2022-02-04 21:37:53
ᠤᠢ᠍ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠨᠠᠮ᠎ᠤᠨ ᠬᠣᠷᠢᠶᠠᠨ᠎ᠤ (ᠥᠷᠭᠡᠳᠭᠡᠭ᠌ᠰᠡᠨ) ᠬᠤᠷᠠᠯ ᠵᠢᠴᠢᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠎ᠶ᠋ᠢᠨ ᠬᠤᠷᠠᠯ ᠬᠤᠷᠠᠯᠳᠤᠭᠤᠯᠵᠤ᠂ ᠨᠠᠮ᠎ᠤᠨ ᠠᠷᠪᠠᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠶ᠋ᠢᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃
ᠬᠤᠷᠠᠯ ᠡᠴᠡ᠂ ᠪᠥᠬᠥ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ᠎ᠦᠨ᠎ᠬᠢᠨ ᠨᠠᠮ᠎ᠤᠨ ᠲᠥᠪ ᠬᠣᠷᠢᠶ᠎ᠠ᠂ ᠬᠠᠤᠯᠢ ᠴᠠᠭᠠᠵᠠ᠎ᠶ᠋ᠢᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨᠣᠷᠳᠣᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡᠠᠮᠵᠢᠯᠲᠠ ᠪᠦᠲᠦᠮᠵᠢ᠂ ᠠᠭᠤᠤ ᠶᠡᠬᠡ ᠠᠴᠢ ᠬᠣᠯᠪᠣᠭ᠍ᠳᠠᠯ᠂ ᠲᠡᠦᠬᠡᠨ ᠲᠤᠷᠱᠢᠯᠭ᠎ᠠ᠎ᠶ᠋ᠢ ᠭᠦᠨᠵᠡᠭᠡᠶ ᠰᠤᠷᠤᠯᠴᠠᠨᠣᠢᠯᠠᠭᠠᠵᠤ᠂ ᠢᠲᠡᠭᠡᠯ ᠪᠢᠱᠢᠷᠡᠯ᠎ᠦᠨ ᠬᠦᠴᠦᠨ᠎ᠢ ᠲᠠᠰᠤᠷᠠᠯᠲᠠᠥᠬᠡᠶ ᠱᠢᠩᠭᠡᠭᠡᠨ ᠠᠪᠴᠤ᠌᠂ ᠬᠦᠴᠢᠷ᠎ᠢ ᠳᠤᠭᠤᠯᠤᠨ ᠢᠯᠠᠯᠲᠠ ᠤᠯᠬᠤ ᠣᠶᠤᠨ ᠤᠬᠠᠭᠠᠨ᠎ᠢ᠎ᠨᠢ ᠱᠢᠩᠭᠡᠭᠡᠨ ᠠᠪᠴᠤ᠌᠂ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠪᠠᠷ ᠦᠵᠡᠯᠰᠠᠨᠠᠭ᠎ᠠ᠎ᠪᠠᠨ ᠦᠨᠡᠨ ᠬᠦ᠌ ᠨᠢᠭᠡᠳᠭᠡᠵᠦ᠍᠂ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠤᠨ ᠂ ᠢᠲᠡᠭᠡᠯᠵᠣᠷᠢᠭᠢᠶᠠᠨ ᠪᠠᠲᠤᠳᠭᠠᠵᠤ᠂ ᠲᠡᠮᠡᠴᠡᠯ᠎ᠦᠨ ᠵᠣᠷᠢᠭ᠎ᠢᠶᠠᠨ ᠴᠢᠩᠭᠠᠷᠠᠭᠤᠯᠬᠤ ᠬᠡᠷᠡᠭ᠌ᠲᠡᠶ ᠬᠡᠵᠦ ᠵᠢᠭᠠᠵᠦᠭᠠᠷᠭᠠᠪᠠ᠃
ᠬᠤᠷᠠᠯ ᠡᠴᠡ᠂ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠶᠡᠷᠦᠩᠬᠡᠶ ᠱᠦᠵᠢᠰᠢ᠎ᠶ᠋ᠢᠨ ᠫᠢᠩ᠎ᠦᠨ ᠱᠢᠷᠢᠰ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠬᠤ᠎ᠲᠠᠶ ᠤᠶᠠᠯᠳᠤᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌᠎ᠲᠡᠶ ᠤᠶᠠᠯᠳᠤᠭᠤᠯᠵᠤ᠂ ᠥᠷᠭᠡᠨ ᠣᠯᠠᠨᠺᠠᠳ᠋ᠷ ᠴᠠᠭ᠍ᠳᠠᠭ᠎ᠠ᠎ᠶ᠋ᠢᠨ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠬᠦ᠌ ᠤᠯᠤᠰ ᠲᠥᠷᠥ᠎ᠶ᠋ᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ᠂ ᠠᠵᠢᠯᠯᠠᠭᠠᠨᠤᠤᠬᠠᠮᠰᠠᠷᠢ ᠦᠨᠡᠨ ᠬᠦ᠌ ᠴᠢᠩᠭᠠᠳᠭᠠᠬᠤ ᠬᠡᠷᠡᠭ᠌ᠲᠡᠶ᠃ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨᠲᠤᠭᠤᠱᠢᠯᠠᠭᠤᠯᠬᠤᠶ᠋ᠢ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡᠲᠡᠶᠨᠢᠭ᠍ᠲᠠ ᠤᠶᠠᠯᠳᠤᠭᠤᠯᠵᠤ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡᠨ᠎ᠦ ᠬᠥᠮᠦᠵᠢᠯ ᠴᠡᠭ᠌ᠴᠡᠯᠡᠯᠲᠡᠶ᠋ᠢᠨᠬᠠᠷᠢᠭᠤ ᠲᠤᠰᠭᠠᠵᠤ ᠴᠡᠭ᠌ᠴᠡᠯᠡᠨ ᠰᠠᠢᠵᠢᠷᠠᠭᠤᠯᠬᠤ ᠪᠠ 《ᠡᠷᠬᠢᠨ ᠬᠠᠷᠠᠬᠤ》 ᠠᠵᠢᠯ᠎ᠢ ᠯᠠᠪᠳᠠᠭᠤᠨᠪᠠᠲᠤᠲᠠᠶ ᠥᠷᠨᠢᠭᠦᠯᠵᠦ᠍᠂ ᠬᠥᠮᠦᠵᠢᠯ ᠴᠡᠭ᠌ᠴᠡᠯᠡᠯᠲᠡ᠎ᠶ᠋ᠢᠨ ᠡᠯ᠎ᠡ ᠵᠦᠶ᠋ᠯ᠎ᠦᠨ ᠠᠵᠢᠯ᠎ᠤᠨ ᠡᠭᠦᠷᠭᠡ᠎ᠶ᠋ᠢ ᠲᠡᠭᠦᠰᠠᠮᠵᠢᠯᠲᠠᠲᠠᠶ ᠪᠡᠶᠡᠯᠡᠭᠦᠯᠵᠦ᠍᠂ ᠤᠯᠤᠰ ᠲᠥᠷᠥ᠎ᠶ᠋ᠢᠨ ᠠᠮᠢ ᠠᠬᠤᠶ᠎ᠶ᠋ᠢ ᠲᠠᠰᠤᠷᠠᠯᠲᠠ ᠥᠬᠡᠶ ᠰᠡᠷᠭᠦᠭᠡᠨ ᠴᠡᠪᠡᠷᠱᠢᠭᠦᠯᠬᠦ᠌ᠬᠡᠷᠡᠭ᠌ᠲᠡᠶ ᠃ 《ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠭᠦ》᠂ 《ᠦᠨᠳᠦᠰᠦᠨ ᠱᠠᠲᠤᠨᠤᠬᠦᠴᠢᠷ ᠠᠰᠠᠭᠤᠳᠠᠯ᠎ᠢ ᠱᠢᠢᠳᠪᠦᠷᠢᠯᠡᠬᠦ》ᠭᠡᠬᠦ᠌ ᠠᠵᠢᠯᠯᠠᠭᠠᠶ᠋ᠢᠭᠦᠨᠵᠡᠭᠡᠢ ᠥᠷᠨᠢᠭᠦᠯᠵᠦ᠍᠂ ᠠᠷᠠᠳ ᠤᠯᠠᠨ᠎ᠤ ᠪᠠᠴᠢᠮᠲᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯᠢᠬᠦᠴᠦᠯᠡᠨ ᠱᠢᠢᠳᠪᠦᠷᠢᠯᠡᠬᠦ᠌ ᠬᠡᠷᠡᠭ᠌ᠲᠡᠢ᠃ ᠪᠥᠬᠥᠳᠡ ᠬᠤᠷᠠᠯ᠎ᠤᠨ ᠵᠣᠷᠢᠭᠰᠠᠨᠠᠭ᠎ᠠ᠎ᠶ᠋ᠢ ᠨᠠᠷᠢᠨ ᠬᠢᠨᠠᠮᠠᠭᠠᠶᠰᠤᠷᠤᠯᠴᠠᠨ ᠤᠬᠠᠭᠤᠯᠵᠤ ᠲᠤᠭᠤᠱᠢᠯᠠᠭᠤᠯᠤᠨ᠂ ᠣᠳᠣᠬᠠᠨ᠎ᠤ ᠭᠤᠤᠯᠳᠠᠯᠭ᠎ᠠ᠎ᠲᠠᠶ ᠠᠵᠢᠯ᠎ᠢ ᠰᠠᠢᠲᠤᠷ ᠠᠳᠭᠤᠵᠤ᠂ᠢᠷᠡᠬᠦ᠌ ᠵᠢᠯ᠎ᠦᠨ ᠠᠵᠢᠯ᠎ᠤᠨ ᠰᠡᠳᠭᠢᠴᠡ ᠪᠣᠯᠤᠨ ᠬᠠᠷᠠᠯᠲᠠ ᠡᠭᠦᠷᠭᠡ᠎ᠪᠡᠨ ᠨᠠᠷᠢᠨ ᠨᠢᠮᠪᠠᠶ ᠲᠥᠯᠥᠪᠵᠢᠭᠦᠯᠦᠨ᠂ ᠪᠥᠬᠥ᠌ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠪᠠ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨᠤᠠᠵᠢᠯᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠮᠠᠨ᠎ᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡᠪᠣᠯᠤᠨ ᠨᠡᠢᠭᠡᠮ᠎ᠦᠨ ᠠᠮᠤᠷ ᠲᠦᠪᠱᠢᠨ ᠲᠣᠭ᠍ᠲᠠᠭᠤᠨ᠎ᠳᠤ ᠬᠠᠤᠯᠢᠵᠢᠯ᠎ᠤᠨ ᠪᠠᠲᠤᠯᠠᠭ᠎ᠠ ᠬᠠᠩᠭᠠᠬᠤ ᠬᠡᠷᠡᠭ᠌ᠲᠡᠶᠭᠡᠵᠦ᠍ ᠴᠢᠬᠤᠯᠠᠴᠢᠯᠠᠪᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃