2022-02-03 08:54:33
ᠤᠢᠷᠠᠳᠤ ᠂ ᠥᠪᠥᠷᠮᠣᠩᠭᠣᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶ᠋ᠢᠨ ᠪᠦᠯᠦᠭ᠌ᠯᠡᠯ ᠺᠤᠮᠫᠠᠨᠢ ᠨᠠᠮ ᠤᠨ ᠬᠣᠷᠢᠶᠠᠨᠤ(ᠥᠷᠭᠡᠳᠭᠡᠭ᠌ᠰᠡᠨ)ᠬᠤᠷᠠᠯ ᠬᠤᠷᠠᠯᠳᠤᠭᠤᠯᠵᠤ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨᠤ ᠲᠥᠪ ᠬᠣᠷᠢᠶᠠᠨ ᠤ ᠵᠢᠷᠭᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠪᠠ᠃
ᠬᠤᠷᠠᠯ ᠡᠴᠡ ᠂ ᠥᠪᠥᠷ ᠮᠣᠩᠭᠣᠯ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠᠶ᠋ᠢᠨ ᠪᠦᠯᠦᠭ᠌ᠯᠡᠯ ᠺᠤᠮᠫᠠᠨᠢ ᠵᠢᠴᠢ ᠡᠯ᠎ᠡ ᠬᠠᠷᠢᠶ᠎ᠠ ᠠᠵᠤ ᠠᠬᠤᠢᠯᠠᠯ ᠤᠨ ᠬᠢᠨ ᠨᠠᠮ ᠤᠨ ᠠᠷᠪᠠ ᠶᠢᠰᠦᠳᠦᠭᠡᠷᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨᠤᠬᠠᠭᠤᠯᠵᠤ ᠲᠤᠭᠤᠱᠢᠯᠠᠭᠤᠯᠬᠤ ᠶ᠋ᠢ ᠣᠳᠣᠬᠠᠨ ᠤ ᠪᠠ ᠬᠣᠢᠱᠢᠳᠠ ᠶ᠋ᠢᠨ ᠨᠢᠭᠡ ᠬᠤᠭᠤᠴᠠᠭᠠᠨ ᠤ ᠭᠣᠣᠯᠳᠠᠯᠭᠠᠲᠠᠶᠠᠵᠢᠯ ᠪᠣᠯᠭᠠᠵᠤ ᠂ ᠴᠠᠭ ᠲᠤᠬᠠᠢᠳᠤ ᠨᠢ ᠰᠤᠷᠤᠯᠴᠠᠵᠥ᠍ ᠰᠤᠳᠤᠯᠤᠨ ᠶᠠᠷᠢᠯᠴᠠᠬᠤ ᠠᠵᠢᠯ ᠢ ᠵᠣᠬᠢᠶᠠᠨ ᠪᠠᠢᠭᠤᠯᠵᠤ᠂ ᠴᠠᠭ ᠲᠤᠬᠠᠢ ᠳᠤ ᠨᠢ ᠭᠣᠣᠯ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠵᠦ᠍ ᠂ ᠤᠯᠠᠨ ᠬᠡᠯᠪᠡᠷᠢ ᠶ᠋ᠢᠨᠰᠤᠷᠤᠯᠴᠠᠵᠥ᠍ ᠤᠬᠠᠭᠤᠯᠬᠤ ᠠᠷᠭ᠎ᠠ ᠬᠡᠯᠪᠡᠷᠢ ᠪᠡᠷ ᠳᠠᠮᠵᠢᠭᠤᠯᠤᠨ᠂ ᠪᠦᠬᠦ᠌ ᠪᠦᠯᠦᠭ᠌ᠯᠡᠯ ᠺᠤᠮᠫᠠᠨᠢ ᠳᠦ ᠰᠤᠷᠤᠯᠴᠠᠵᠥ᠍ᠤᠬᠠᠭᠤᠯᠬᠤ ᠬᠠᠯᠠᠭᠤᠨ ᠥᠷᠨᠢᠯᠲᠡ ᠭᠠᠷᠭᠠᠬᠤ ᠬᠡᠷᠡᠭᠲᠡᠢ ᠭᠡᠵᠦ᠍ ᠱᠠᠭᠠᠷᠳᠠᠪᠠ ᠃
ᠬᠤᠷᠠᠯ ᠡᠴᠡ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪᠬᠣᠷᠢᠶᠠᠨ ᠤ ᠵᠢᠷᠭᠤᠳᠤᠭᠠᠷ ᠪᠥᠬᠥᠳᠡ ᠬᠤᠷᠠᠯ ᠤᠨ ᠵᠣᠷᠢᠭᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠵᠦ᠍ ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨᠪᠥᠬᠥᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠍ ᠂ ᠳᠤᠮᠳᠠᠳᠤ ᠤᠯᠤᠰ ᠤᠨ ᠡᠪ ᠬᠠᠮᠲᠤ ᠨᠠᠮᠤᠨ ᠵᠠᠭᠤᠨ ᠵᠢᠯ ᠦᠨ ᠲᠡᠮᠡᠴᠡᠯ ᠦᠨ ᠲᠡᠦᠬᠡᠲᠦ ᠠᠴᠢ ᠬᠣᠯᠪᠣᠭ᠍ᠳᠠᠯ ᠢ ᠭᠦᠨᠵᠡᠭᠡᠶ ᠣᠢᠯᠠᠭᠠᠵᠤ ᠂ ᠰᠤᠷᠤᠯᠴᠠᠨᠤᠬᠠᠭᠤᠯᠵᠤ ᠲᠤᠭᠤᠱᠢᠯᠠᠭᠤᠯᠬᠤ ᠲᠠᠯ᠎ᠠ ᠪᠠᠷ ᠴᠢᠩᠭ᠎ᠠ ᠠᠳᠭᠤᠨ ᠪᠣᠳᠠᠲᠠᠶ ᠬᠢᠬᠦ ᠬᠡᠷᠡᠭᠲᠡᠢ ᠃ ᠤᠳᠤᠷᠢᠳᠭᠤᠪᠠᠭ ᠤᠨ ᠪᠦᠷᠢᠯᠳᠦᠬᠦᠨ ᠤᠷᠢᠳ ᠢᠶᠠᠷ ᠰᠤᠷᠤᠯᠴᠠᠵᠤ ᠂ ᠤᠷᠢᠳ ᠢᠶᠠᠷ ᠬᠦᠳᠡᠯᠦᠯᠴᠡᠬᠦ ᠶ᠋ᠢ ᠪᠠᠷᠢᠮᠲᠠᠯᠠᠵᠤ᠂ ᠵᠥᠪ ᠴᠢᠭ᠌ᠯᠡᠯ ᠢᠶᠡᠷ ᠤᠳᠤᠷᠢᠳᠤᠮᠵᠢ ᠪᠣᠯᠭᠠᠬᠤ ᠶ᠋ᠢ ᠪᠠᠲᠤ ᠡᠵᠡᠮᠳᠡᠵᠦ᠍ ᠂ ᠪᠥᠬᠥᠳᠡ ᠬᠤᠷᠠᠯ ᠤᠨ ᠵᠣᠷᠢᠭᠰᠠᠨᠠᠭ᠎ᠠ ᠶ᠋ᠢ ᠥᠪᠥᠷ ᠮᠣᠩᠭᠣᠯ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶ᠋ᠢᠨ ᠪᠦᠯᠦᠭ᠌ᠯᠡᠯ ᠺᠤᠮᠫᠠᠨᠢᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠶ᠋ᠢ ᠠᠬᠢᠭᠤᠯᠵᠤ ᠂ ᠨᠠᠮ ᠤᠨ ᠲᠡᠦᠬᠡ ᠶ᠋ᠢᠨ ᠰᠤᠷᠤᠯᠴᠠᠯᠭᠠᠬᠥᠮᠦᠵᠢᠯ ᠢ ᠭᠦᠨᠵᠡᠭᠡᠢᠷᠡᠭᠦᠯᠦᠨ ᠥᠷᠭᠡᠳᠭᠡᠬᠦ᠌ ᠶ᠋ᠢ ᠠᠬᠢᠭᠤᠯᠵᠤ ᠂ ᠪᠥᠬᠥᠳᠡ ᠬᠤᠷᠠᠯ ᠤᠨ ᠵᠣᠷᠢᠭ ᠰᠠᠨᠠᠭᠠᠶ᠋ᠢ ᠪᠦᠯᠦᠭ᠌ᠯᠡᠯ ᠺᠤᠮᠫᠠᠨᠢ ᠶᠢᠨ ᠬᠥᠭ᠌ᠵᠢᠯᠲᠡ ᠶ᠋ᠢᠨ ᠪᠠᠢᠯᠳᠤᠬᠤ ᠪᠣᠳᠣᠯᠭ᠎ᠠ ᠶ᠋ᠢ ᠪᠡᠶᠡᠯᠡᠭᠦᠯᠬᠦ᠌ᠳᠤᠮᠳᠠ ᠦᠨᠡᠨ ᠬᠦ᠌ ᠨᠠᠢᠳᠠᠪᠤᠷᠢᠵᠢᠭᠤᠯᠵᠤ ᠂ ᠠᠵᠤ ᠠᠬᠤᠢᠯᠠᠯᠤᠨ ᠥᠭᠡᠷᠡᠴᠢᠯᠡᠯᠲᠡ ᠬᠥᠭ᠌ᠵᠢᠯᠲᠡ ᠶ᠋ᠢ ᠠᠬᠢᠭᠤᠯᠬᠤ ᠪᠠ ᠲᠡᠷᠢᠭᠦᠨ ᠵᠡᠷᠭᠡ ᠶ᠋ᠢᠨ ᠵᠠᠮ ᠬᠠᠷᠢᠯᠴᠠᠭᠠᠨ ᠤᠪᠠᠯᠠ ᠣᠷᠣᠭᠤᠯᠤᠯᠲᠠ ᠶ᠋ᠢᠨ ᠪᠦᠯᠦᠭ᠌ᠯᠡᠯ ᠺᠤᠮᠫᠠᠨᠢ ᠶᠢᠨ ᠪᠠᠢᠯᠳᠤᠬᠤ ᠪᠣᠳᠣᠯᠭ᠎ᠠ ᠶ᠋ᠢᠨ ᠬᠠᠷᠠᠯᠲᠠ ᠶ᠋ᠢᠴᠣᠭ᠍ᠴᠠᠯᠠᠬᠤ ᠬᠦᠴᠦᠷᠬᠡᠭ ᠶᠡᠬᠡ ᠬᠥᠳᠡᠯᠭᠡᠭᠦᠷ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃