2024-08-09 09:47:56
— ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠢ᠍ᠮᠠᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠰᠤᠷᠭᠠᠨ ᠬᠥᠮᠦᠵᠢᠯᠦᠨ ᠠᠵᠢᠯᠲᠠᠳ ᠤ᠋ᠨ ᠰᠡᠳᠭᠢᠯ ᠨᠢᠭᠡᠳᠦᠨ ᠬᠦᠴᠦ ᠪᠡᠨ ᠬᠠᠮᠲᠤᠳᠭᠠᠵᠤ ᠡᠷᠡᠮᠡᠬᠡᠢᠯᠡᠨ ᠤᠷᠤᠭ᠍ᠰᠢᠯᠠᠬᠤ ᠶ᠋ᠢ ᠵᠣᠷᠢᠭ᠍ᠵᠢᠭᠤᠯᠪᠠ
ᠱᠢᠨ᠎ᠡ ᠪᠠᠢᠷᠢᠯᠠᠭᠤᠯᠤᠯᠲᠠ᠂ ᠱᠢᠨ᠎ᠡ ᠡᠬᠢᠯᠡᠯᠲᠡ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠢ᠍ᠮᠠᠳᠤᠭᠠᠷ ᠪᠦᠬᠦᠳᠡ ᠬᠤᠷᠠᠯ ᠡᠴᠡ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ ᠤ᠋ ᠪᠠ ᠬᠣᠢᠱᠢᠳᠠ ᠵᠢᠨ ᠨᠢᠭᠡ ᠬᠤᠭᠤᠴᠠᠭᠠᠨ ᠤ᠋ ᠴᠢᠬᠤᠯᠠ ᠶᠡᠬᠡ ᠤᠯᠤᠰ ᠲᠦᠷᠦ᠍ ᠵᠢᠨ ᠡᠭᠦᠷᠭᠡ ᠪᠣᠯᠤᠨ᠎ᠠ᠃ ᠪᠥᠬᠥ᠌ ᠣᠷᠣᠨ ᠤ᠋ ᠶᠡᠬᠡ ᠳᠡᠭᠡᠳᠦ ᠰᠤᠷᠭᠠᠭᠤᠯᠢ ᠳ᠋ᠤᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠭᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠬᠤ ᠬᠠᠯᠠᠭᠤᠨ ᠥᠷᠨᠢᠯᠲᠡ ᠭᠠᠷᠴᠤ᠂ ᠥᠷᠭᠡᠨ ᠣᠯᠠᠨ ᠰᠤᠷᠭᠠᠨ ᠬᠥᠮᠦᠵᠢᠯᠦᠨ ᠠᠵᠢᠯᠲᠠᠳ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠲᠣᠬᠢᠷᠠᠭᠤᠯᠤᠯᠲᠠ ᠪᠠ ᠪᠠᠢᠷᠢᠯᠠᠭᠤᠯᠤᠯᠲᠠ ᠶᠣᠰᠣᠭᠠᠷ ᠶᠡᠬᠡ ᠳᠡᠭᠡᠳᠦ ᠰᠤᠷᠭᠠᠭᠤᠯᠢ ᠵᠢᠨ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯᠦᠨ ᠱᠢᠪᠲᠤᠯᠤᠯᠲᠠ ᠵᠢᠨ 《ᠭᠤᠯᠤᠮᠳᠠ》᠂ ᠳᠡᠭᠡᠳᠦ ᠲᠠᠰ ᠤ᠋ᠨ ᠱᠢᠨ᠎ᠡ ᠶ᠋ᠢ ᠡᠭᠦᠳᠬᠦ᠌ ᠴᠢᠳᠠᠪᠤᠷᠢᠲᠠᠨ ᠤ᠋ 《ᠲᠥᠪᠯᠡᠷᠡᠭ᠌ᠰᠡᠨ ᠭᠠᠵᠠᠷ》᠂ ᠱᠢᠨ᠎ᠡ ᠶ᠋ᠢ ᠡᠭᠦᠳᠬᠦ᠌ ᠴᠢᠳᠠᠪᠤᠷᠢᠲᠠᠨ ᠢ᠋ ᠬᠥᠮᠦᠵᠢᠭᠦᠯᠬᠦ᠌ 《ᠭᠤᠤᠯ ᠪᠡᠬᠢᠯᠡᠯᠲᠡ ᠵᠢᠨ ᠭᠠᠵᠠᠷ》 ᠤ᠋ᠨ ᠦᠶ᠋ᠯᠡᠳᠦᠯ ᠢ᠋ ᠰᠠᠢᠲᠤᠷ ᠪᠠᠳᠠᠷᠠᠭᠤᠯᠤᠨ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯᠦᠨ ᠴᠢᠳᠠᠪᠤᠷᠢᠲᠠᠨ ᠤ᠋ ᠪᠠᠢᠭᠤᠯᠤᠮᠵᠢ ᠲᠣᠭ᠍ᠲᠠᠴᠠ ᠵᠢᠨ ᠨᠢᠭᠡ ᠴᠣᠭ᠍ᠴᠠᠵᠢᠭ᠍ᠰᠠᠨ ᠥᠭᠡᠷᠡᠴᠢᠯᠡᠯᠲᠡ ᠶ᠋ᠢ ᠬᠦᠴᠦᠯᠡᠨ ᠠᠬᠢᠭᠤᠯᠤᠨ᠎ᠠ ᠭᠡᠵᠦ᠍ ᠴᠢᠬᠤᠯᠠᠴᠢᠯᠠᠪᠠ᠃
ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠡᠴᠡ ᠡᠷᠬᠡᠪᠰᠢ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ ᠵᠢᠡᠷ ᠤᠯᠤᠰ ᠵᠢᠡᠨ ᠮᠠᠨᠳᠤᠭᠤᠯᠬᠤ ᠪᠠᠢᠯᠳᠤᠬᠤ ᠪᠤᠳᠤᠯᠭ᠎ᠠ᠂ ᠴᠢᠳᠠᠪᠤᠷᠢᠲᠠᠨ ᠵᠢᠡᠷ ᠤᠯᠤᠰ ᠵᠢᠡᠨ ᠬᠦᠴᠦᠷᠬᠡᠭ᠌ᠵᠢᠭᠦᠯᠬᠦ᠌ ᠪᠠᠢᠯᠳᠤᠬᠤ ᠪᠤᠳᠤᠯᠭ᠎ᠠ᠂ ᠱᠢᠨ᠎ᠡ ᠶ᠋ᠢ ᠡᠭᠦᠳᠬᠦ ᠪᠡᠷ ᠬᠥᠭ᠌ᠵᠢᠯᠲᠡ ᠵᠢᠨ ᠬᠥᠳᠡᠯᠭᠡᠭᠦᠷ ᠪᠣᠯᠭᠠᠬᠤ ᠪᠠᠢᠯᠳᠤᠬᠤ ᠪᠤᠳᠤᠯᠭ᠎ᠠ ᠶ᠋ᠢ ᠭᠦᠨᠵᠡᠭᠡᠢ ᠬᠡᠷᠡᠭ᠌ᠵᠢᠭᠦᠯᠵᠦ᠍᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠴᠢᠳᠠᠪᠤᠷᠢᠲᠠᠨ ᠤ᠋ ᠪᠠᠢᠭᠤᠯᠤᠮᠵᠢ ᠲᠣᠭ᠍ᠲᠠᠴᠠ ᠶ᠋ᠢ ᠨᠢᠭᠡ ᠴᠤᠬ᠍ᠴᠠᠵᠢᠭᠤᠯᠬᠤ ᠥᠭᠡᠷᠡᠴᠢᠯᠡᠯᠲᠡ ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠱᠢᠨ᠎ᠡ ᠮᠠᠶᠢᠭ ᠤ᠋ᠨ ᠤᠯᠤᠰ ᠳᠠᠶᠠᠭᠠᠷᠴᠢᠯᠠᠭᠰᠠᠨ ᠪᠠᠢᠭᠤᠯᠤᠮᠵᠢ ᠶ᠋ᠢ ᠪᠦᠷᠢᠨᠱᠢᠬᠦᠯᠤᠨ᠂ ᠤᠯᠤᠰ ᠤ᠋ᠨ ᠱᠢᠨ᠎ᠡ ᠶ᠋ᠢ ᠡᠭᠦᠳᠬᠦ᠌ ᠱᠢᠰᠲ᠋ᠧᠮᠦᠨ ᠪᠦᠬᠦᠯᠢ ᠴᠣᠭ᠍ᠴᠠ ᠵᠢᠨ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ ᠭᠡᠵᠦ᠍ ᠳᠤᠷᠠᠳᠪᠠ᠃ ᠰᠤᠷᠭᠠᠨ ᠬᠥᠮᠦᠵᠢᠯᠦᠨ ᠶᠡᠷᠦᠩᠬᠡᠢᠯᠡᠭ᠌ᠰᠡᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯᠦᠨ ᠪᠠᠢᠭᠤᠯᠤᠮᠵᠢ ᠵᠢᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠤᠨ᠂ ᠴᠢᠳᠠᠪᠤᠷᠢᠲᠠᠨ ᠤ᠋ ᠬᠥᠭ᠌ᠵᠢᠯᠲᠡ ᠵᠢᠨ ᠪᠠᠢᠭᠤᠯᠤᠮᠵᠢ ᠲᠣᠭ᠍ᠲᠠᠴᠠ ᠵᠢᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠬᠦ᠌ ᠬᠡᠷᠡᠭ᠌ᠲᠡᠢ᠃ 《ᠡᠨᠡ ᠨᠢ ᠪᠢᠳᠡᠨᠳᠦ ᠴᠢᠭ᠌ᠯᠡᠯ ᠢ᠋ ᠲᠣᠳᠣᠷᠬᠠᠢᠯᠠᠵᠤ ᠥᠭ᠌ᠴᠡᠢ》 ᠭᠡᠵᠦ᠍ ᠥᠪᠥᠷ ᠮᠣᠩᠭᠣᠯ ᠤ᠋ᠨ ᠶᠡᠬᠡ ᠰᠤᠷᠭᠠᠭᠤᠯᠢ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠭᠠᠵᠠᠷ ᠤ᠋ᠨ ᠬᠠᠷᠢᠭᠤᠴᠠᠯᠭᠠᠲᠠᠨ ᠵᠦ᠍ ᠪᠦᠦ ᠬᠤᠸᠠ ᠬᠡᠯᠡᠨ᠎ᠡ᠃ ᠲᠡᠷᠡ ᠪᠡᠷ ᠤᠯᠤᠰ ᠤ᠋ᠨ 《ᠬᠤᠤᠰ ᠲᠡᠷᠢᠭᠦᠨ》 ᠤ᠋ ᠪᠥᠲᠥᠭᠡᠨ ᠪᠠᠢᠭᠤᠯᠤᠯᠲᠠ ᠵᠢᠨ ᠶᠡᠬᠡ ᠳᠡᠭᠡᠳᠦ ᠰᠤᠷᠭᠠᠭᠤᠯᠢ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠬᠠᠮᠢᠶᠠᠷᠤᠯᠲᠠ ᠵᠢᠨ ᠠᠵᠢᠯᠲᠠᠨ ᠪᠦᠭᠡᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠪᠠᠢᠭᠤᠯᠤᠮᠵᠢ ᠵᠢᠨ ᠥᠭᠡᠷᠡᠴᠢᠯᠡᠯᠲᠡᠳᠦ ᠣᠷᠣᠯᠴᠠᠭ᠍ᠴᠢ ᠪᠤᠯᠤᠭᠰᠠᠨ ᠤ᠋ ᠬᠤᠪᠢ ᠳ᠋ᠤ ᠬᠣᠢᠱᠢᠳᠠ ᠵᠢᠨ ᠠᠵᠢᠯ ᠤ᠋ᠨ ᠳᠤᠮᠳᠠ ᠪᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ᠋ ᠴᠢᠬᠤᠯᠠ ᠶᠡᠬᠡ ᠬᠡᠷᠡᠭ᠌ᠴᠡᠭᠡ ᠱᠠᠭᠠᠷᠳᠠᠯᠭ᠎ᠠ ᠲᠠᠶ ᠨᠢᠭ᠍ᠲᠠ ᠤᠶᠠᠯᠳᠤᠵᠤ᠂ ᠠᠰᠠᠭᠤᠳᠠᠯ ᠵᠢᠡᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠨ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠨᠳᠡᠬᠢ 《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ ᠶ᠋ᠢ ᠭᠦᠨᠵᠡᠭᠡᠢ ᠠᠬᠢᠭᠤᠯᠵᠤ᠂ ᠵᠣᠬᠢᠶᠠᠨ ᠪᠠᠢᠭᠤᠯᠤᠯᠲᠠᠲᠠᠶ ᠱᠢᠨᠵᠢᠯᠡᠬᠦ᠌ ᠤᠬᠠᠭᠠᠨ ᠤ᠋ ᠰᠤᠳᠤᠯᠭᠠᠨ ᠢ᠋ ᠲᠠᠰᠤᠷᠠᠯᠲᠠ ᠦᠭᠡᠢ ᠴᠢᠩᠭᠠᠳᠬᠠᠨ᠂ ᠰᠤᠷᠭᠠᠭᠤᠯᠢ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ ᠱᠢᠨ᠎ᠡ ᠶ᠋ᠢ ᠡᠭᠦᠳᠬᠦ᠌ ᠴᠢᠳᠠᠪᠤᠷᠢ ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠤ᠂ ᠰᠤᠷᠭᠠᠭᠤᠯᠢ ᠶ᠋ᠢ ᠥᠨᠳᠥᠷ ᠬᠢᠷᠢ ᠲᠦᠪᠱᠢᠨ ᠪᠥᠬᠥᠶ ᠱᠢᠨᠵᠢᠯᠡᠬᠦ᠌ ᠤᠬᠠᠭᠠᠨ ᠤ᠋ ᠰᠤᠳᠤᠯᠭᠠᠨ ᠵᠢᠡᠷ ᠥᠪᠡᠷᠲᠡᠭᠡᠨ ᠵᠠᠰᠠᠬᠤ ᠣᠷᠣᠨ ᠤ᠋ ᠬᠣᠶᠠᠷ ᠶᠡᠬᠡ ᠶᠠᠪᠤᠳᠠᠯ ᠵᠢᠴᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯᠦᠨ 《ᠪᠦᠰᠡᠯᠡᠯᠲᠡ ᠱᠢᠪᠲᠤᠯᠬᠤ》 ᠢᠨᠵᠧᠨᠧᠷᠢᠩ ᠵᠡᠷᠭᠡᠳᠦ ᠦᠶ᠋ᠯᠡᠴᠢᠯᠡᠬᠦ᠌ ᠶ᠋ᠢ ᠠᠬᠢᠭᠤᠯᠤᠨ ᠳᠤᠮᠳᠠᠳᠤ ᠤᠯᠤᠰ ᠤ᠋ᠨ ᠮᠠᠶᠢᠭᠤᠨ ᠤᠳᠤᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠶ᠋ᠢ ᠪᠢᠴᠢᠭ᠌ᠯᠡᠬᠦ᠌ᠳᠦ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠢᠯᠡᠪᠡ᠃
ᠥᠪᠥᠷ ᠮᠣᠩᠭᠣᠯ ᠤ᠋ᠨ ᠪᠠᠷᠢᠯᠭ᠎ᠠ ᠵᠢᠨ ᠠᠵᠢᠯ ᠮᠡᠷᠭᠡᠵᠢᠯᠦᠨ ᠳᠡᠭᠡᠳᠦ ᠰᠤᠷᠭᠠᠭᠤᠯᠢ ᠵᠢᠨ ᠨᠠᠮ ᠤ᠋ᠨ ᠬᠣᠷᠢᠶᠠᠨ ᠤ᠋ ᠱᠦᠵᠢ ᠹᠠᠨ ᡁᠢ ᠵᠥᠩ᠄ 《ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠡᠴᠡ ᠱᠢᠨ᠎ᠡ ᠠᠶᠠᠨ ᠵᠠᠮ ᠳ᠋ᠤ ᠥᠭᠡᠷᠡᠴᠢᠯᠡᠯᠲᠡ ᠶ᠋ᠢ ᠤᠯᠠᠮ ᠨᠢᠭᠡ ᠠᠯᠬᠤᠮ ᠪᠦᠬᠦ᠌ ᠲᠠᠯᠠᠪᠠᠷ ᠭᠦᠨᠵᠡᠭᠡᠢᠷᠡᠭᠦᠯᠵᠦ᠍᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢᠨ ᠭᠡᠭᠡᠨ ᠰᠠᠷᠠᠭᠤᠯ ᠢᠷᠡᠭᠡᠳᠦᠢ ᠶ᠋ᠢ ᠨᠡᠭᠡᠭᠡᠬᠦ᠌ᠳᠦ ᠴᠢᠭ᠌ᠯᠡᠯ ᠢ᠋ ᠲᠣᠳᠣᠷᠬᠠᠢ ᠵᠢᠭᠠᠵᠤ ᠥᠭ᠌ᠴᠡᠢ᠃ ᠪᠢᠳᠠ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶ᠋ᠢ ᠣᠳᠣᠬᠠᠨ ᠤ᠋ ᠪᠠ ᠬᠣᠢᠱᠢᠳᠠ ᠵᠢᠨ ᠨᠢᠭᠡ ᠬᠤᠭᠤᠴᠠᠭᠠᠨ ᠤ᠋ ᠲᠡᠷᠢᠭᠦᠨ ᠴᠢᠬᠤᠯᠠ ᠤᠯᠤᠰ ᠲᠥᠷᠥ ᠵᠢᠨ ᠡᠭᠦᠷᠭᠡ ᠪᠣᠯᠭᠠᠵᠤ᠂ ᠰᠤᠷᠭᠠᠭᠤᠯᠢ ᠵᠢᠨ ᠰᠤᠷᠭᠠᠨ ᠬᠥᠮᠦᠵᠢᠯᠦᠨ ᠦᠶ᠋ᠯᠡᠰᠦᠨ ᠬᠥᠭ᠌ᠵᠢᠯᠲᠡ ᠵᠢᠨ ᠲᠥᠯᠥᠪᠵᠢᠭᠦᠯᠭᠡ (2025 — 2030 ᠣᠨ) ᠶ᠋ᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯᠦᠨ ᠬᠦᠴᠦᠷᠬᠡᠭ ᠤᠯᠤᠰ ᠤ᠋ᠨ ᠪᠥᠲᠥᠭᠡᠨ ᠪᠠᠢᠭᠤᠯᠤᠯᠲᠠ ᠪᠠ ᠱᠢᠨ᠎ᠡ ᠴᠠᠭ ᠦᠶ᠎ᠡ ᠵᠢᠨ ᠠᠵᠢᠯ ᠮᠡᠷᠭᠡᠵᠢᠯᠦᠨ ᠰᠤᠷᠭᠠᠨ ᠬᠥᠮᠦᠵᠢᠯᠦᠨ ᠡᠭᠦᠷᠭᠡ ᠬᠠᠷᠢᠭᠤᠴᠠᠯᠭ᠎ᠠ ᠳ᠋ᠤ ᠨᠠᠩ ᠤᠬᠠᠮᠰᠠᠷ ᠡᠴᠡᠪᠠᠨ ᠰᠠᠭᠤᠷᠢᠯᠠᠵᠤ᠂ ᠶᠣᠰᠣ ᠰᠤᠷᠲᠠᠬᠤᠨ ᠵᠢᠡᠷ ᠬᠥᠮᠦᠨ ᠢ᠋ ᠬᠥᠮᠦᠵᠢᠭᠦᠯᠬᠦ᠌ ᠦᠨᠳᠦᠰᠦᠨ ᠡᠭᠦᠷᠭᠡ ᠶ᠋ᠢ ᠨᠠᠢᠳᠠᠪᠤᠷᠢᠵᠢᠭᠤᠯᠵᠤ᠂ ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠠᠷ ᠨᠠᠮ ᠢ᠋ ᠬᠠᠮᠢᠶᠠᠷᠴᠤ᠌ ᠨᠠᠮ ᠢ᠋ ᠵᠠᠰᠠᠬᠤ ᠶ᠋ᠢ ᠪᠠᠷᠢᠮᠲᠠᠯᠠᠨ᠂ ᠬᠠᠳᠠᠭᠠᠰᠤ ᠬᠠᠳᠠᠬᠤ ᠵᠣᠷᠢᠭ ᠰᠠᠨᠠᠭᠠᠪᠠᠷ ᠵᠢᠭᠠᠨ ᠰᠤᠷᠭᠠᠯᠲᠠ᠂ ᠱᠢᠨᠵᠢᠯᠡᠬᠦ᠌ ᠤᠬᠠᠭᠠᠨ ᠤ᠋ ᠰᠤᠳᠤᠯᠭᠠᠨ᠂ ᠬᠠᠮᠢᠶᠠᠷᠤᠯᠲᠠ᠂ ᠦᠶ᠋ᠯᠡᠴᠢᠯᠡᠭᠡ ᠵᠡᠷᠭᠡ ᠡᠯ᠎ᠡ ᠵᠦᠶ᠋ᠯᠦᠨ ᠥᠭᠡᠷᠡᠴᠢᠯᠡᠯᠲᠡ ᠶ᠋ᠢ ᠨᠠᠷᠢᠯᠢᠭ ᠨᠠᠢᠳᠠᠪᠤᠷᠢᠵᠢᠭᠤᠯᠬᠤ ᠶ᠋ᠢ ᠠᠬᠢᠭᠤᠯᠤᠨ᠎ᠠ; ᠱᠢᠨ᠎ᠡ ᠶ᠋ᠢ ᠡᠭᠦᠳᠬᠦ ᠪᠡᠷ ᠬᠥᠳᠡᠯᠭᠡᠭᠦᠷ ᠪᠣᠯᠭᠠᠬᠤ ᠶ᠋ᠢ ᠴᠢᠩᠭᠠᠳᠭᠠᠵᠤ᠂ ᠣᠢᠯᠠᠭᠠᠭ᠍ᠳᠠᠬᠤᠨ ᠤ᠋ ᠱᠢᠨ᠎ᠡ ᠶ᠋ᠢ ᠡᠭᠦᠳᠬᠦ᠌᠂ ᠬᠠᠮᠢᠶᠠᠷᠤᠯᠲᠠ ᠵᠢᠨ ᠱᠢᠨ᠎ᠡ ᠶ᠋ᠢ ᠡᠭᠦᠳᠬᠦ᠌᠂ ᠳᠦᠷᠢᠮᠦᠨ ᠱᠢᠨ᠎ᠡ ᠶ᠋ᠢ ᠡᠭᠦᠳᠬᠦ᠌ ᠵᠡᠷᠭᠡ ᠣᠯᠠᠨ ᠲᠠᠯ᠎ᠠ ᠡᠴᠡ ᠱᠢᠨ᠎ᠡ ᠶ᠋ᠢ ᠡᠭᠦᠳᠬᠦ ᠪᠡᠷ ᠳᠠᠮᠵᠢᠨ᠂ ᠪᠦᠬᠦ᠌ ᠰᠤᠷᠭᠠᠭᠤᠯᠢ ᠵᠢᠨ ᠳᠡᠭᠡᠳᠦ ᠳᠣᠣᠷᠠᠳᠤ ᠱᠠᠲᠤᠨ ᠤ᠋ ᠱᠢᠨ᠎ᠡ ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ ᠤ᠋ᠨ ᠬᠦᠴᠦᠨ ᠢ᠋ ᠬᠥᠭ᠌ᠵᠢᠭᠡᠵᠦ᠍᠂ 〈ᠵᠢᠷᠭᠤᠭᠠᠨ ᠰᠤᠷᠭᠠᠭᠤᠯᠢ ᠵᠢᠨ ᠬᠦᠷᠢᠶ᠎ᠡ〉 ᠵᠢᠨ ᠪᠦᠲᠦᠭᠡᠨ ᠪᠠᠢᠭᠤᠯᠤᠯᠲᠠ ᠶ᠋ᠢ ᠥᠨᠳᠥᠷ ᠪᠠᠷᠢᠮᠵᠢᠶᠠᠪᠠᠷ ᠡᠬᠢᠯᠡᠭᠦᠯᠤᠨ᠂ ᠰᠤᠷᠭᠠᠭᠤᠯᠢ ᠵᠢᠨ ᠦᠷᠭᠦᠯᠵᠢᠯᠡᠨ ᠴᠢᠨᠠᠷ ᠰᠠᠢᠲᠠᠶ ᠬᠥᠭ᠌ᠵᠢᠬᠦ᠌ ᠶ᠋ᠢ ᠯᠠᠪᠳᠠᠭᠤᠨ ᠪᠠᠲᠤᠲᠠᠶ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠴᠢᠨᠠᠭ᠍ᠰᠢᠯᠠᠪᠠᠯ ᠪᠦᠬᠦ ᠤᠯᠤᠰᠲᠤ ᠥᠨᠳᠥᠷ ᠬᠡᠪ ᠪᠣᠯᠪᠠᠰᠤᠷᠠᠯᠲᠠᠶ ᠮᠡᠷᠭᠡᠵᠢᠯᠤᠨ ᠴᠢᠳᠠᠪᠤᠷᠢᠲᠠᠨ᠂ ᠤᠷ᠎ᠠ ᠮᠡᠷᠭᠡᠵᠢᠯᠲᠡᠨ᠂ ᠲᠣᠮᠣ ᠤᠯᠤᠰ ᠤ᠋ᠨ ᠮᠡᠷᠭᠡᠵᠢᠯᠲᠡᠨ ᠢ᠋ ᠨᠠᠩ ᠣᠯᠠᠨ ᠬᠥᠮᠦᠵᠢᠭᠦᠯᠵᠦ᠍ ᠥᠭ᠌ᠭᠦᠨᠡ》 ᠭᠡᠵᠤ ᠢᠯᠡᠷᠬᠡᠢᠯᠡᠪᠡ᠃
《ᠪᠢᠳᠡ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠴᠢᠬᠤᠯᠠ ᠶᠡᠬᠡ ᠠᠴᠢ ᠬᠣᠯᠪᠣᠭ᠍ᠳᠠᠯ᠂ ᠬᠠᠷᠠᠯᠲᠠ ᠱᠠᠭᠠᠷᠳᠠᠯᠭ᠎ᠠ ᠶ᠋ᠢ ᠭᠦᠶ᠋ᠴᠡᠳ ᠲᠠᠨᠢᠬᠤ ᠬᠡᠷᠡᠭ᠌ᠲᠡᠶ ᠪᠥᠭᠡᠳ ᠪᠠᠰᠠ ᠲᠣᠰ ᠪᠡᠶ᠎ᠡ ᠵᠢᠨ ᠪᠣᠳᠠᠲᠤ ᠪᠠᠢᠳᠠᠯᠲᠠᠶ ᠪᠠᠨ ᠨᠢᠭ᠍ᠲᠠ ᠤᠶᠠᠯᠳᠤᠭᠤᠯᠤᠨ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠡᠴᠡ ᠳᠤᠷᠠᠳᠤᠭ᠍ᠰᠠᠨ ᠱᠢᠨ᠎ᠡ ᠦᠵᠡᠯᠲᠡ᠂ ᠱᠢᠨ᠎ᠡ ᠨᠤᠲᠠᠯᠠᠯᠲᠠ᠂ ᠱᠢᠨ᠎ᠡ ᠦᠵᠡᠯ ᠰᠠᠨᠠᠭ᠎ᠠ᠂ ᠱᠢᠨ᠎ᠡ ᠪᠠᠢᠯᠳᠤᠬᠤ ᠪᠣᠳᠣᠯᠭ᠎ᠠ᠂ ᠱᠢᠨ᠎ᠡ ᠱᠠᠭᠠᠷᠳᠠᠯᠭ᠎ᠠ ᠶ᠋ᠢ ᠴᠠᠭ ᠲᠤᠬᠠᠶ ᠳ᠋ᠤᠨᠢ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯᠦᠨ ᠵᠢᠭᠠᠨ ᠰᠤᠷᠭᠠᠯᠲᠠ ᠪᠠ ᠥᠭᠡᠷᠡᠴᠢᠯᠡᠯᠲᠡᠳᠦ ᠠᠭᠤᠰᠤᠯᠴᠠᠭᠤᠯᠵᠤ᠂ ᠰᠤᠷᠤᠭ᠍ᠴᠢᠳ ᠤ᠋ᠨ ᠲᠠᠷᠢᠬᠢ ᠲᠣᠯᠣᠭᠠᠶ ᠶ᠋ᠢ ᠵᠡᠪᠰᠡᠭᠯᠡᠨ᠎ᠡ; ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠵᠢᠨ ᠤᠨᠤᠯ ᠤ᠋ᠨ ᠲᠠᠢᠯᠪᠤᠷᠢᠯᠠᠯᠲᠠ ᠶ᠋ᠢ ᠴᠢᠩᠭᠠᠳᠭᠠᠵᠤ᠂ ᠴᠢᠨᠠᠷ ᠰᠠᠢᠲᠠᠢ ᠰᠤᠳᠤᠯᠭᠠᠨ ᠤ᠋ ᠦᠷ᠎ᠡ ᠪᠦᠲᠦᠭᠡᠯ ᠭᠠᠷᠭᠠᠬᠤᠪᠠᠷ ᠴᠢᠷᠮᠠᠢᠨ᠎ᠠ; ᠡᠯ᠎ᠡ ᠲᠥᠷᠥᠯᠦᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠶ᠋ᠢ ᠢᠳᠡᠪᠬᠢᠲᠡᠢ ᠰᠠᠢᠲᠤᠷ ᠵᠣᠬᠢᠶᠠᠨ ᠪᠠᠢᠭᠤᠯᠵᠤ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠡᠭᠡᠯ ᠠᠷᠠᠳ ᠤ᠋ᠨ ᠭᠡᠷᠲᠦ ᠬᠦᠷᠭᠡᠬᠦ᠌ ᠶ᠋ᠢ ᠠᠬᠢᠭᠤᠯᠤᠨ᠎ᠠ; ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠦᠬᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠴᠠᠭ ᠲᠤᠬᠠᠶ ᠳ᠋ᠤᠨᠢ ᠪᠥᠬᠥ᠌ ᠲᠠᠯᠠᠪᠠᠷ ᠭᠦᠨᠵᠡᠭᠡᠶ ᠣᠢᠯᠠᠭᠠᠵᠤ᠂ ᠵᠢᠭᠠᠨ ᠰᠤᠷᠭᠠᠯᠲᠠ ᠪᠠ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠠᠵᠢᠯ ᠳ᠋ᠤ ᠴᠠᠭ ᠲᠤᠬᠠᠶ ᠳ᠋ᠤᠨᠢ ᠠᠭᠤᠰᠤᠯᠴᠠᠭᠤᠯᠤᠨ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠲᠠᠷᠢᠬᠢ ᠲᠣᠯᠣᠭᠠᠶᠳᠠᠭᠠᠨ ᠬᠠᠳᠠᠩᠱᠢᠭᠤᠯᠵᠤ᠂ ᠵᠢᠭᠠᠬᠤ ᠮᠠᠲ᠋ᠧᠷᠢᠶᠠᠯ ᠳ᠋ᠤ ᠣᠷᠣᠭᠤᠯᠵᠤ᠂ ᠬᠢᠴᠢᠶᠡᠯᠦᠨ ᠲᠠᠩᠬᠢᠮ ᠳ᠋ᠤ ᠣᠷᠣᠭᠤᠯᠤᠨ᠂ ᠰᠤᠷᠤᠭ᠍ᠴᠢᠳ ᠢ᠋ ᠬᠥᠮᠦᠵᠢᠭᠦᠯᠦᠨ ᠵᠢᠯᠣᠭᠣᠳᠴᠤ᠌ ᠪᠠᠢᠭᠠᠳ ᠱᠢᠨ᠎ᠡ ᠴᠠᠭ ᠦᠶ᠎ᠡ ᠵᠢᠨ ᠦᠵᠡᠯ ᠰᠠᠨᠠᠭᠠᠨ ᠤ᠋ ᠠᠸ᠋ᠭᠠ ᠬᠦᠴᠦᠨ ᠢ᠋ ᠣᠢᠯᠠᠭᠠᠭᠤᠯᠵᠤ᠂ ᠠᠭᠤᠤ ᠶᠡᠬᠡ ᠦᠶ᠋ᠯᠡᠳᠦᠯᠭᠡ ᠶ᠋ᠢ ᠣᠢᠯᠠᠭᠠᠭᠤᠯᠤᠨ᠂ ᠳᠤᠮᠳᠠᠳᠤ ᠤᠯᠤᠰ ᠤ᠋ᠨ ᠮᠠᠶᠢᠬᠤᠨ ᠤᠳᠤᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠶ᠋ᠢ ᠴᠢᠷᠮᠠᠢᠨ ᠪᠢᠴᠢᠭ᠌ᠯᠡᠬᠦ᠌ᠳᠦ ᠵᠠᠯᠠᠭᠤ ᠨᠠᠰᠤᠨ ᠤ᠋ ᠬᠦᠴᠦᠨ ᠴᠢᠳᠠᠯ ᠵᠢᠡᠨ ᠡᠷᠬᠦᠨ᠎ᠡ》 ᠭᠡᠵᠤ ᠥᠪᠥᠷ ᠮᠣᠩᠭᠣᠯ ᠤ᠋ᠨ ᠠᠨᠠᠭᠠᠬᠤ ᠤᠬᠠᠭᠠᠨ ᠤ᠋ ᠶᠡᠬᠡ ᠰᠤᠷᠭᠠᠭᠤᠯᠢ ᠵᠢᠨ ᠮᠠᠷᠺᠰ ᠤ᠋ᠨ ᠦᠵᠡᠯᠦᠨ ᠳᠡᠭᠡᠳᠦ ᠰᠤᠷᠭᠠᠭᠤᠯᠢ ᠵᠢᠨ ᠨᠠᠮ ᠤ᠋ᠨ ᠶᠡᠷᠦᠩᠬᠡᠶ ᠡᠭᠦᠷᠦᠨ ᠱᠦᠵᠢ᠂ ᠵᠠᠬᠢᠷᠤᠯ ᠸᠠᠩ ᠶᠠᠨ ᠬᠡᠯᠡᠨ᠎ᠡ᠃
《ᠰᠤᠷᠭᠠᠭᠤᠯᠢ ᠵᠢᠨ ᠨᠠᠮ ᠤ᠋ᠨ ᠬᠣᠷᠢᠶ᠎ᠠ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠰᠢᠯᠠᠭᠤᠯᠬᠤ ᠶ᠋ᠢ ᠲᠡᠷᠢᠭᠦᠨ ᠴᠢᠬᠤᠯᠠ ᠤᠯᠤᠰ ᠲᠥᠷᠥ ᠵᠢᠨ ᠡᠭᠦᠷᠭᠡ ᠪᠤᠯᠭᠠᠵᠤ᠂ ᠪᠦᠬᠦ᠌ ᠰᠤᠷᠭᠠᠭᠤᠯᠢ ᠵᠢᠨ ᠪᠠᠭ᠍ᠰᠢ ᠰᠤᠷᠤᠭ᠍ᠴᠢᠳ ᠤ᠋ᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶ᠋ᠢ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠳᠡᠭᠡᠷ᠎ᠡ ᠨᠢᠭᠡᠳᠭᠡᠨ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯᠦᠨ ᠴᠢᠳᠠᠪᠤᠷᠢᠲᠠᠨ ᠤ᠋ ᠪᠠᠢᠭᠤᠯᠤᠮᠵᠢ ᠲᠣᠭ᠍ᠲᠠᠴᠠ ᠶ᠋ᠢ ᠨᠢᠭᠡ ᠴᠤᠬ᠍ᠴᠠᠵᠢᠭᠤᠯᠬᠤ ᠥᠭᠡᠷᠡᠴᠢᠯᠡᠯᠲᠡ ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠᠢᠯᠳᠤᠬᠤ ᠪᠤᠳᠤᠯᠭ᠎ᠠ ᠵᠢᠨ ᠪᠠᠢᠷᠢᠯᠠᠭᠤᠯᠤᠯᠲᠠ ᠬᠢᠵᠤ᠂ ᠳᠡᠭᠡᠳᠦ ᠰᠤᠷᠭᠠᠭᠤᠯᠢ ᠵᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯᠦᠨ ᠴᠢᠳᠠᠪᠤᠷᠢᠲᠠᠨ ᠤ᠋ ᠠᠭᠤᠰᠤᠯᠴᠠᠯ ᠤ᠋ᠨ ᠳᠠᠪᠠᠭᠤᠯᠢᠭ ᠢ᠋ ᠪᠠᠳᠠᠷᠠᠭᠤᠯᠤᠨ᠂ ᠶᠣᠰᠣ ᠰᠤᠷᠲᠠᠬᠤᠨ ᠵᠢᠡᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ ᠶ᠋ᠢ ᠨᠠᠢᠳᠠᠪᠤᠷᠢᠵᠢᠭᠤᠯᠵᠤ᠂ ᠦᠢᠯᠡᠰ ᠪᠤᠰᠬᠠᠵᠤ ᠤᠯᠤᠰᠲᠠᠭᠠᠨ ᠵᠢᠳᠬᠦᠬᠦ᠌᠂ ᠰᠢᠯᠢᠳᠡᠭ ᠢ᠋ ᠬᠦᠭᠡᠭᠡᠴᠡᠯᠳᠦᠭᠰᠡᠨ ᠴᠠᠭ ᠦᠶ᠎ᠡ ᠵᠢᠨ ᠱᠢᠨ᠎ᠡ ᠬᠥᠮᠦᠨ ᠢ᠋ ᠬᠦᠮᠦᠵᠢᠭᠦᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠲᠠᠪᠴᠠᠩ᠂ ᠪᠦᠯᠬᠦᠮ ᠨᠡᠢᠲᠡ ᠵᠢᠨ ᠨᠢᠭᠡ ᠴᠣᠭ᠍ᠴᠠᠵᠢᠭ᠍ᠰᠠᠨ ᠬᠥᠭ᠌ᠵᠢᠯᠲᠡ᠂ ᠵᠣᠬᠢᠶᠠᠨ ᠪᠠᠢᠭᠤᠯᠤᠯᠲᠠᠲᠠᠶ ᠱᠢᠨᠵᠢᠯᠡᠬᠦ᠌ ᠤᠬᠠᠭᠠᠨ ᠤ᠋ ᠰᠤᠳᠤᠯᠭᠠᠨ ᠢ᠋ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯᠲᠠᠶ ᠪᠠᠭ᠍ᠰᠢ ᠵᠢᠨ ᠡᠩᠨᠡᠭᠡ ᠶ᠋ᠢ ᠪᠠᠢᠭᠤᠯᠤᠨ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ ᠵᠢᠡᠷ ᠤᠯᠤᠰ ᠵᠢᠡᠨ ᠮᠠᠨᠳᠤᠭᠤᠯᠬᠤ ᠪᠠᠢᠯᠳᠤᠬᠤ ᠪᠣᠳᠣᠯᠭ᠎ᠠ᠂ ᠴᠢᠳᠠᠪᠤᠷᠢᠲᠠᠨ ᠵᠢᠡᠷ ᠤᠯᠤᠰ ᠵᠢᠡᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠂ ᠱᠢᠨ᠎ᠡ ᠶ᠋ᠢ ᠡᠭᠦᠳᠬᠦ ᠪᠡᠷ ᠬᠥᠭ᠌ᠵᠢᠯᠲᠡ ᠵᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ ᠳ᠋ᠤ ᠬᠦᠴᠦᠲᠡᠶ ᠲᠤᠯᠭᠠᠭᠤᠷᠢᠯᠠᠯ ᠬᠠᠩᠭᠠᠨ᠎ᠠ》 ᠭᠡᠵᠤ ᠬᠥᠬᠡᠬᠣᠲᠠ ᠵᠢᠨ ᠠᠵᠢᠯ ᠮᠡᠷᠭᠡᠵᠢᠯᠦᠨ ᠳᠡᠭᠡᠳᠦ ᠰᠤᠷᠭᠠᠭᠤᠯᠢ ᠵᠢᠨ ᠨᠠᠮ ᠤ᠋ᠨ ᠬᠣᠷᠢᠶᠠᠨ ᠤ᠋ ᠱᠦᠵᠢ ᠼᠤᠤ ᠬᠣᠩ ᠢᠯᠡᠷᠭᠡᠢᠯᠡᠪᠡ᠃
ᠥᠪᠥᠷ ᠮᠣᠩᠭᠣᠯ ᠤ᠋ᠨ ᠠᠵᠤ ᠦᠶ᠋ᠯᠡᠳᠪᠦᠷᠢ ᠵᠢᠨ ᠶᠡᠬᠡ ᠰᠤᠷᠭᠠᠭᠤᠯᠢ ᠵᠢᠨ ᠨᠠᠮ ᠤ᠋ᠨ ᠬᠣᠷᠢᠶᠠᠨ ᠤ᠋ ᠭᠡᠱᠢᠭᠦᠨ᠂ ᠤᠬᠠᠭᠤᠯᠬᠤ ᠬᠡᠯᠲᠡᠰᠦᠨ ᠳᠠᠷᠤᠭ᠎ᠠ ᠵᠢᠨ ᠶᠠᠨ ᠹᠸᠢ᠄《ᠶᠡᠬᠡ ᠳᠡᠭᠡᠳᠦ ᠰᠤᠷᠭᠠᠭᠤᠯᠢ ᠵᠢᠨ ᠤᠬᠠᠭᠤᠯᠬᠤ ᠠᠵᠢᠯᠲᠠᠨ ᠪᠣᠯᠤᠭ᠍ᠰᠠᠨ ᠤ᠋ ᠬᠤᠪᠢ ᠳ᠋ᠤ᠂ ᠪᠢ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠨᠠᠷᠢᠨ ᠬᠢᠨᠠᠮᠠᠭᠠᠶ ᠰᠤᠷᠤᠯᠴᠠᠵᠤ ᠤᠬᠠᠭᠤᠯᠤᠨ ᠲᠤᠭᠤᠱᠢᠯᠠᠭᠤᠯᠬᠤ ᠶ᠋ᠢ ᠨᠢᠭᠡ ᠵᠦᠶ᠋ᠯᠦᠨ ᠴᠢᠬᠤᠯᠠ ᠶᠡᠬᠡ ᠤᠯᠤᠰ ᠲᠦᠷᠦ ᠵᠢᠨ ᠡᠭᠦᠷᠭᠡ ᠪᠣᠯᠭᠠᠨ᠎ᠠ᠂ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠤᠬᠠᠭᠤᠯᠤᠨ ᠲᠠᠢᠯᠪᠤᠷᠢᠯᠠᠬᠤ ᠶ᠋ᠢ ᠶᠡᠷᠦᠩᠬᠡᠶ ᠱᠦᠵᠢ ᠰᠢ ᠵᠢᠨ ᠫᠢᠩᠦᠨ ᠥᠪᠥᠷ ᠮᠣᠩᠭᠣᠯ ᠤ᠋ᠨ ᠲᠤᠬᠠᠶ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠪᠠ ᠳᠤᠮᠳᠠᠳᠤ ᠵᠢᠨ ᠦᠨᠳᠦᠰᠦᠲᠡᠨᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠠᠵᠢᠯ ᠤ᠋ᠨ ᠭᠤᠤᠯ ᠱᠢᠵᠢᠮ ᠲᠠᠢ ᠬᠠᠮᠲᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶᠠᠨ ᠤ᠋ ᠠᠷᠪᠠᠨ ᠨᠢᠭᠡᠳᠦᠭᠡᠷ ᠬᠤᠭᠤᠴᠠᠭᠠᠨ ᠤ᠋ ᠨᠠᠶ᠋ᠮᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤᠲᠠᠶ ᠤᠶᠠᠯᠳᠤᠭᠤᠯᠤᠨ᠂ ᠰᠤᠷᠭᠠᠭᠤᠯᠢ ᠵᠢᠨ ᠨᠠᠮ ᠤ᠋ᠨ ᠬᠣᠷᠢᠶᠠᠨ ᠤ᠋ ᠯᠧᠺᠲ᠋ᠣᠷ ᠤ᠋ᠨ ᠪᠦᠯᠬᠦᠮ᠂ 〈ᠲᠠᠪᠤᠨ ᠠᠬᠠᠮᠠᠳ〉 ᠤᠬᠠᠭᠤᠯᠤᠨ ᠲᠠᠢᠯᠪᠤᠷᠢᠯᠠᠬᠤ ᠪᠦᠯᠬᠦᠮ᠂ 〈ᠤᠯᠠᠭᠠᠨ ᠠᠨᠠᠷ〉 ᠤᠬᠠᠭᠤᠯᠤᠨ ᠲᠠᠢᠯᠪᠤᠷᠢᠯᠠᠬᠤ ᠪᠦᠯᠬᠦᠮ ᠢ᠋ ᠵᠤᠬᠢᠶᠠᠨ ᠪᠠᠢᠭᠤᠯᠵᠤ᠂ ᠪᠠᠭ᠍ᠰᠢ ᠰᠤᠷᠤᠭ᠍ᠴᠢᠳ ᠤ᠋ᠨ ᠳᠤᠮᠳᠠ ᠭᠦᠨᠵᠡᠭᠡᠢᠷᠡᠨ ᠵᠦᠷᠢᠶᠡᠴᠢᠯᠡᠭᠰᠡᠨ ᠬᠠᠷᠢᠯᠴᠠᠨ ᠬᠦᠳᠡᠯᠤᠯᠴᠡᠭᠰᠡᠨ ᠲᠠᠢᠯᠪᠤᠷᠢᠯᠠᠬᠤ ᠠᠵᠢᠯᠯᠠᠭ᠎ᠠ ᠶ᠋ᠢ ᠥᠷᠭᠡᠨ ᠵᠢᠡᠷ ᠥᠷᠨᠢᠭᠦᠯᠦᠨ᠎ᠡ᠃ ᠪᠥᠬᠥ᠌ ᠰᠤᠷᠭᠠᠭᠤᠯᠢ ᠵᠢᠨ ᠪᠠᠭ᠍ᠰᠢ ᠰᠤᠷᠤᠭ᠍ᠴᠢᠳ ᠢ᠋ ᠬᠥᠲᠥᠯᠥᠨ ᠵᠢᠯᠣᠭᠣᠳᠴᠤ᠌ ᠪᠠᠢᠭᠠᠳ ᠨᠠᠮ ᠤ᠋ᠨ ᠬᠣᠷᠢᠳᠤᠭᠠᠷ ᠬᠤᠭᠤᠴᠠᠭᠠᠨ ᠤ᠋ ᠲᠥᠪ ᠬᠣᠷᠢᠶᠠᠨ ᠤ᠋ ᠭᠤᠷᠪᠠᠳᠤᠭᠠᠷ ᠪᠥᠬᠥᠳᠡ ᠬᠤᠷᠠᠯ ᠤ᠋ᠨ ᠵᠣᠷᠢᠭ ᠰᠠᠨᠠᠭ᠎ᠠ ᠶ᠋ᠢ ᠤᠢᠯᠠᠭᠠᠵᠤ ᠡᠵᠡᠮᠱᠢᠬᠦ᠌ ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠰᠤᠷᠤᠯᠴᠠᠵᠤ ᠤᠢᠯᠠᠭᠠᠨ ᠨᠡᠪᠲᠡᠷᠡᠲᠡᠯ᠎ᠡ ᠣᠢᠯᠠᠭᠠᠨ᠂ ᠭᠦᠨᠵᠡᠭᠡᠶ ᠰᠤᠷᠤᠯᠴᠠᠨ ᠭᠦᠢᠴᠡᠳ ᠤᠢᠯᠠᠭᠠᠭᠤᠯᠬᠤ ᠶ᠋ᠢ ᠦᠨᠡᠨ ᠬᠦ᠌ ᠪᠡᠶᠡᠯᠡᠭᠦᠯᠤᠨ᠂ 〈ᠬᠣᠶᠠᠷ ᠢ᠋ ᠲᠣᠭ᠍ᠲᠠᠭᠠᠭᠰᠠᠨ〉ᠤ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ ᠢ᠋ ᠨᠠᠩ ᠭᠦᠨᠵᠡᠭᠡᠶ ᠣᠢᠯᠠᠭᠠᠵᠤ᠂ 〈ᠬᠣᠶᠠᠷ ᠢ᠋ ᠬᠠᠮᠠᠭᠠᠯᠠᠬᠤ〉 ᠶ᠋ᠢ ᠨᠠᠩ ᠡᠷᠡᠰ ᠪᠠᠲᠤ ᠪᠡᠶᠡᠯᠡᠭᠦᠯᠤᠨ᠂ ᠤᠯᠤᠰ ᠵᠢᠡᠨ ᠬᠠᠢᠷᠠᠯᠠᠬᠤ ᠰᠡᠳᠭᠢᠯᠭᠡ ᠶ᠋ᠢ ᠤᠯᠤᠰ ᠵᠢᠡᠨ ᠬᠦᠴᠦᠷᠬᠡᠭ᠌ᠵᠢᠭᠦᠯᠬᠦ᠌ ᠵᠣᠷᠢᠭ ᠰᠠᠨᠠᠭ᠎ᠠ᠂ ᠤᠯᠤᠰ ᠤ᠋ᠨ ᠵᠢᠡᠨ ᠲᠥᠯᠥᠭᠡ ᠵᠢᠳᠬᠦᠬᠦ᠌ ᠪᠤᠯᠭᠠᠵᠤ ᠬᠤᠪᠢᠷᠠᠭᠤᠯᠤᠨ᠎ᠠ》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃