ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2021-12-28 09:21:30

ᠵᠣᠬᠢᠶᠠᠭ᠍ᠴᠢ᠄ ᠯᠢ ᠼᠦᠨ ᠰᠢᠶᠠ ᠣᠩᠱᠢᠭ᠍ᠰᠠᠨ ᠣᠳᠠᠭ᠎ᠠ᠄ 3

ᠲᠦᠷᠦᠭᠦᠬᠡᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ ᠤ᠋ ᠲᠦᠪᠬᠤᠷᠢᠶ᠎ᠠ ᠵᠢᠨ ᠵᠢᠷᠭᠤᠳᠤᠭᠠᠷ ᠪᠦᠭᠦᠳᠡ ᠬᠤᠷᠠᠯ ᠤ᠋ᠨ ᠵᠤᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤᠦᠪᠡᠷᠳᠡᠭᠡᠨ ᠵᠠᠰᠠᠬᠤ ᠤᠷᠤᠨ ᠤ᠋ ᠤᠬᠠᠭᠤᠯᠤᠨ ᠲᠠᠢᠯᠪᠤᠷᠢᠯᠠᠬᠤ ᠪᠦᠯᠭᠦᠮ ᠦᠪᠦᠷ ᠮᠤᠩᠭᠤᠯ᠎ᠤᠨ ᠦᠪᠡᠷᠳᠡᠭᠡᠨ ᠵᠠᠰᠠᠬᠤᠤᠷᠤᠨ ᠤ᠋ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭᠠᠭᠤᠯᠢ ᠳ᠋ᠤ ᠤᠬᠠᠭᠤᠯᠤᠨ ᠲᠠᠢᠯᠪᠤᠷᠢᠯᠠᠵᠠᠢ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨᠪᠦᠷᠢᠯᠳᠦᠬᠦᠨ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨᠫᠷᠤᠹᠸᠰᠰᠤᠷ ᠱᠢᠤᠢ ᠴᠧᠩ ᠹᠠᠩ᠂ 《 ᠪᠦᠬᠦ᠌ ᠲᠠᠯ᠎ᠠᠪᠠ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ ᠬᠡᠷᠡᠭᠳᠠᠢ》᠂ 《 ᠨᠠᠮ᠎ᠤᠨ ᠠᠷᠪᠠᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢᠨᠪᠠᠶᠠᠯᠢᠭ ᠠᠭᠤᠯᠤᠭ᠍ᠳᠠᠬᠤᠨ ᠪᠠ ᠭᠣᠣᠯ ᠠᠭᠤᠯᠭ᠎ᠠ᠎ᠶ᠋ᠢ ᠭᠦᠨᠵᠡᠭᠡᠢ ᠣᠢᠯᠠᠭᠠᠬᠤ ᠬᠡᠷᠡᠭ᠌ᠲᠡᠢ 》᠂ 《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠠᠷᠪᠠ ᠶᠢᠰᠦᠳᠦᠭᠡᠷᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤᠪᠣᠳᠠᠲᠠᠶ ᠨᠠᠢᠳᠠᠪᠤᠷᠢᠵᠢᠭᠤᠯᠬᠤ ᠵᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠠᠢ》 ᠵᠡᠷᠭᠡ ᠭᠤᠷᠪᠠᠨ ᠲᠠᠯ᠎ᠠ ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ᠲᠠᠯ᠎ᠠ᠎ᠪᠠᠷ ᠱᠢᠰᠲ᠋ᠧᠮ ᠲᠠᠢ ᠲᠠᠢᠯᠪᠤᠷᠢᠯᠠᠪᠠ᠃

ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠭᠣᠣᠯ ᠰᠡᠳᠦᠪᠨᠢ ᠢᠯᠡ ᠲᠣᠳᠣ᠂ ᠡᠮᠬᠢ ᠲᠢᠭᠯᠢᠮ ᠲᠠᠢ᠂ ᠠᠭᠤᠯᠭ᠎ᠠ ᠨᠢ ᠪᠠᠶᠠᠯᠢᠭ ᠪᠠᠢᠵᠤ᠂ ᠥᠷᠭᠡᠨ ᠤᠯᠠᠨ ᠪᠠᠭ᠍ᠰᠢ ᠠᠵᠢᠯᠳᠠᠨᠠᠵᠢᠯᠴᠢᠨ ᠪᠣᠯᠤᠨ ᠵᠠᠯᠠᠭᠤ ᠰᠤᠷᠤᠭ᠍ᠴᠢᠳ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠢ ᠣᠢᠯᠠᠭᠠᠬᠤ᠎ᠳᠤᠮᠠᠰᠢ ᠴᠢᠩᠭ᠎ᠠ ᠵᠢᠯᠣᠭᠣᠳᠭᠤ ᠦᠢᠯᠡᠳᠦᠯ᠎ᠲᠡᠶ ᠶᠤᠮ᠃

ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ᠎ᠶ᠋ᠢᠨᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶ᠋ᠢᠨ ᠯᠧᠺᠲ᠋ᠣᠷ ᠶᠠᠩ ᠯᠢ ᠵᠢᠶᠧ᠄ 《ᠱᠢᠤᠢ ᠫᠷᠤᠹᠧᠰᠰᠤᠷ᠎ᠤᠨᠤᠬᠠᠭᠤᠯᠤᠨ ᠲᠠᠢᠯᠪᠤᠷᠢᠯᠠᠭᠰᠠᠨ ᠨᠢ ᠤᠨᠤᠯ᠎ᠤᠨ ᠦᠨᠳᠦᠷᠴᠡ ᠲᠠᠢ ᠪᠥᠭᠡᠳ ᠦᠢᠯᠡᠳᠦᠯᠭᠡ᠎ᠶ᠋ᠢᠨ ᠭᠦᠨᠴᠡ᠎ᠲᠡᠶ ᠪᠠᠢᠵᠤ᠂ᠨᠠᠳᠠ᠎ᠳᠤ ᠮᠠᠰᠢ ᠶᠡᠬᠡ ᠠᠱᠢᠭ ᠬᠦᠷᠲᠡᠭᠡᠵᠡᠢ᠃ ᠶᠡᠬᠡ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰᠲᠦᠷᠦ᠍᠎ᠶ᠋ᠢᠨ ᠬᠢᠴᠢᠶᠡᠯ᠎ᠦᠨ ᠲᠤᠰᠭᠠᠢ ᠪᠠᠭ᠍ᠰᠢ ᠪᠣᠯᠤᠭ᠍ᠰᠠᠨ᠎ᠤ ᠬᠤᠪᠢ᠎ᠳᠤ᠂ ᠪᠢ ᠲᠤᠬᠠᠢᠯᠠᠭ᠍ᠰᠠᠨ ᠠᠵᠢᠯ᠎ᠳᠠᠭᠠᠨᠰᠠᠭᠤᠷᠢᠯᠠᠵᠤ᠂ ᠤᠶᠤᠲᠠᠳ᠎ᠢ ᠢᠳᠡᠪᠬᠢᠲᠡᠢ ᠬᠦᠳᠦᠯᠥᠨ ᠳᠠᠭᠠᠭᠤᠯᠵᠤ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭ᠍ᠳᠠᠬᠤᠨᠪᠣᠯᠤᠨ ᠭᠣᠣᠯ ᠴᠢᠬᠤᠯᠠ ᠠᠭᠤᠯᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ᠎ᠤᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠭᠦᠨᠵᠡᠭᠡᠢ ᠣᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠲᠠᠶ ᠦᠨᠡᠨ ᠬᠦ᠌ ᠨᠢᠭᠡᠳᠭᠡᠨ᠎ᠡ》 ᠭᠡᠵᠤ ᠬᠡᠯᠡᠪᠡ᠃

《ᠤᠬᠠᠭᠤᠯᠤᠨ ᠲᠠᠢᠯᠪᠤᠷᠢᠯᠠᠬᠤᠮᠡᠳᠡᠭᠦᠯᠦᠯᠲᠡ ᠨᠢ ᠭᠣᠢᠳᠠ ᠰᠠᠢᠬᠠᠨ ᠪᠥᠭᠡᠳ ᠠᠮᠢᠳᠤᠯᠢᠭ᠂ ᠠᠭᠤᠯᠤᠭ᠍ᠳᠠᠬᠤᠨ ᠨᠢ ᠪᠠᠶᠠᠯᠢᠭ ᠪᠠᠢᠵᠤ᠂ ᠰᠣᠨᠣᠰᠤᠭ᠍ᠰᠠᠨ᠎ᠤᠳᠠᠷᠠᠭ᠎ᠠ ᠭᠦᠨ ᠲᠦᠷᠦᠭ᠌ᠳᠡᠯ᠎ᠲᠡᠶ ᠪᠣᠯᠵᠠᠢ᠃ ᠶᠡᠬᠡ ᠳᠡᠭᠡᠳᠦ ᠰᠤᠷᠭᠠᠭᠤᠯᠢ᠎ᠶ᠋ᠢᠨ ᠵᠢᠯᠤᠭᠤᠳᠤᠭ᠍ᠴᠢ ᠪᠠᠭᠰᠢᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷᠪᠦᠬᠦᠳᠠ ᠬᠤᠷᠠᠯ᠎ᠤᠨ ᠎ᠵᠣᠷᠢᠭ ᠎ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨᠣᠢᠯᠠᠭᠠᠵᠤ᠂ ᠭᠦᠨᠵᠡᠭᠡᠢ ᠤᠢ᠍ᠢᠯᠠᠭᠠᠨ ᠡᠵᠡᠮᠱᠢᠨ᠎ᠡ᠃ ᠮᠢᠨᠦ᠍ ᠦᠵᠡᠬᠦ᠌᠎ᠪᠡᠷ᠂ ᠬᠣᠢᠱᠢᠳᠠ᠎ᠶ᠋ᠢᠨ ᠰᠤᠷᠤᠭ᠍ᠴᠢᠳ᠎ᠤᠨᠠᠵᠢᠯ ᠳᠤᠮᠳᠠ᠂ ᠪᠢᠳᠡ ᠡᠪᠯᠡᠯ᠎ᠦᠨ ᠡᠳᠦᠷ᠎ᠦᠨ ᠠᠵᠢᠯᠯᠠᠭ᠎ᠠ᠎ᠶ᠋ᠢ ᠵᠣᠬᠢᠶᠠᠨ ᠪᠠᠢᠭᠤᠯᠬᠤ᠂ ᠨᠠᠮ᠎ᠤᠨ ᠲᠡᠦᠬᠡ᠎ᠶ᠋ᠢᠨᠥᠯᠢᠭᠡᠷ᠎ᠢ ᠤᠯᠠᠮᠵᠢᠯᠠᠬᠤ᠂ ᠨᠠᠮ᠎ᠤᠨ ᠲᠡᠦᠬᠡ᠎ᠶ᠋ᠢᠨ ᠨᠣᠮ᠎ᠢ ᠲᠠᠨᠢᠯᠴᠠᠭᠤᠯᠬᠤ ᠵᠡᠷᠭᠡ ᠠᠷᠭ᠎ᠠ ᠬᠡᠯᠪᠡᠷᠢ᠎ᠪᠡᠷᠳᠠᠮᠵᠢᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨᠵᠣᠷᠢᠭ ᠰᠠᠨᠠᠭ᠎ᠠ᠎ᠶ᠋ᠢ ᠵᠠᠯᠠᠭᠤ ᠰᠤᠷᠤᠭ᠍ᠴᠢᠳ᠎ᠤᠨ ᠰᠡᠳᠭᠢᠯ᠎ᠳᠦ ᠦᠨᠳᠦᠰᠦᠯᠡᠭᠦᠯᠦᠨ ᠰᠣᠶᠣᠭᠠᠯᠠᠭᠤᠯᠤᠨ᠎ᠠ》 ᠭᠡᠵᠦ᠍ ᠥᠪᠥᠷᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠶᠡᠬᠡ ᠰᠤᠷᠭᠠᠭᠤᠯᠢ᠎ᠶ᠋ᠢᠨ ᠮᠥᠩᠭᠥᠨ ᠭᠦᠶ᠋ᠯᠭᠡᠭᠡᠨ᠎ᠦ ᠳᠡᠭᠡᠳᠦᠰᠤᠷᠭᠠᠭᠤᠯᠢ᠎ᠶ᠋ᠢᠨ ᠵᠢᠯᠣᠭᠣᠳᠣᠭ᠍ᠴᠢ ᠪᠠᠭᠰᠢ ᠬᠥ᠋ ᠴᠤᠤ ᠬᠡᠯᠡᠪᠡ᠃

ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ᠎ᠶ᠋ᠢᠨᠰᠤᠷᠤᠬ᠍ᠴᠢ ᠰᠦᠩ ᠱᠢᠶᠤᠤ ᠯᠦᠩ᠄ 《ᠱᠢᠤᠢ ᠫᠷᠤᠹᠸᠰᠰᠤᠷ᠎ᠤᠨᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠᠵᠢᠨ ᠵᠢᠷᠭᠤᠳᠤᠭᠠᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠡᠩ ᠭᠦᠨᠵᠡᠭᠡᠢ ᠣᠢᠯᠠᠭᠠᠪᠠ᠃ ᠨᠠᠮ᠎ᠤᠨ ᠭᠡᠱᠢᠭᠦᠨ ᠪᠦᠭᠡᠳ ᠰᠤᠷᠤᠭ᠍ᠴᠢ ᠵᠢᠨ ᠺᠠᠳ᠋ᠷ ᠪᠣᠯᠤᠭ᠍ᠰᠠᠨ᠎ᠤᠬᠤᠪᠢ᠎ᠳᠤ᠂ ᠬᠣᠢᠱᠢᠳᠠ᠎ᠰᠤᠷᠤᠯᠴᠠᠯᠭ᠎ᠠ ᠪᠠ ᠠᠵᠢᠯ᠎ᠤᠨ ᠵᠢᠡᠨ ᠳᠤᠮᠳᠠ᠂ ᠪᠢ ᠴᠠᠭ ᠢᠮᠠᠭ᠍ᠲᠠ ᠨᠡᠩ ᠥᠨᠳᠥᠷ ᠪᠠᠷᠢᠮᠵᠢᠶ᠎ᠠ᠂ᠨᠡᠩ ᠴᠢᠩᠭ᠎ᠠ ᠰᠠᠬᠢᠯᠭ᠎ᠠ ᠪᠠᠲᠤ᠎ᠪᠠᠷ ᠥᠪᠡᠷ᠎ᠢ᠎ᠪᠡᠨ ᠱᠠᠭᠠᠷᠳᠠᠵᠤ᠂ ᠲᠤᠰᠭᠠᠢ ᠮᠡᠷᠭᠡᠵᠢᠯ᠎ᠦᠨ ᠮᠡᠳᠡᠯᠭᠡ᠎ᠶ᠋ᠢᠨᠠᠷᠢᠨ ᠬᠢᠨᠠᠮᠠᠭᠠᠢ ᠰᠤᠷᠤᠯᠴᠠᠵᠤ᠂ ᠨᠠᠮ᠎ᠤᠨ ᠭᠡᠱᠢᠭᠦᠨ᠎ᠦ ᠬᠣᠱᠢᠭᠤᠴᠢ ᠵᠢᠱ᠌ᠢᠶᠡᠴᠢ ᠦᠢᠯᠡᠳᠦᠯ᠎ᠢ ᠪᠠᠳᠠᠷᠠᠭᠤᠯᠵᠤ᠂ᠬᠠᠮᠲᠤ ᠰᠤᠷᠤᠯᠭᠠᠲᠠᠳ᠎ᠢᠶᠠᠨ ᠳᠠᠭᠠᠭᠤᠯᠤᠨ ᠬᠣᠯᠪᠣᠭ᠍ᠳᠠᠯ ᠪᠦᠬᠦᠢ ᠤᠨᠤᠯ᠎ᠢ ᠭᠦᠨᠵᠡᠭᠡᠢ ᠰᠤᠷᠤᠯᠴᠠᠨ ᠨᠡᠪᠲᠡᠷᠬᠡᠢᠣᠢᠯᠠᠭᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠲᠠᠭᠠᠵᠤ᠂ ᠳᠤᠮᠳᠠᠳᠤ᠎ᠶ᠋ᠢᠨᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠪᠡᠷ ᠥᠪᠡᠷ᠎ᠦᠨ ᠡᠭᠦᠷᠭᠡ᠎ᠪᠡᠨ ᠪᠣᠯᠭᠠᠵᠤ᠂ᠴᠠᠭ ᠦᠶ᠎ᠡ ᠳ᠋ᠤ ᠤᠰᠤᠯᠳᠠᠬᠤ ᠦᠭᠡᠢ᠂ ᠵᠠᠯᠠᠭᠤ ᠨᠠᠰᠤᠨ ᠳ᠋ᠠᠭᠠᠨ ᠤᠰᠤᠯᠳᠠᠬᠤ ᠦᠭᠡᠢ᠂ ᠨᠠᠮ ᠪᠣᠯᠤᠨ ᠠᠷᠠᠳ ᠲᠦᠮᠡᠨ᠎ᠦᠨᠠᠨᠳᠢᠨ ᠬᠦᠰᠡᠯ ᠨᠠᠢᠳᠠᠯᠭ᠎ᠠ ᠳ᠋ᠤ ᠤᠰᠤᠯᠳᠠᠬᠤ ᠦᠭᠡᠢ》ᠭᠡᠵᠤ ᠬᠡᠯᠡᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面