ᠤᠯᠤᠰ᠎ᠤᠨ ᠬᠤᠷᠠᠯ > ᠠᠷᠪᠠ ᠶᠢᠰᠦᠳᠦᠭᠡᠷ ᠬᠤᠭᠤᠴᠠᠭᠠᠨ᠎ᠤ᠋ ᠵᠢᠷᠭᠤᠳᠤᠭᠠᠷ ᠪᠦᠭᠦᠳᠡ ᠬᠤᠷᠠᠯ

2022-01-25 09:32:51

ᠵᠣᠬᠢᠶᠠᠭ᠍ᠴᠢ᠄ ​ ᠤᠷᠠᠨ᠎ᠠ ᠣᠩᠱᠢᠭ᠍ᠰᠠᠨ ᠣᠳᠠᠭ᠎ᠠ᠄ 3

ᠤᠢᠷ᠎ᠠ᠎ᠳᠤ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ ᠺᠤᠮᠫᠠᠨᠢ ᠨᠠᠮ᠎ᠤᠨ ᠬᠣᠷᠢᠶᠠᠨ᠎ᠤ(ᠥᠷᠭᠡᠳᠭᠡᠭ᠌ᠰᠡᠨ)ᠬᠤᠷᠠᠯ ᠬᠤᠷᠠᠯᠳᠤᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠎ᠶ᠋ᠢ ᠤᠯᠠᠮᠵᠢᠯᠠᠨ ᠰᠤᠷᠤᠯᠴᠠᠪᠠ ᠃

ᠬᠤᠷᠠᠯ ᠡᠴᠡ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠡᠯᠡ ᠣᠷᠣᠭᠤᠯᠤᠯᠲᠠ ᠶ᠋ᠢᠨ ᠪᠦᠯᠦᠭ᠌ᠯᠡᠯ ᠺᠤᠮᠫᠠᠨᠢ ᠵᠢᠴᠢ ᠡᠯ᠎ᠡ ᠬᠠᠷᠢᠶ᠎ᠠ ᠠᠵᠤ ᠠᠬᠤᠢᠯᠠᠯ ᠎ᠤᠨ ᠬᠢᠨ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠭᠣᠣᠯᠳᠠᠯᠭ᠎ᠠ᠎ᠲᠠᠶ ᠠᠵᠢᠯ ᠪᠣᠯᠭᠠᠵᠤ᠂ ᠴᠠᠭ ᠲᠤᠬᠠᠢ᠎ᠳᠤᠨᠢ ᠰᠤᠷᠤᠯᠴᠠᠵᠥ᠍ ᠰᠤᠳᠤᠯᠤᠨ ᠶᠠᠷᠢᠯᠴᠠᠬᠤ ᠠᠵᠢᠯ ᠎ᠢ ᠵᠣᠬᠢᠶᠠᠨ ᠪᠠᠢᠭᠤᠯᠵᠤ᠂ ᠴᠠᠭ ᠲᠤᠬᠠᠢ ᠎ᠳᠤᠨᠢ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠵᠦ᠍᠂ ᠤᠯᠠᠨ ᠬᠡᠯᠪᠡᠷᠢ ᠎ᠶ᠋ᠢᠨ ᠰᠤᠷᠤᠯᠴᠠᠵᠥ᠍ ᠤᠬᠠᠭᠤᠯᠬᠤ ᠠᠷᠭ᠎ᠠ ᠬᠡᠯᠪᠡᠷᠢ ᠎ᠪᠡᠷ ᠳᠠᠮᠵᠢᠭᠤᠯᠵᠦ᠂ ᠪᠦᠬᠦ᠌ ᠪᠦᠯᠦᠭ᠌ᠯᠡᠯ ᠺᠤᠮᠫᠠᠨᠢ ᠎ᠳᠦ ᠰᠤᠷᠤᠯᠴᠠᠵᠥ᠍ ᠤᠬᠠᠭᠤᠯᠬᠤ ᠬᠠᠯᠠᠭᠤᠨ ᠥᠷᠨᠢᠯᠲᠡ ᠭᠠᠷᠭᠠᠬᠤ ᠬᠡᠷᠡᠭᠲᠡᠢ ᠭᠡᠵᠦ᠍ ᠱᠠᠭᠠᠷᠳᠠᠪᠠ ᠃

ᠬᠤᠷᠠᠯ ᠡᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠮᠥᠨ ᠴᠢᠨᠠᠷ᠎ᠢ ᠣᠨᠣᠪᠴᠢᠲᠠᠶ ᠡᠵᠡᠮᠳᠡᠵᠦ᠍᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠎ᠪᠠᠨ ᠪᠥᠬᠥᠳᠡ ᠬᠤᠷᠠᠯ ᠎ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠵᠠᠭᠤᠨ ᠵᠢᠯ ᠎ᠦᠨ ᠲᠡᠮᠡᠴᠡᠯ᠎ᠦᠨ ᠲᠡᠦᠬᠡᠲᠦ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠲᠠᠯ᠎ᠠ ᠎ᠪᠠᠷ ᠴᠢᠩᠭ᠎ᠠ ᠠᠳᠭᠤᠨ ᠪᠣᠳᠠᠲᠠᠶ ᠬᠢᠬᠦ ᠬᠡᠷᠡᠭᠲᠡᠢ᠃ ᠤᠳᠤᠷᠢᠳᠭᠤ ᠪᠠᠭ᠎ᠤᠨ ᠪᠦᠷᠢᠯᠳᠦᠬᠦᠨ ᠤᠷᠢᠳ᠎ᠢᠶᠠᠷ ᠰᠤᠷᠤᠯᠴᠠᠵᠤ᠂ ᠤᠷᠢᠳ᠎ᠢᠶᠠᠷ ᠬᠦᠳᠡᠯᠦᠯᠴᠡᠬᠦ᠎ᠶ᠋ᠢ ᠪᠠᠷᠢᠮᠲᠠᠯᠠᠵᠤ᠂ ᠵᠥᠪ ᠴᠢᠭ᠌ᠯᠡᠯ᠎ᠢᠶᠡᠷ ᠤᠳᠤᠷᠢᠳᠤᠮᠵᠢ ᠪᠣᠯᠭᠠᠬᠤ᠎ᠶ᠋ᠢ ᠪᠠᠲᠤ ᠡᠵᠡᠮᠳᠡᠵᠦ᠍᠂ ᠪᠥᠬᠥᠳᠡ ᠬᠤᠷᠠᠯ᠎ᠤᠨ ᠵᠣᠷᠢᠭ ᠰᠠᠨᠠᠭ᠎ᠠ ᠎ᠶ᠋ᠢ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ ᠎ᠶ᠋ᠢᠨ ᠪᠦᠯᠦᠭ᠌ᠯᠡᠯ ᠺᠤᠮᠫᠠᠨᠢ ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠎ᠶ᠋ᠢ ᠠᠬᠢᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢᠷᠡᠭᠦᠯᠦᠨ ᠥᠷᠭᠡᠳᠭᠡᠬᠦ᠌᠎ᠶ᠋ᠢ ᠠᠬᠢᠭᠤᠯᠵᠤ᠂ ᠪᠥᠬᠥᠳᠡ ᠬᠤᠷᠠᠯ ᠎ᠤᠨ ᠵᠣᠷᠢᠭ ᠰᠠᠨᠠᠭ᠎ᠠ ᠎ᠶ᠋ᠢ ᠪᠦᠯᠦᠭ᠌ᠯᠡᠯ ᠺᠤᠮᠫᠠᠨᠢ ᠎ᠶᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠪᠡᠶᠡᠯᠡᠭᠦᠯᠬᠦ᠌ ᠳᠤᠮᠳᠠ ᠦᠨᠡᠨ ᠬᠦ᠌ ᠨᠠᠢᠳᠠᠪᠤᠷᠢᠵᠢᠭᠤᠯᠵᠤ ᠂ ᠠᠵᠤ ᠠᠬᠤᠢᠯᠠᠯ ᠎ᠤᠨ ᠥᠭᠡᠷᠡᠴᠢᠯᠡᠯᠲᠡ ᠬᠥᠭ᠌ᠵᠢᠯᠲᠡ ᠎ᠶ᠋ᠢ ᠠᠬᠢᠭᠤᠯᠬᠤ ᠪᠠ ᠲᠡᠷᠢᠭᠦᠨ ᠵᠡᠷᠭᠡ ᠎ᠶ᠋ᠢᠨ ᠵᠠᠮ ᠬᠠᠷᠢᠯᠴᠠᠭᠠᠨ ᠎ᠤ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ ᠺᠤᠮᠫᠠᠨᠢ᠎ᠶᠢᠨ ᠪᠠᠢᠯᠳᠤᠬᠤ ᠪᠣᠳᠣᠯᠭ᠎ᠠ ᠎ᠶ᠋ᠢᠨ ᠬᠠᠷᠠᠯᠲᠠ᠎ᠶ᠋ᠢ ᠴᠣᠭ᠍ᠴᠠᠯᠠᠬᠤ ᠬᠦᠴᠦᠷᠬᠡᠭ ᠶᠡᠬᠡ ᠬᠥᠳᠡᠯᠭᠡᠭᠦᠷ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面