡᠮᠡᠷᠢᠦᠵᠡᠭᠦᠯᠦᠨ᠎ᠡ》 ᠭᠡᠵᠦᠬᠡᠯᠡᠪᠡ᠃

ᠲᠤᠰ ᠰᠤᠷᠭᠠᠭᠤᠯᠢ᠎ᠶ᠋ᠢᠨ ᠬᠢᠲᠠᠳᠡᠮᠨᠡᠯᠭᠡ᠎ᠶ᠋ᠢᠨ ᠳᠡᠭᠡᠳᠦ ᠰᠤᠷᠭᠠᠭᠤᠯᠢ᠎ᠶ᠋ᠢᠨ ᠶᠠᠰᠤᠨ᠎ᠤ ᠭᠡᠮᠲᠦᠯ᠎ᠤᠨ ᠵᠢᠭᠠᠨ ᠰᠤᠳᠤᠯᠬᠤ ᠲᠠᠰᠤᠭ᠎ᠤᠨ ᠪᠠᠭ᠍ᠰᠢᠯᠢ ᠱᠤ᠌ ᠶᠠᠩ᠄ 《ᠡᠨᠡ ᠡᠳᠤᠷ᠎ᠦᠨ ᠤᠬᠠᠭᠤᠯᠤᠨ ᠲᠠᠢᠯᠪᠤᠷᠢᠯᠠᠯᠲᠠ ᠨᠢ ᠨᠠᠳᠠ᠎ᠳᠤ ᠮᠠᠰᠢ ᠶᠡᠬᠡ ᠠᠱᠢᠭᠬᠦᠷᠲᠡᠭᠡᠵᠡᠢ᠃ ᠪᠢ ᠡᠭᠦᠷᠭᠡᠲᠦ ᠰᠡᠳᠭᠢᠯᠭᠡ᠂ ᠬᠠᠷᠢᠭᠤᠴᠠᠯᠭᠠᠲᠤ ᠰᠡᠳᠭᠢᠯᠭᠡ᠎ᠪᠡᠨ ᠲᠠᠰᠤᠷᠠᠯᠲᠠ ᠦᠭᠡᠢ ᠴᠢᠩᠭᠠᠳᠭᠠᠵᠤ᠂ᠨᠠᠮ᠎ᠤᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡ᠎ᠶ᠋ᠢᠨ ᠲᠤᠷᠱᠢᠯᠭ᠎ᠠ᠎ᠡᠴᠡ ᠤᠷᠤᠭ᠍ᠰᠢᠯᠠᠯᠲᠠ᠎ᠶ᠋ᠢᠨᠬᠦᠴᠦᠨ᠎ᠢ ᠱᠢᠩᠭᠡᠭᠡᠨ ᠠᠪᠴᠤ᠌᠂ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠢᠯ ᠬᠢᠵᠦ᠍ ᠦᠢᠯᠡᠰ ᠪᠤᠰᠭᠠᠬᠤ ᠣᠷᠭᠢᠯᠤᠮ᠎ᠠᠬᠠᠯᠠᠭᠤᠨ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠬᠣᠢᠱᠢᠳᠠ᠎ᠶ᠋ᠢᠨ ᠠᠵᠢᠯ ᠳᠤᠮᠳᠠ᠎ᠪᠠᠨ ᠶᠣᠰᠣ ᠰᠤᠷᠲᠠᠬᠤᠨ᠎ᠢᠶᠠᠷᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ᠎ᠳᠦ ᠰᠠᠭᠤᠷᠢᠯᠠᠨ᠂ ᠵᠢᠭᠠᠨ ᠰᠤᠷᠭᠠᠯᠲᠠ᠎ᠶ᠋ᠢᠨ ᠠᠵᠢᠯ᠎ᠢ ᠰᠡᠳᠭᠢᠯᠲᠠᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦ᠍ ᠣᠷᠣᠭᠤᠯᠤᠨ ᠰᠠᠢᠲᠤᠷ ᠬᠢᠵᠦ᠍᠂ ᠱᠢᠨᠵᠢᠯᠡᠬᠦ᠌ ᠤᠬᠠᠭᠠᠨ᠎ᠤᠰᠤᠳᠤᠯᠭᠠᠨ᠎ᠤ ᠴᠢᠳᠠᠪᠤᠷᠢ᠎ᠪᠠᠨ ᠥᠷᠭᠡᠳᠭᠡᠨ᠂ ᠴᠤᠭ ᠪᠠᠳᠠᠷᠠᠩᠭᠤᠢ ᠡᠷᠴᠢ ᠵᠣᠷᠢᠭ᠎ᠢᠶᠠᠷ 〈ᠡᠷᠡᠭᠦᠯ ᠡᠩᠬᠡ ᠥᠪᠥᠷ ᠮᠣᠩᠭᠣᠯ〉 ᠎ᠢ᠋ ᠪᠦᠲᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠢᠯᠡᠳᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面