ᠬᠣᠷᠢᠳᠤᠭᠠᠷ ᠬᠤᠭᠤᠴᠠᠭᠠᠨ᠎ᠤ᠋ ᠭᠤᠷᠪᠠᠳᠤᠭᠠᠷ ᠪᠦᠭᠦᠳᠡ ᠬᠤᠷᠠᠯ > ᠮᠡᠳᠡᠭᠡᠯᠡᠯ

2024-07-30 10:18:36

ᠵᠣᠬᠢᠶᠠᠭ᠍ᠴᠢ᠄ ᠠᠷᠠᠳ᠎ᠤᠨ ᠡᠳᠦᠷ᠎ᠦᠨ ᠰᠣᠨᠢᠨ᠎ᠤ ᠱᠢᠭᠦᠮᠵᠢᠯᠡᠭ᠌ᠴᠢ ᠣᠩᠱᠢᠭ᠍ᠰᠠᠨ ᠣᠳᠠᠭ᠎ᠠ᠄ 3

— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ


《ᠥᠭᠡᠷᠡᠴᠢᠯᠡᠯᠲᠡ᠎ᠶ᠋ᠢᠨ ᠪᠣᠳᠠᠲᠤ ᠦᠷ᠎ᠡ ᠪᠦᠲᠦᠮᠵᠢ᠎ᠶ᠋ᠢ ᠨᠡᠩ ᠢᠯᠡᠭᠦᠦ ᠴᠢᠬᠤᠯᠠᠴᠢᠯᠠᠬᠤ ᠬᠡᠷᠡᠭ᠌ᠲᠡᠶ》᠂ 《ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ᠎ᠶ᠋ᠢ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠬᠡᠷᠡᠭ᠌ᠲᠡᠶ》᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠭᠦᠳᠡ ᠬᠤᠷᠠᠯ᠎ᠡᠴᠡ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠲᠣᠭ᠍ᠲᠠᠭᠠᠯ 》 ᠎ᠢ᠋ ᠬᠢᠨᠠᠨ ᠶᠠᠷᠢᠯᠴᠠᠵᠤ ᠪᠠᠲᠤᠯᠠᠭᠠᠳ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠲᠣᠭᠣᠷᠢᠨ᠎ᠳᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠶᠡᠷᠦᠩᠬᠡᠶ ᠪᠠᠢᠷᠢᠯᠠᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠤᠬᠠᠭᠠᠯᠠᠨ ᠲᠥᠯᠥᠪᠯᠡᠵᠦ᠍᠂《ᠪᠦᠬᠦ᠌ ᠨᠠᠮ᠎ᠢᠶᠠᠷ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ 〈ᠲᠣᠭ᠍ᠲᠠᠭᠠᠯ〉 ᠎ᠢ᠋ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠶ》 ᠭᠡᠵᠦ᠍ ᠴᠢᠬᠤᠯᠠᠴᠢᠯᠠᠵᠠᠶ᠃

《ᠦᠭᠡᠷᠡᠴᠢᠯᠡᠯᠲᠡ ᠵᠢᠨ ᠠᠬᠢᠭᠤᠯᠤᠭᠴᠢ ᠪᠤᠯᠬᠤ ᠮᠦᠷᠲᠡᠭᠡᠨ ᠪᠠᠰᠠ ᠦᠭᠡᠷᠡᠴᠢᠯᠡᠯᠲᠡ ᠵᠢᠨ ᠪᠤᠲᠠᠲᠠᠢ ᠠᠵᠢᠯᠯᠠᠭᠴᠢ ᠪᠤᠯᠬᠤ ᠬᠡᠷᠡᠭᠲᠡᠢ》᠂ ᠱᠢᠨ᠎ᠡ ᠴᠠᠭ ᠦᠶ᠎ᠡ᠎ᠳᠦ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠠᠵᠢᠯ ᠲᠡᠦᠬᠡᠲᠦ ᠴᠢᠨᠠᠷᠲᠠᠢ ᠠᠭᠤᠤ ᠶᠡᠬᠡ ᠠᠮᠵᠢᠯᠲᠠ ᠣᠯᠤᠭ᠍ᠰᠠᠨ᠎ᠤ ᠵᠠᠩᠭᠢᠯᠠᠭ᠎ᠠ ᠨᠢ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠪᠠᠢᠷᠢᠯᠠᠭᠤᠯᠤᠯᠲᠠ᠎ᠶ᠋ᠢ ᠠᠳᠭᠤᠵᠤ᠂ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠱᠠᠯᠠᠪᠳᠠᠭᠤᠯᠤᠨ ᠪᠠᠢᠴᠠᠭᠠᠯᠲᠠ᠎ᠶ᠋ᠢ ᠠᠳᠭᠤᠭ᠍ᠰᠠᠨ᠎ᠳᠤ ᠪᠠᠢᠨ᠎ᠠ᠃ ᠲᠥᠪ᠎ᠦᠨ ᠲᠠᠯ᠎ᠠ᠎ᠡᠴᠡ ᠶᠡᠷᠦᠩᠬᠡᠢ᠎ᠳᠦᠨᠢ ᠵᠢᠷᠤᠵᠤ ᠲᠥᠯᠥᠪᠯᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠦ᠂ ᠪᠦᠬᠦᠯᠢ ᠴᠣᠭ᠍ᠴᠠ᠎ᠪᠠᠷ ᠠᠬᠢᠭᠤᠯᠵᠤ᠂ ᠱᠠᠯᠠᠪᠳᠠᠭᠤᠯᠤᠨ ᠨᠠᠢᠳᠠᠪᠤᠷᠢᠵᠢᠭᠤᠯᠬᠤ᠎ᠡᠴᠡ ᠠᠪᠤᠭᠠᠳ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠡᠭᠦᠷᠭᠡ᠎ᠪᠡᠨ ᠲᠣᠳᠣᠷᠬᠠᠢᠯᠠᠵᠤ᠂ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠵᠤ᠂ ᠠᠵᠢᠯ᠎ᠤᠨ ᠬᠤᠭᠤᠴᠠᠭ᠎ᠠ᠎ᠶ᠋ᠢ ᠤᠷᠢᠳᠴᠢᠯᠠᠨ ᠲᠤᠬᠢᠷᠠᠭᠤᠯᠵᠤ᠂ ᠠᠯᠬᠤᠮ ᠠᠯᠬᠤᠮ᠎ᠢᠶᠠᠷ ᠠᠬᠢᠭᠤᠯᠬᠤ ᠬᠦᠷᠲᠡᠯ᠎ᠡ᠂ ᠲᠠᠬᠢᠭᠠᠳ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠢᠨ ᠭᠦᠨᠵᠡᠭᠡᠢ ᠱᠠᠯᠠᠪᠳᠠᠭᠤᠯᠤᠨ ᠪᠠᠢᠴᠠᠭᠠᠵᠤ᠂ ᠥᠭᠡᠷᠡᠴᠢᠯᠡᠯᠲᠡ᠎ᠶ᠋ᠢ ᠨᠠᠢᠳᠠᠪᠤᠷᠢᠵᠢᠭᠤᠯᠬᠤ᠎ᠶ᠋ᠢ ᠦᠨᠡᠨ ᠪᠤᠲᠠᠲᠠᠢ ᠠᠬᠢᠭᠤᠯᠬᠤ ᠬᠦᠷᠲᠡᠯ᠎ᠡ ᠁ ᠪᠦᠬᠦ᠌ ᠨᠠᠮ᠎ᠢᠶᠠᠷ᠎ᠢᠶᠠᠨ ᠨᠠᠢᠳᠠᠪᠤᠷᠢᠵᠢᠭᠤᠯᠤᠯᠲᠠ ᠵᠢ ᠠᠳᠬᠤᠬᠤ᠎ᠪᠠᠷ ᠥᠭᠡᠷᠡᠴᠢᠯᠡᠯᠲᠡ᠎ᠶ᠋ᠢᠨ ᠠᠵᠢᠯ᠎ᠢ ᠠᠬᠢᠭᠤᠯᠬᠤ ᠵᠢᠨ ᠭᠣᠣᠯᠳᠠᠯᠭ᠎ᠠ ᠪᠣᠯᠭᠠᠵᠤ᠂ ᠨᠢᠭᠡ ᠬᠤᠪᠢ ᠵᠢᠨ ᠪᠠᠢᠷᠢᠯᠠᠭᠤᠯᠤᠯᠲᠠ᠂ ᠶᠢᠰᠦᠨ ᠬᠤᠪᠢ ᠵᠢᠨ ᠨᠠᠢᠳᠠᠪᠤᠷᠢᠵᠢᠭᠤᠯᠤᠯᠲᠠ᠎ᠶ᠋ᠢ ᠪᠠᠷᠢᠮᠲᠠᠯᠠᠵᠤ᠂ ᠲᠡᠮᠦᠷ ᠪᠠᠷᠢᠪᠠᠯ ᠤᠷᠤᠮ᠎ᠲᠠᠶ᠂ ᠴᠢᠯᠠᠭᠤᠨ ᠳᠡᠭᠡᠷ᠎ᠡ ᠬᠢᠰᠭᠢᠪᠡᠯ ᠮᠥᠷ᠎ᠲᠡᠶ ᠪᠠᠢᠵᠤ᠂ ᠥᠭᠡᠷᠡᠴᠢᠯᠡᠯᠲᠡ᠎ᠶ᠋ᠢ ᠯᠠᠪᠳᠠᠭᠤᠨ ᠪᠠᠲᠤᠲᠠᠢ ᠡᠮᠬᠢ ᠵᠢᠷᠤᠮ᠎ᠲᠠᠶ ᠠᠬᠢᠭᠤᠯᠬᠤ᠎ᠶ᠋ᠢ ᠦᠨᠡᠨ ᠬᠦ᠌ ᠪᠠᠲᠤᠯᠠᠵᠤ᠂ ᠮᠠᠰᠢ ᠤᠯᠠᠨ ᠬᠦᠷᠢᠶᠡᠨ᠎ᠳᠦ ᠲᠡᠦᠬᠡᠲᠦ ᠴᠢᠨᠠᠷᠲᠠᠢ ᠬᠤᠪᠢᠰᠤᠯᠲᠠ᠂ ᠱᠢᠰᠲ᠋ᠧᠮᠲᠦ ᠴᠢᠨᠠᠷᠲᠠᠢ ᠲᠠᠬᠢᠨ ᠴᠣᠭ᠍ᠴᠠᠯᠠᠯᠲᠠ᠂ ᠪᠦᠬᠦᠯᠢ ᠴᠣᠭ᠍ᠴᠠ᠎ᠶ᠋ᠢᠨ ᠴᠢᠨᠠᠷᠲᠠᠢ ᠲᠠᠬᠢᠨ ᠴᠣᠭ᠍ᠴᠠᠯᠠᠯᠲᠠ᠎ᠶ᠋ᠢ ᠪᠡᠶᠡᠯᠡᠭᠦᠯᠪᠡ᠃ ᠰᠠᠢ᠌ᠨ ᠱᠢᠢᠳᠪᠦᠷᠢᠲᠦ ᠪᠤᠳᠤᠯᠭ᠎ᠠ᠂ ᠰᠠᠢ᠌ᠨ ᠵᠢᠷᠤᠭ ᠲᠥᠰᠦᠪ᠎ᠲᠡᠶ ᠪᠣᠯᠤᠭ᠍ᠰᠠᠨ᠎ᠤ ᠲᠠᠷᠠᠭ᠎ᠠ ᠵᠠᠩᠭᠢᠯᠠᠭ᠎ᠠ ᠨᠢ ᠨᠠᠢᠳᠠᠪᠤᠷᠢᠵᠢᠭᠤᠯᠬᠤ᠎ᠳᠤ ᠪᠠᠢᠨ᠎ᠠ᠃ ᠭᠠᠭ᠍ᠴᠠ ᠬᠦ᠌ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠪᠠᠯ ᠰᠠᠶᠢ ᠥᠭᠡᠷᠡᠴᠢᠯᠡᠯᠲᠡ᠎ᠶ᠋ᠢᠨ ᠲᠠᠰᠤᠷᠠᠯᠳᠠ ᠦᠭᠡᠢ ᠱᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠵᠤ ᠴᠢᠳᠠᠨ᠎ᠠ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠪᠡ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠰᠠᠢᠳᠤᠷ ᠲᠤᠭᠤᠱᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠪᠦᠬᠦ᠌ ᠨᠠᠮ ᠪᠦᠬᠦ᠌ ᠤᠯᠤᠰ᠎ᠤᠨ ᠨᠢᠭᠡᠨ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠮᠥᠨ᠃ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠥᠭᠡᠷᠡᠴᠢᠯᠡᠯᠲᠡ᠎ᠶ᠋ᠢ ᠠᠳᠭᠤᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠥᠭᠡᠷᠡᠴᠢᠯᠡᠯᠲᠡ᠎ᠶ᠋ᠢ ᠠᠬᠢᠭᠤᠯᠬᠤ ᠤᠯᠤᠰ ᠲᠦᠷᠦ᠍᠎ᠶ᠋ᠢᠨ ᠤᠬᠠᠮᠰᠠᠷ᠎ᠢᠶᠠᠨ ᠴᠢᠩᠭᠠᠳᠭᠠᠬᠤ ᠬᠡᠷᠡᠭ᠌ᠲᠡᠢ᠃ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠭᠣᠣᠯ ᠰᠡᠳᠦᠪ᠂ ᠴᠢᠬᠤᠯᠠ ᠶᠡᠬᠡ ᠵᠠᠷᠴᠢᠮ᠂ ᠴᠢᠬᠤᠯᠠ ᠶᠡᠬᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠥᠭᠡᠷᠡᠴᠢᠯᠡᠯᠲᠡ᠎ᠶ᠋ᠢ ᠠᠬᠢᠭᠤᠯᠬᠤ ᠦᠵᠡᠯ ᠰᠠᠨᠠᠭᠠᠨ᠎ᠤ ᠤᠬᠠᠮᠰᠠᠷ᠎ᠢᠶᠠᠨ ᠴᠢᠩᠭᠠᠳᠭᠠᠬᠤ ᠬᠡᠷᠡᠭ᠌ᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠥᠭᠡᠷᠡᠴᠢᠯᠡᠯᠲᠡ᠎ᠶ᠋ᠢ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠵᠤ᠂ ᠨᠠᠮ᠎ᠤᠨ ᠲᠥᠪ ᠬᠣᠷᠢᠶᠠᠨ᠎ᠤ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠨᠠᠮ᠎ᠢᠶᠠᠷ᠎ᠢᠶᠠᠨ ᠡᠷᠬᠡᠪᠰᠢ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠵᠣᠷᠢᠭ᠍ᠲᠠᠢ᠎ᠪᠠᠷ ᠬᠢᠵᠦ᠍ ᠴᠢᠳᠠᠮᠠᠭᠠᠢ᠎ᠪᠠᠷ ᠠᠵᠢᠯᠯᠠᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠥᠭᠡᠷᠡᠴᠢᠯᠡᠯᠲᠡ᠎ᠶ᠋ᠢ ᠠᠬᠢᠭᠤᠯᠬᠤ ᠠᠵᠢᠯᠯᠠᠭᠠᠨ᠎ᠤ ᠤᠬᠠᠮᠰᠠᠷ᠎ᠢᠶᠠᠨ ᠴᠢᠩᠭᠠᠳᠭᠠᠬᠤ ᠬᠡᠷᠡᠭ᠌ᠲᠡᠢ᠃

ᠶᠡᠷᠦᠩᠬᠡᠢ ᠱᠦᠵᠢ ᠰᠢ ᠵᠢᠨ ᠫᠢᠩ᠄ 《ᠥᠭᠡᠷᠡᠴᠢᠯᠡᠯᠲᠡ ᠬᠢᠬᠦ᠌᠎ᠳᠦ ᠤᠬᠠᠭᠠᠯᠠᠨ ᠲᠥᠯᠥᠪᠯᠡᠬᠦ᠌᠎ᠶ᠋ᠢ ᠴᠢᠬᠤᠯᠠᠴᠢᠯᠠᠵᠤ᠂ ᠨᠠᠢᠳᠠᠪᠤᠷᠢᠵᠢᠭᠤᠯᠤᠯᠲᠠ᠎ᠶ᠋ᠢ ᠨᠡᠩ ᠰᠠᠢᠲᠤᠷ ᠠᠳᠭᠤᠬᠤ ᠬᠡᠷᠡᠭ᠌ᠲᠡᠢ᠃ ᠬᠠᠳᠠᠭᠠᠰᠤ ᠬᠠᠳᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠵᠠᠰᠠᠭ᠎ᠤᠨ ᠠᠵᠢᠯ᠎ᠤᠨ ᠠᠮᠵᠢᠯᠲᠠ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠪᠣᠳᠠᠲᠤ ᠪᠠᠢᠳᠠᠯ᠎ᠢ ᠪᠠᠢᠴᠠᠭᠠᠨ᠂ ᠪᠣᠳᠠᠲᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ᠎ᠶ᠋ᠢ ᠡᠷᠬᠢᠮᠯᠡᠨ᠂ ᠬᠡᠯᠪᠡᠷᠢ᠎ᠶ᠋ᠢᠨ ᠦᠵᠡᠯ᠎ᠢ ᠡᠷᠡᠰ ᠰᠡᠷᠭᠡᠢᠯᠡᠨ ᠲᠡᠪᠴᠢᠵᠦ᠂ ᠥᠩᠭᠡᠪᠴᠢ ᠲᠡᠳᠦᠢ ᠳᠦᠷᠢ ᠲᠥᠷᠬᠦ᠌᠎ᠶ᠋ᠢᠨ ᠢᠨᠵᠧᠨᠧᠷᠢᠩ᠂ ᠠᠷᠠᠳ᠎ᠢ ᠵᠦᠳᠡᠭᠡᠵᠦ᠍ ᠡᠳ᠋᠎ᠢ ᠰᠦᠢᠳᠭᠡᠬᠦ᠌ ᠵᠠᠰᠠᠭ᠎ᠤᠨ ᠠᠵᠢᠯ᠎ᠤᠨ ᠠᠮᠵᠢᠯᠲᠠ᠎ᠶ᠋ᠢᠨ ᠢᠨᠵᠧᠨᠧᠷᠢᠩ᠎ᠢ ᠬᠢᠬᠦ᠌᠎ᠶ᠋ᠢ ᠡᠷᠡᠰ ᠴᠡᠭᠡᠷᠯᠡᠬᠦ᠌ ᠬᠡᠷᠡᠭ᠌ᠲᠡᠢ》 ᠭᠡᠵᠦ ᠴᠢᠬᠤᠯᠠᠴᠢᠯᠠᠪᠠ᠃ ᠨᠠᠢᠳᠠᠪᠤᠷᠢᠵᠢᠭᠤᠯᠤᠯᠲᠠ᠎ᠶ᠋ᠢ ᠠᠳᠭᠤᠬᠤ ᠪᠣᠯ ᠨᠠᠮ᠎ᠤᠨ ᠤᠯᠤᠰ ᠲᠦᠷᠦ᠍᠎ᠶ᠋ᠢᠨ ᠱᠤᠭᠤᠮ᠂ ᠦᠵᠡᠯ ᠰᠠᠨᠠᠭᠠᠨ᠎ᠤ ᠱᠤᠭᠤᠮ᠂ ᠤᠯᠠᠨ ᠲᠦᠮᠡᠨᠴᠢ ᠱᠤᠭᠤᠮ᠎ᠤᠨ ᠦᠨᠳᠦᠰᠦᠨ ᠱᠠᠭᠠᠷᠳᠠᠯᠭ᠎ᠠ ᠮᠥᠨ᠂ ᠪᠠᠰᠠ ᠴᠤ᠌ ᠤᠳᠤᠷᠢᠳᠭᠤ ᠺᠠᠳ᠋ᠷ᠎ᠤᠨ ᠨᠠᠮᠴᠢ ᠴᠢᠨᠠᠷ ᠪᠠ ᠵᠠᠰᠠᠭ᠎ᠤᠨ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠬᠡᠮᠵᠢᠬᠦ᠌ ᠴᠢᠬᠤᠯᠠ ᠱᠢᠨᠵᠢ ᠲᠡᠮᠳᠡᠭ ᠮᠥᠨ ᠭᠡᠳᠡᠭ᠎ᠢ ᠭᠦᠨᠵᠡᠭᠡᠢ ᠲᠠᠨᠢᠬᠤ ᠬᠡᠷᠡᠭ᠌ᠲᠡᠢ᠃ ᠬᠡᠷᠡᠭ᠌ᠵᠢᠭᠦᠯᠬᠦ᠌ ᠲᠥᠰᠦᠯ᠎ᠢ ᠰᠠᠢᠲᠤᠷ ᠲᠣᠭ᠍ᠲᠠᠭᠠᠵᠤ᠂ ᠨᠠᠷᠢᠯᠢᠭ ᠤᠨᠤᠴᠠᠲᠠᠢ ᠪᠡᠷ ᠠᠷᠭ᠎ᠠ ᠪᠤᠳᠤᠯᠭ᠎ᠠ ᠬᠡᠷᠡᠭ᠌ᠵᠢᠭᠦᠯᠬᠦ᠌᠂ ᠴᠠᠭ᠎ᠲᠤᠨᠢ ᠲᠤᠬᠢᠷᠠᠭᠤᠯᠤᠨ ᠵᠣᠬᠢᠰᠲᠠᠢ ᠪᠠᠢᠯᠭᠠᠬᠤ᠂ ᠴᠢᠳᠠᠯ᠎ᠤᠨ ᠬᠢᠷᠢ᠎ᠪᠡᠷ᠎ᠢᠶᠡᠨ ᠬᠢᠬᠦ᠌᠂ ᠪᠣᠳᠠᠲᠠᠢ᠎ᠡᠴᠡ ᠰᠠᠯᠤᠩᠭᠢᠷᠠᠬᠤ᠎ᠶ᠋ᠢ ᠴᠢᠩᠭ᠎ᠠ ᠴᠡᠭᠡᠷᠯᠡᠬᠦ᠌ ᠬᠡᠷᠡᠭ᠌ᠲᠡᠢ᠃ ᠲᠣᠭ᠍ᠲᠠᠭᠤᠨ᠎ᠪᠠᠢᠯᠭᠠᠬᠤ ᠵᠢᠨ ᠵᠡᠷᠭᠡ᠎ᠳᠤ ᠤᠷᠤᠭᠰᠢᠯᠠᠭᠤᠯᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠦᠵᠡᠯ ᠰᠠᠨᠠᠭ᠎ᠠ᠎ᠪᠠᠨ ᠴᠢᠯᠥᠭᠡᠯᠡᠬᠦ᠌᠂ ᠦᠨᠡᠨ᠎ᠡᠴᠡ ᠵᠥᠪ᠎ᠢ ᠡᠷᠢᠬᠦ᠌᠂ ᠴᠠᠭ ᠦᠶ᠎ᠡ᠎ᠲᠠᠢ ᠵᠡᠷᠭᠡ᠎ᠪᠠᠷ ᠤᠷᠤᠭ᠍ᠰᠢᠯᠠᠬᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌᠎ᠶ᠋ᠢ ᠪᠠᠷᠢᠮᠲᠠᠯᠠᠬᠤ ᠬᠡᠷᠡᠭ᠌ᠲᠡᠢ᠃ ᠵᠣᠬᠢᠶᠠᠨ ᠪᠠᠢᠭᠤᠯᠵᠤ ᠤᠳᠤᠷᠢᠳᠭᠤ᠎ᠪᠠᠨ ᠴᠢᠩᠭᠠᠳᠭᠠᠵᠤ᠂ ᠺᠠᠳ᠋ᠷᠴᠤᠳ᠎ᠤᠨ ᠵᠠᠮ ᠨᠡᠭᠡᠭᠡᠨ ᠤᠷᠤᠭ᠍ᠰᠢᠯᠠᠬᠤ᠂ ᠠᠵᠢᠯ ᠬᠢᠵᠦ᠍ ᠦᠢᠯᠡᠰ ᠪᠤᠰᠭᠠᠬᠤ᠎ᠶ᠋ᠢ ᠵᠣᠷᠢᠭ᠍ᠵᠢᠭᠤᠯᠵᠤ᠂ ᠨᠠᠮ᠎ᠤᠨ ᠲᠥᠪ ᠬᠣᠷᠢᠶᠠᠨ᠎ᠤ ᠥᠭᠡᠷᠡᠴᠢᠯᠡᠯᠲᠡ᠎ᠶ᠋ᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢᠨ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠡ ᠬᠦ᠌ ᠪᠠᠲᠤᠯᠠᠬᠤ ᠬᠡᠷᠡᠭ᠌ᠲᠡᠢ᠃

ᠬᠠᠮᠲᠤ᠎ᠶ᠋ᠢᠨ ᠲᠠᠨᠢᠯᠲᠠ ᠪᠣᠯ ᠡᠷᠡᠮᠡᠬᠡᠢᠯᠡᠨ ᠤᠷᠤᠭ᠍ᠰᠢᠯᠠᠬᠤ ᠬᠥᠳᠡᠯᠭᠡᠭᠴᠢ ᠬᠦᠴᠦᠨ ᠮᠥᠨ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠳᠦ ᠡᠷᠬᠡᠪᠰᠢ ᠬᠠᠮᠲᠤ᠎ᠶ᠋ᠢᠨ ᠲᠠᠨᠢᠯᠲᠠ᠎ᠪᠠᠨ ᠨᠡᠮᠡᠭ᠌ᠳᠡᠭᠦᠯᠬᠦ᠌ ᠬᠡᠷᠡᠭ᠌ᠲᠡᠢ᠃ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ᠎ᠦ ᠢᠳᠡᠪᠬᠢᠵᠢᠯ ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠭᠦᠢᠴᠡᠳ ᠳᠠᠢ᠌ᠴᠢᠯᠠᠵᠤ᠂ ᠰᠡᠳᠭᠢᠯ ᠨᠢᠭᠡᠲᠦᠨ ᠬᠦᠴᠦ ᠪᠡᠨ ᠬᠠᠮᠲᠤᠳᠬᠠᠬᠤ ᠬᠡᠷᠡᠭ᠌ᠲᠡᠢ᠃ 《ᠠᠷᠠᠳ ᠤᠯᠠᠨ ᠪᠣᠯ ᠬᠦᠴᠦᠨ ᠴᠢᠳᠠᠯ᠎ᠤᠨ ᠨᠡᠯᠦᠭᠡᠷ ᠶᠡᠬᠡ ᠳᠠᠯᠠᠢ ᠪᠣᠯᠬᠤ᠎ᠪᠠᠷ ᠪᠠᠷᠠᠬᠤ ᠦᠭᠡᠢ ᠪᠠᠰᠠ ᠴᠤ᠌ ᠤᠶᠤᠨ ᠤᠬᠠᠭᠠᠨ᠎ᠤ ᠨᠡᠯᠦᠭᠡᠷ ᠶᠡᠬᠡ ᠳᠠᠯᠠᠢ ᠪᠣᠯᠤᠨ᠎ᠠ》᠃ ᠪᠠᠢᠴᠠᠭᠠᠨ ᠰᠤᠳᠤᠯᠤᠯᠲᠠ᠎ᠶ᠋ᠢ ᠶᠡᠬᠡ᠎ᠪᠡᠷ ᠥᠷᠨᠢᠭᠦᠯᠵᠦ᠍ ᠂ ᠣᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ ᠂ ᠬᠡᠷᠡᠭ᠌ᠴᠡᠭᠡ᠂ ᠠᠷᠭ᠎ᠠ ᠪᠣᠳᠣᠯᠭ᠎ᠠ᠎ᠶ᠋ᠢ ᠠᠷᠠᠳ᠎ᠡᠴᠡ ᠠᠰᠠᠭᠤᠵᠤ᠂ ᠦᠨᠳᠦᠰᠦᠨ ᠱᠠᠲᠤ ᠪᠠ ᠣᠯᠠᠨ ᠲᠦᠮᠡᠨ᠎ᠦ ᠤᠤᠭᠠᠯ ᠡᠭᠦᠳᠦᠯᠲᠡ ᠵᠢᠨ ᠵᠣᠷᠢᠭ ᠰᠠᠨᠠᠭ᠎ᠠ᠎ᠶ᠋ᠢ ᠬᠦᠨᠳᠦᠳᠭᠡᠵᠦ᠍᠂ ᠠᠷᠠᠳ ᠣᠯᠠᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠶᠠᠪᠤᠳᠠᠯ᠎ᠤᠨ ᠳᠤᠮᠳᠠ᠎ᠡᠴᠡ ᠥᠭᠡᠷᠡᠴᠢᠯᠡᠯᠲᠡ᠎ᠶ᠋ᠢᠨ ᠬᠦᠴᠦᠯᠡᠬᠦ᠌ ᠴᠡᠭ ᠪᠠ ᠱᠢᠪᠲᠤᠯᠤᠯᠲᠠ᠎ᠶ᠋ᠢᠨ ᠴᠡᠭ᠎ᠢ ᠣᠨᠣᠪᠴᠢᠲᠠᠶ ᠣᠯᠬᠤ ᠵᠢ ᠴᠢᠬᠤᠯᠠᠴᠢᠯᠠᠵᠤ᠂ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠮᠡᠳᠡᠷᠡᠮᠵᠢ᠎ᠶ᠋ᠢ ᠨᠡᠮᠡᠭ᠌ᠳᠡᠭᠦᠯᠬᠦ᠌ ᠬᠡᠷᠡᠭ᠌ᠲᠡᠶ᠃ ᠠᠷᠠᠳᠴᠢᠯᠠᠯ᠎ᠢ ᠪᠠᠳᠠᠷᠠᠭᠤᠯᠬᠤ᠂ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠬᠦ᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢᠨ ᠱᠢᠢᠳᠪᠦᠷᠢᠲᠦ ᠪᠤᠳᠤᠯᠭ᠎ᠠ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ ᠪᠠ ᠥᠭᠡᠷᠡᠴᠢᠯᠡᠯᠲᠡ᠎ᠶ᠋ᠢ ᠨᠠᠢᠳᠠᠪᠤᠷᠢᠵᠢᠭᠤᠯᠬᠤ ᠵᠢᠨ ᠬᠡᠷᠡᠭ᠌ᠵᠢᠭᠦᠯᠬᠦ᠌ ᠬᠦᠴᠦᠨ᠎ᠢ ᠴᠢᠩᠭᠠᠳᠭᠠᠬᠤ ᠬᠡᠷᠡᠭ᠌ᠲᠡᠢ᠃ ᠡᠯ᠎ᠡ ᠲᠠᠯ᠎ᠠ᠎ᠶ᠋ᠢᠨ ᠥᠭᠡᠷᠡᠴᠢᠯᠡᠯᠲᠡ᠎ᠶ᠋ᠢᠨ ᠢᠳᠡᠪᠬᠢᠵᠢᠯ᠎ᠢ ᠭᠦᠢᠴᠡᠳ ᠳᠠᠢᠴᠢᠯᠠᠨ᠂ ᠥᠭᠡᠷᠡᠴᠢᠯᠡᠯᠲᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠪᠣᠳᠠᠲᠤ ᠠᠮᠵᠢᠯᠲᠠ ᠪᠦᠲᠦᠮᠵᠢ ᠪᠣᠯᠤᠨ ᠠᠷᠠᠳ ᠣᠯᠠᠨ᠎ᠤ ᠬᠠᠨᠤᠮᠵᠢ ᠲᠠᠢ ᠪᠠᠢᠬᠤ ᠬᠡᠮᠵᠢᠶ᠎ᠡ᠎ᠪᠡᠷ ᠥᠭᠡᠷᠡᠴᠢᠯᠡᠯᠲᠡ᠎ᠶ᠋ᠢ ᠱᠢᠯᠭᠠᠪᠠᠯ᠂ ᠥᠭᠡᠷᠡᠴᠢᠯᠡᠯᠲᠡ᠎ᠶ᠋ᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠯᠠᠪᠲᠠᠶ ᠪᠦᠷᠢᠯᠳᠦᠭᠦᠯᠵᠦ᠍ ᠴᠢᠳᠠᠬᠤ ᠶᠤᠮ᠃

ᠱᠢᠨ᠎ᠡ ᠭᠠᠷᠤᠭ᠎ᠠ᠂ ᠱᠢᠨ᠎ᠡ ᠪᠠᠢᠷᠢᠯᠠᠭᠤᠯᠤᠯᠲᠠ᠂ ᠱᠢᠨ᠎ᠡ ᠡᠬᠢᠯᠡᠯᠲᠡ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠡᠴᠡ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠠᠷᠠᠭᠤᠯ ᠢᠷᠡᠭᠡᠳᠦᠶ᠎ᠶ᠋ᠢ ᠨᠡᠭᠡᠭᠡᠬᠦ᠌ ᠴᠠᠭ ᠦᠶ᠎ᠡ᠎ᠶ᠋ᠢᠨ ᠪᠦᠷᠢᠶ᠎ᠡ᠎ᠶ᠋ᠢ ᠬᠠᠩᠭᠢᠨᠠᠭᠤᠯᠪᠠ᠃ ᠰᠢ ᠵᠢᠨ ᠫᠢᠩ ᠨᠥᠬᠥᠷ᠎ᠢᠶᠡᠷ ᠭᠤᠤᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍ ᠂ ᠥᠭᠡᠷᠡᠴᠢᠯᠡᠯᠲᠡ ᠨᠡᠭᠡᠭᠡᠯᠲᠡ᠎ᠶ᠋ᠢᠨ ᠲᠣᠭ᠎ᠢ ᠥᠨᠳᠥᠷ ᠮᠠᠨᠳᠤᠭᠤᠯᠵᠤ᠂ ᠡᠷᠡᠮᠡᠬᠡᠢᠯᠡᠨ ᠲᠡᠮᠡᠴᠡᠵᠦ᠍ ᠵᠢᠳᠬᠦᠯ ᠴᠢᠷᠮᠠᠢᠯᠭ᠎ᠠ ᠭᠠᠷᠭᠠᠵᠤ᠂ ᠵᠠᠮ ᠨᠡᠭᠡᠭᠡᠨ ᠤᠷᠤᠭ᠍ᠰᠢᠯᠠᠪᠠᠯ᠂ ᠪᠢᠳᠡ ᠯᠠᠪᠲᠠᠶ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠱᠢᠨ᠎ᠡ ᠠᠶᠠᠨ᠎ᠳᠤ ᠨᠠᠩ ᠶᠡᠬᠡ ᠱᠢᠨ᠎ᠡ ᠭᠠᠢᠬᠠᠮᠱᠢᠭ᠎ᠢ ᠡᠭᠦᠳᠴᠦ᠍ ᠴᠢᠳᠠᠨ᠎ᠠ᠃

(ᠱᠢᠨᠬᠤᠸᠠ ᠬᠣᠷᠢᠶᠠᠨ᠎ᠤ ᠪᠡᠭᠡᠵᠢᠩ᠎ᠦᠨ 7 ᠰᠠᠷ᠎ᠠ᠎ᠶ᠋ᠢᠨ 24 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面